2022-04-15 10:10:27
3 ᠰᠠᠷ᠎ᠠ ᠵᠢᠨ 26 ᠤ᠋ ᠡᠳᠦᠷ ᠡᠴᠡ 4 ᠰᠠᠷ᠎ᠠ ᠵᠢᠨ 12 ᠤ᠋ᠨ ᠡᠳᠦᠷ ᠪᠤᠯᠳᠠᠯ᠎ᠠ᠂ ᠲᠦᠪ ᠤ᠋ᠨ ᠠᠮᠢ ᠠᠬᠤᠢ ᠤᠷᠴᠢᠨ ᠲᠤᠭᠤᠷᠢᠨ ᠤ᠋ ᠬᠠᠮᠠᠭᠠᠯᠠᠯᠳᠠ ᠵᠢᠨ ᠭᠤᠷᠪᠠᠳᠤᠭᠠᠷ ᠱᠠᠯᠠᠪᠳᠠᠭᠤᠯᠤᠨ ᠪᠠᠢᠴᠠᠭᠠᠬᠤ ᠲᠤᠭᠤᠢᠯᠠᠩ (ᠳᠤᠷᠤᠬᠰᠢ 《ᠲᠦᠪ ᠤ᠋ᠨ ᠱᠠᠯᠠᠪᠳᠠᠭᠤᠯᠤᠨ ᠪᠠᠢᠴᠠᠭᠠᠬᠤ ᠲᠤᠭᠤᠢᠯᠠᠩ》 ᠭᠡᠵᠤ ᠲᠦᠭᠦᠮᠴᠢᠯᠡᠪᠡ) ᠡᠴᠡ ᠮᠠᠨ ᠤ᠋ ᠤᠷᠤᠨ ᠳ᠋ᠦ 18 ᠪᠦᠯᠦᠭ ᠨᠡᠢᠳᠡ 1440 ᠬᠤᠪᠢ ᠢᠯᠡᠴᠢᠯᠡᠨ ᠮᠡᠳᠡᠭᠦᠯᠦᠭᠰᠡᠨ ᠬᠡᠷᠡᠭ ᠢ᠋ ᠰᠢᠢᠳᠪᠦᠷᠢᠯᠡᠭᠦᠯᠬᠦ ᠪᠡᠷ ᠲᠤᠰᠢᠶᠠᠵᠠᠢ᠃ ᠲᠦᠪ ᠤ᠋ᠨ ᠱᠠᠯᠠᠪᠳᠠᠭᠤᠯᠤᠨ ᠪᠠᠢᠴᠠᠭᠠᠬᠤ ᠲᠤᠭᠤᠢᠯᠠᠩ ᠤ᠋ᠨ ᠠᠵᠢᠯ ᠤ᠋ᠨ ᠱᠠᠭᠠᠷᠳᠠᠯᠭ᠎ᠠ ᠶᠤᠰᠤᠭᠠᠷ᠂ ᠤᠳᠤᠬᠠᠨ ᠳ᠋ᠦ ᠪᠥᠬᠥ᠌ ᠣᠷᠣᠨ ᠢ᠋ᠶ᠋ᠡᠷ ᠢ᠋ᠶ᠋ᠡᠨ ᠠᠷᠪᠠᠳᠤᠭᠠᠷ ᠪᠦᠯᠦᠭ ᠤ᠋ᠨ 96 ᠬᠤᠪᠢ ᠵᠠᠬᠢᠳᠠᠯ ᠰᠤᠷᠪᠤᠯᠵᠢᠯᠠᠯ ᠤ᠋ᠨ ᠬᠡᠷᠡᠭ ᠲᠦ᠍ ᠪᠠᠢᠴᠠᠭᠠᠨ ᠱᠢᠶ᠋ᠳᠪᠦᠷᠢᠯᠡᠯᠳᠡ ᠬᠢᠵᠦ ᠪᠤᠢ᠃ ᠡᠭᠦᠨ ᠳ᠋ᠤ᠂ 31 ᠬᠤᠪᠢ ᠵᠢ ᠨᠢ ᠨᠢᠭᠡᠨᠲᠡ ᠱᠢᠶ᠋ᠳᠪᠦᠷᠢᠯᠡᠨ ᠳᠠᠭᠤᠰᠭᠠᠵᠤ᠂ 33 ᠬᠤᠪᠢ ᠵᠢ ᠨᠢ ᠱᠠᠲᠤᠴᠢ ᠴᠢᠨᠠᠷᠲᠠᠶ ᠪᠡᠷ ᠱᠢᠶ᠋ᠳᠪᠦᠷᠢᠯᠡᠨ ᠳᠠᠭᠤᠰᠬᠠᠵᠤ᠂ 32 ᠬᠤᠪᠢ ᠵᠢ ᠨᠢ ᠬᠠᠷᠠᠬᠠᠨ ᠱᠢᠶ᠋ᠳᠪᠦᠷᠢᠯᠡᠵᠤ ᠪᠠᠷᠠᠭᠠᠳᠤᠢ; 8 ᠵᠢ ᠨᠢ ᠵᠠᠷᠯᠢᠭ᠍ᠳᠠᠵᠦ ᠴᠡᠭ᠌ᠴᠡᠯᠡᠨ ᠰᠠᠢᠵᠢᠷᠠᠭᠤᠯᠵᠤ᠂ 1 ᠵᠢ ᠨᠢ ᠬᠡᠷᠡᠭ ᠪᠣᠯᠭᠠᠨ ᠳᠡᠩᠰᠡᠯᠡᠨ ᠱᠢᠢᠳᠭᠡᠵᠦ᠍᠂ 6.99 ᠲᠦᠮᠡᠨ ᠲᠥᠭᠥᠷᠢᠭ ᠤ᠋ᠨ ᠵᠣᠭᠣᠰ ᠢ᠋ᠶ᠋ᠡᠷ ᠲᠣᠷᠭᠠᠨ᠂ 4 ᠬᠡᠷᠡᠭ ᠢ᠋ ᠬᠡᠷᠡᠭ ᠪᠣᠯᠭᠠᠨ ᠳᠡᠩᠰᠡᠯᠡᠵᠦ ᠲᠠᠩᠨᠠᠨ ᠪᠠᠢᠴᠠᠭᠠᠵᠤ᠂ 3 ᠬᠦᠮᠦᠨ ᠢ᠋ ᠡᠷᠡᠭᠦᠦ ᠶ᠋ᠢᠨ ᠬᠡᠷᠡᠭ ᠢ᠋ᠶ᠋ᠡᠷ ᠲᠦᠷ ᠬᠤᠷᠢᠵᠤ᠂ 1 ᠬᠥᠮᠦᠨ ᠡᠴᠡ ᠬᠠᠷᠢᠭᠤᠴᠠᠯᠭ᠎ᠠ ᠨᠡᠬᠡᠮᠵᠢᠯᠡᠪᠡ ᠃
4 ᠰᠠᠷ᠎ᠠ ᠶ᠋ᠢᠨ 12 ᠤ᠋ᠨ ᠡᠳᠦᠷ ᠪᠤᠯᠲᠠᠯ᠎ᠠ᠂ ᠪᠦᠬᠦ ᠤᠷᠤᠨ ᠢ᠋ᠶ᠋ᠡᠷ ᠢ᠋ᠶ᠋ᠡᠨ ᠨᠢᠭᠡᠳᠤᠬᠡᠷ ᠪᠦᠯᠦᠭ ᠡᠴᠡ ᠠᠷᠪᠠᠳᠤᠭᠠᠷ ᠪᠦᠯᠦᠭ ᠤ᠋ᠨ 684 ᠬᠤᠪᠢ ᠵᠠᠬᠢᠳᠠᠯ ᠰᠤᠷᠪᠤᠯᠵᠢᠯᠠᠯ ᠤ᠋ᠨ ᠬᠡᠷᠡᠭ ᠲᠦ᠍ ᠪᠠᠢᠴᠠᠭᠠᠨ ᠱᠢᠶ᠋ᠳᠪᠦᠷᠢᠯᠡᠯᠳᠡ ᠬᠢᠵᠦ ᠪᠠᠢᠨ᠎ᠠ ᠃ ᠡᠭᠦᠨ ᠳ᠋ᠤ᠂ 279 ᠬᠤᠪᠢ ᠵᠢ ᠨᠢ ᠨᠢᠭᠡᠨᠲᠡ ᠱᠢᠶ᠋ᠳᠪᠦᠷᠢᠯᠡᠨ ᠳᠠᠭᠤᠰᠭᠠᠵᠤ᠂ 220 ᠬᠤᠪᠢ ᠵᠢ ᠨᠢ ᠱᠠᠲᠤᠴᠢ ᠴᠢᠨᠠᠷᠲᠠᠶ ᠪᠡᠷ ᠱᠢᠶ᠋ᠳᠪᠦᠷᠢᠯᠡᠨ ᠳᠠᠭᠤᠰᠭᠠᠵᠤ᠂ 185 ᠬᠤᠪᠢ ᠵᠢ ᠨᠢ ᠬᠠᠷᠠᠬᠠᠨ ᠱᠢᠶ᠋ᠳᠪᠦᠷᠢᠯᠡᠵᠦ ᠪᠠᠷᠠᠭᠠᠳᠤᠢ; 307 ᠵᠢ ᠨᠢ ᠵᠠᠷᠯᠢᠭ᠍ᠳᠠᠵᠦ ᠴᠡᠭ᠌ᠴᠡᠯᠡᠨ ᠰᠠᠢᠵᠢᠷᠠᠭᠤᠯᠵᠤ᠂ 44 ᠵᠢ ᠨᠢ ᠬᠡᠷᠡᠭ ᠪᠣᠯᠭᠠᠨ ᠳᠡᠩᠰᠡᠯᠡᠨ ᠱᠢᠢᠳᠭᠡᠵᠦ᠍᠂ 199.8548 ᠲᠦᠮᠡᠨ ᠲᠥᠭᠥᠷᠢᠭ ᠤ᠋ᠨ ᠵᠣᠭᠣᠰ ᠢ᠋ᠶ᠋ᠡᠷ ᠲᠣᠷᠭᠠᠨ᠂ 20 ᠬᠡᠷᠡᠭ ᠢ᠋ ᠬᠡᠷᠡᠭ ᠪᠣᠯᠭᠠᠨ ᠳᠡᠩᠰᠡᠯᠡᠵᠦ ᠲᠠᠩᠨᠠᠨ ᠪᠠᠢᠴᠠᠭᠠᠵᠤ᠂ 7 ᠬᠦᠮᠦᠨ ᠢ᠋ ᠡᠷᠡᠭᠦᠦ ᠶ᠋ᠢᠨ ᠬᠡᠷᠡᠭ ᠢ᠋ᠶ᠋ᠡᠷ ᠲᠦᠷ ᠬᠤᠷᠢᠵᠤ᠂ 39 ᠬᠥᠮᠦᠨ ᠲᠡᠶ ᠪᠣᠯᠵᠣᠨ ᠶᠠᠷᠢᠯᠴᠠᠵᠤ᠂ 25 ᠬᠥᠮᠦᠨ ᠡᠴᠡ ᠬᠠᠷᠢᠭᠤᠴᠠᠯᠭ᠎ᠠ ᠨᠡᠬᠡᠮᠵᠢᠯᠡᠪᠡ ᠃
ᠲᠥᠪ ᠤ᠋ᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ ᠤ᠋ᠨ ᠱᠠᠯᠠᠪᠳᠠᠭᠤᠯᠤᠨ ᠪᠠᠢᠴᠠᠭᠠᠬᠤ ᠶ᠋ᠢᠨ ᠳᠠᠭᠠᠤ ᠬᠠᠯᠠᠨ ᠰᠠᠢᠵᠢᠷᠠᠭᠤᠯᠬᠤ ᠠᠵᠢᠯ ᠤ᠋ᠨ ᠱᠠᠭᠠᠷᠳᠠᠯᠭ᠎ᠠ ᠶᠣᠰᠣᠭᠠᠷ᠂ ᠬᠠᠮᠢᠶ᠎ᠠ ᠪᠦᠬᠦᠢ ᠬᠡᠷᠡᠭ ᠢ᠋ ᠪᠠᠢᠴᠠᠭᠠᠨ ᠱᠢᠢᠳᠪᠦᠷᠢᠯᠡᠵᠦ᠍ ᠴᠡᠭ᠌ᠴᠡᠯᠡᠵᠦ ᠰᠠᠢᠵᠢᠷᠠᠭᠤᠯᠬᠤ ᠠᠵᠢᠯ ᠢ᠋ ᠦᠷᠭᠦᠯᠵᠢᠯᠡᠨ ᠠᠬᠢᠭᠤᠯᠵᠤ ᠪᠠᠢᠨ᠎ᠠ᠃
ᠠᠷᠪᠠᠳᠤᠭᠠᠷ ᠪᠦᠯᠦᠭ ᠤ᠋ᠨ ᠪᠦᠬᠦ ᠬᠡᠷᠡᠭ ᠢ᠋ ᠭᠦᠢᠴᠡᠳᠭᠡᠭᠰᠡᠨ ᠪᠠᠢᠳᠠᠯ ᠢ᠋ ᠤᠢᠯᠠᠭᠠᠶᠠ ᠬᠡᠪᠡᠯ ᠬᠤᠶᠠᠷ ᠬᠡᠮᠵᠢᠯᠳᠤ ᠺᠤᠳ᠋ ᠢ᠋ ᠰᠢᠷᠪᠢᠬᠡᠷᠡᠢ ᠃

- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃