2022-04-13 09:29:39
4 ᠰᠠᠷ᠎ᠠ ᠶ᠋ᠢᠨ 7 ᠤ᠋ ᠡᠳᠦᠷ ᠪᠠ 11 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢᠩᠭᠤ᠎ᠶ᠋ᠢᠨ ᠭᠡᠱᠢᠭᠦᠨ᠂ ᠥᠪᠡᠷᠲᠡᠭᠡᠨ ᠵᠠᠰᠠᠬᠤ ᠣᠷᠣᠨ᠎ᠤ ᠪᠠᠢᠩᠭᠤ᠎ᠶ᠋ᠢᠨ ᠳᠡᠳ᠋ ᠲᠡᠷᠢᠭᠦᠯᠡᠭ᠌ᠴᠢ ᠬᠤᠸᠠᠩ ᡁᠢ ᠴᠢᠶᠠᠩ ᠤᠷᠢᠳᠴᠢᠯᠠᠨ ᠮᠡᠳᠡᠭ᠌ᠳᠡᠭ᠌ᠰᠡᠨ ᠦᠭᠡᠢ᠎ᠪᠡᠷ ᠱᠢᠭᠤᠳ ᠨᠢᠭᠡᠳᠦᠭᠡᠷ ᠹᠷᠣᠨᠲ᠎ᠲᠤ ᠬᠦᠷᠴᠦ᠍᠂ ᠲᠤᠰ ᠲᠤᠰ ᠤᠷᠳᠤᠰ ᠬᠤᠳᠠ᠎ᠶ᠋ᠢᠨ ᠲᠠᠯᠠᠳ ᠬᠣᠱᠢᠭᠤ ᠪᠠ ᠦᠬᠠᠢ ᠬᠤᠳᠠ᠎ᠶ᠋ᠢᠨ ᠤᠳᠠ ᠵᠢᠨ ᠲᠤᠬᠤᠢ ᠲᠣᠭᠣᠷᠢᠭ ᠲᠤ ᠬᠦᠷᠴᠦ᠍᠂ ᠲᠥᠪ ᠦᠨ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ ᠡᠴᠡ ᠬᠦᠢᠴᠡᠳᠭᠡᠬᠦᠯᠬᠦ ᠪᠠᠷ ᠱᠢᠯᠵᠢᠭᠦᠯᠦᠨ ᠲᠤᠰᠢᠶᠠᠭᠰᠠᠨ ᠵᠠᠬᠢᠳᠠᠯ ᠰᠤᠷᠪᠤᠯᠵᠢᠯᠠᠯ ᠤᠨ ᠬᠡᠷᠡᠭ ᠢ ᠴᠡᠭ᠌ᠴᠡᠯᠡᠨ ᠰᠠᠢᠵᠢᠷᠠᠭᠤᠯᠵᠤ ᠪᠠᠢᠭ᠎ᠠ ᠪᠠᠢᠳᠠᠯ ᠢ ᠲᠤᠬᠠᠢ ᠶ᠋ᠢᠨ ᠲᠠᠯᠠᠪᠠᠢ ᠳᠤ ᠱᠠᠯᠠᠪᠳᠠᠭᠤᠯᠤᠨ ᠰᠢᠢᠳᠪᠤᠷᠢᠯᠡᠬᠦᠯᠪᠡ᠃
ᠳᠠᠯᠠᠳ ᠬᠣᠱᠢᠭᠤᠨ᠎ᠳᠤ᠂ ᠬᠤᠸᠠᠩ ᡁᠢ ᠴᠢᠶᠠᠩ ᠱᠠᠭᠢᠮᠤᠨᠢ᠎ᠶ᠋ᠢᠨ ᠵᠤᠤ ᠰᠢᠶᠠᠡᠭ ᠤ᠋ᠨ ᠶᠢᠩ ᠫᠠᠨ ᠬᠣᠷᠱᠢᠶ᠎ᠠ᠂ ᠳᠠᠯᠠᠳ᠎ᠤᠨ ᠴᠠᠬᠢᠯᠭᠠᠨ᠎ᠤ ᠦᠶ᠋ᠯᠡᠳᠪᠦᠷᠢ᠂ ᠨᠡᠭᠦᠷᠡᠰᠦ ᠲᠡᠭᠡᠭᠡᠪᠦᠷᠢᠯᠡᠬᠦ᠌ ᠲᠤᠰᠭᠠᠶ ᠱᠤᠭᠤᠮ ᠵᠢᠴᠢ ᠵᠢᠶ ᠳ᠋ᠦᠩ ᠱᠦᠶ᠋ᠨᠢ ᠶ᠋ᠢᠨ ᠦᠶ᠋ᠯᠡᠳᠪᠦᠷᠢ ᠳᠦ ᠬᠦᠷᠴᠦ᠍᠂ ᠣᠯᠠᠨ ᠲᠦᠮᠡᠨ᠎ᠦ ᠲᠤᠰᠭᠠᠭ᠍ᠰᠠᠨ ᠭᠠᠵᠠᠷ ᠳᠤᠤᠷᠠᠬᠢ ᠤᠰᠤᠨ᠎ᠤ ᠪᠣᠬᠢᠷᠲᠤᠯ ᠪᠠ ᠨᠠᠷᠢᠨ ᠲᠣᠭᠣᠰᠣᠨ ᠤ ᠪᠣᠬᠢᠷᠲᠤᠯ ᠤᠨ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠵᠤ ᠪᠠᠢᠭ᠎ᠠ ᠪᠠᠢᠳᠠᠯ᠎ᠢ ᠲᠤᠬᠠᠶ᠎ᠶ᠋ᠢᠨ ᠭᠠᠵᠠᠷ᠎ᠲᠤᠨᠢ ᠬᠢᠨᠠᠨ ᠪᠠᠢᠴᠠᠭᠠᠵᠤ ᠱᠠᠯᠠᠪᠳᠠᠭᠤᠯᠤᠨ ᠱᠢᠶ᠋ᠳᠪᠦᠷᠢᠯᠡᠵᠦ᠍᠂ ᠲᠤᠬᠠᠶ᠎ᠶ᠋ᠢᠨ ᠭᠠᠵᠠᠷ᠎ᠤᠨ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠳᠤ ᠠᠮᠢ ᠠᠬᠤᠶ ᠣᠷᠴᠢᠨ ᠲᠣᠭᠣᠷᠢᠨ ᠤ ᠬᠠᠮᠠᠭᠠᠯᠠᠯᠲᠠ ᠶ᠋ᠢ ᠲᠡᠷᠢᠭᠦᠨ᠎ᠳᠦ ᠲᠠᠯᠪᠢᠵᠤ ᠂ ᠳᠡᠭᠡᠳᠦ ᠬᠡᠮᠵᠢᠶᠡᠨ ᠦ ᠬᠠᠷᠢᠭᠤᠴᠠᠯᠭᠠᠲᠤ ᠣᠪᠣᠷ ᠢᠶᠠᠷ ᠣᠯᠠᠨ ᠲᠦᠮᠡᠨ᠎ᠦ ᠵᠠᠬᠢᠳᠠᠯ ᠰᠤᠷᠪᠤᠯᠵᠢᠯᠠᠯ᠎ᠤᠨ ᠢᠯᠡᠴᠢᠯᠡᠨ ᠮᠡᠳᠡᠭᠦᠯᠦᠭ᠌ᠰᠡᠨ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠵᠤ᠂ ᠪᠠᠷᠢᠨ ᠬᠡᠷᠡᠭ᠌ᠵᠢᠭᠦᠯᠵᠦ᠍ ᠪᠠᠷᠢᠨ ᠰᠠᠢᠵᠢᠷᠠᠭᠤᠯᠵᠤ᠂ ᠦᠨᠡᠨ ᠬᠦ᠌ ᠰᠠᠢᠵᠢᠷᠠᠭᠤᠯᠵᠤ ᠪᠣᠳᠠᠲᠠᠶ ᠰᠠᠢᠵᠢᠷᠠᠭᠤᠯᠬᠤ ᠬᠡᠷᠡᠭᠳᠡᠢ᠃ ᠤᠰᠤᠨ ᠤ ᠴᠢᠨᠠᠷ ᠤᠨ ᠬᠢᠨᠠᠨ ᠬᠡᠮᠵᠢᠯᠲᠡ᠎ᠶ᠋ᠢ ᠴᠢᠩᠭᠠᠳᠭᠠᠵᠤ᠂ ᠤᠰᠤᠨ᠎ᠤ ᠡᠬᠢ ᠪᠠᠶᠠᠯᠢᠭ᠎ᠤᠨ ᠬᠠᠮᠠᠭᠠᠯᠠᠯᠲᠠ ᠶ᠋ᠢ ᠰᠠᠢᠲᠤᠷ ᠬᠢᠵᠦ᠍᠂ ᠭᠠᠵᠠᠷ ᠳᠣᠣᠷᠠᠬᠢ ᠤᠰᠤᠨ᠎ᠤ ᠡᠬᠢ ᠰᠤᠷᠪᠤᠯᠵᠢ ᠶ᠋ᠢ ᠶᠠᠭᠠᠬᠢᠭ᠍ᠰᠠᠨ ᠴᠤ᠌ ᠪᠣᠬᠢᠷᠲᠤᠭᠤᠯᠵᠤ ᠪᠣᠯᠬᠤ ᠦᠭᠡᠢ᠃ ᠨᠠᠷᠢᠨ ᠲᠣᠭᠣᠰᠣᠨ ᠤ ᠪᠣᠬᠢᠷᠲᠤᠯ᠎ᠢ ᠵᠠᠰᠠᠬᠤ ᠠᠵᠢᠯ᠎ᠢ ᠴᠢᠩᠭᠠᠳᠭᠠᠵᠤ᠂ ᠱᠢᠰᠲ᠋ᠧᠮ᠎ᠲᠡᠶ ᠵᠠᠰᠠᠬᠤ ᠂ ᠡᠬᠢ ᠡᠭᠦᠰᠦᠯ ᠡᠴᠡ ᠨᠢ ᠵᠠᠰᠠᠬᠤ ᠶ᠋ᠢ ᠴᠢᠩᠭᠠᠳᠭᠠᠵᠤ᠂ ᠨᠡᠭᠦᠷᠡᠰᠦ ᠵᠥᠭᠡᠭᠡᠪᠦᠷᠢᠯᠡᠬᠦ᠌ ᠲᠤᠰᠭᠠᠢ ᠱᠤᠭᠤᠮ᠎ᠤᠨ ᠥᠭᠡᠷᠡᠴᠢᠯᠡᠯᠲᠡ᠎ᠶ᠋ᠢ ᠲᠦᠷᠭᠡᠳᠭᠡᠨ ᠠᠬᠢᠭᠤᠯᠵᠤ᠂ ᠨᠡᠭᠦᠷᠡᠰᠦᠨ᠎ᠦ ᠲᠡᠭᠡᠭᠡᠪᠦᠷᠢ᠎ᠶ᠋ᠢ 《ᠵᠠᠰᠠᠮᠠᠯ ᠵᠠᠮ᠎ᠢᠶᠠᠷ ᠲᠡᠭᠡᠭᠡᠪᠦᠷᠢᠯᠡᠬᠦ᠌ ᠡᠴᠨ ᠲᠡᠮᠤᠷ ᠵᠠᠮ ᠵᠢᠡᠷ ᠲᠡᠭᠡᠭᠡᠪᠤᠷᠢᠯᠡᠬᠦ》᠂ 《ᠲᠠᠷᠠᠬᠠᠢ ᠪᠤᠲᠠᠷᠬᠠᠢᠡᠴᠨ ᠲᠥᠪᠯᠡᠷᠡᠭᠦᠯᠬᠦ᠌》 ᠵᠢ ᠠᠬᠢᠭᠤᠯᠵᠤ᠂ ᠦᠨᠳᠦᠰᠦ ᠡᠴᠡ ᠨᠢ ᠵᠠᠰᠠᠬᠤ ᠠᠷᠭ᠎ᠠ᠎ᠪᠠᠷ ᠠᠷᠬᠠᠭ ᠬᠡᠮ᠎ᠢ ᠱᠢᠢᠳᠪᠦᠷᠢᠯᠡᠬᠦ᠌ ᠬᠡᠷᠡᠭ᠌ᠲᠡᠢ ᠭᠡᠵᠦ ᠴᠢᠩᠭ᠎ᠠ ᠱᠠᠭᠠᠷᠳᠠᠪᠠ᠃
ᠬᠤᠸᠠᠩ ᡁᠢ ᠴᠢᠶᠠᠩ ᠤᠳᠠ ᠶ᠋ᠢᠨ ᠲᠤᠬᠤᠢ ᠲᠣᠭᠣᠷᠢᠭ ᠤᠨ ᠶᠤᠸᠠᠨ ᠬᠣᠩ ᠬᠢᠮᠢ ᠶ᠋ᠢᠨ ᠠᠵᠤ ᠦᠢᠯᠡᠳᠪᠦᠷᠢ ᠪᠠ ᠬᠣᠩ ᠢᠦᠢ ᠬᠢᠮᠢ᠎ᠶ᠋ᠢᠨ ᠠᠵᠤ ᠦᠢᠯᠡᠳᠪᠦᠷᠢ ᠳᠦ ᠭᠦᠨᠵᠡᠭᠡᠢᠷᠡᠵᠦ᠍᠂ ᠲᠤᠬᠠᠢ᠎ᠶ᠋ᠢᠨ ᠭᠠᠵᠠᠷ᠎ᠤᠨ ᠨᠠᠮ ᠤᠨ ᠬᠣᠷᠢᠢ᠎ᠠ ᠪᠣᠯᠤᠨ ᠵᠠᠰᠠᠭ᠎ᠤᠨ ᠣᠷᠳᠣᠨ᠎ᠳᠤ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠤᠯᠤᠰ ᠲᠦᠷᠦ᠍ ᠶ᠋ᠢᠨ ᠬᠠᠷᠢᠭᠤᠴᠠᠯᠭ᠎ᠠ᠎ᠪᠠᠨ ᠡᠷᠡᠰ ᠡᠭᠦᠷᠭᠡᠯᠡᠵᠦ᠍᠂ ᠣᠷᠴᠢᠨ ᠲᠣᠭᠣᠷᠢᠨ᠎ᠤ ᠬᠠᠤᠯᠢ ᠬᠡᠷᠡᠭ᠌ᠵᠢᠭᠦᠯᠬᠦ᠌ ᠬᠢᠨᠠᠯᠲᠠ ᠬᠠᠮᠢᠶᠠᠷᠤᠯᠲᠠ᠎ᠪᠠᠨ ᠴᠢᠩᠭᠠᠳᠭᠠᠵᠤ᠂ ᠣᠷᠣᠨ ᠪᠦᠰᠡ᠎ᠶ᠋ᠢᠨ ᠬᠣᠯᠪᠣᠭᠠᠯᠠᠨ ᠰᠡᠷᠭᠡᠢᠯᠡᠵᠦ᠍ ᠬᠣᠯᠪᠣᠭᠠᠯᠠᠨ ᠡᠵᠡᠮᠳᠡᠬᠦ᠌ ᠶ᠋ᠢ ᠴᠢᠩᠭᠠᠳᠭᠠᠵᠤ᠂ ᠠᠵᠤ ᠠᠬᠤᠢᠯᠠᠯ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ ᠶ᠋ᠢᠨ ᠭᠣᠣᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠴᠢᠨᠠᠭ᠍ᠰᠢᠳᠠ ᠪᠣᠳᠠᠲᠠᠢᠵᠢᠭᠤᠯᠵᠤ᠂ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠮᠡᠷᠭᠡᠵᠢᠯ᠎ᠦᠨ ᠥᠭᠡᠷᠡᠴᠢᠯᠡᠯᠲᠡ᠎ᠶ᠋ᠢᠨ ᠡᠷᠴᠢᠮ᠎ᠢᠶᠡᠨ ᠴᠢᠩᠭᠠᠷᠠᠭᠤᠯᠵᠤ᠂ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠤᠭ᠍ᠰᠠᠨ ᠪᠣᠳᠠᠲᠦ ᠦᠷ᠎ᠡ ᠪᠦᠲᠦᠮᠵᠢ᠎ᠪᠡᠷ ᠨᠡᠢᠭᠡᠮ ᠦᠨ ᠠᠩᠬᠠᠷᠤᠯ᠎ᠳᠤ ᠬᠠᠷᠢᠭᠤ ᠥᠭ᠌ᠴᠦ᠂ ᠤᠯᠠᠨ ᠲᠦᠮᠡᠨ ᠳᠦ ᠮᠡᠳᠡᠷᠡᠭ᠌ᠳᠡᠬᠦ᠌ ᠬᠡᠷᠡᠭ᠌ᠲᠡᠢ ᠭᠡᠵᠦ᠍ ᠱᠠᠭᠠᠷᠳᠠᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃