2022-04-13 09:20:25
3 ᠰᠠᠷ᠎ᠠ ᠶ᠋ᠢᠨ 26 ᠡᠴᠡ 4 ᠰᠠᠷ᠎ᠠ ᠶ᠋ᠢᠨ 10 ᠤ᠋ ᠡᠳᠦᠷ ᠪᠤᠯᠲᠠᠯ᠎ᠠ᠂ ᠲᠥᠪ ᠤ᠋ᠨ ᠠᠮᠢ ᠠᠬᠤᠢᠣᠷᠴᠢᠨ ᠲᠣᠭᠣᠷᠢᠨ ᠤ᠋ ᠬᠠᠮᠠᠭᠠᠯᠠᠯᠲᠠ ᠶ᠋ᠢᠨ ᠭᠤᠷᠪᠠᠳᠤᠭᠠᠷ ᠱᠠᠯᠠᠪᠳᠠᠭᠤᠯᠤᠨ ᠪᠠᠢᠴᠠᠭᠠᠬᠤ ᠳᠤᠭᠤᠢᠯᠠᠩ (ᠳᠣᠷᠣᠭ᠍ᠰᠢ 《ᠲᠥᠪ ᠤ᠋ᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ》 ᠭᠡᠵᠦ᠍ ᠳᠥᠭᠥᠮᠴᠢᠯᠡᠪᠡ)ᠡᠴᠡ ᠮᠠᠨ ᠤ᠋ ᠣᠷᠣᠨ ᠳ᠋ᠤ 16 ᠪᠦᠯᠦᠭ ᠨᠡᠢᠳᠡ 1242 ᠬᠤᠪᠢ ᠢᠯᠡᠴᠢᠯᠡᠨ ᠮᠡᠳᠡᠭᠦᠯᠦᠭ᠌ᠰᠡᠨ ᠬᠡᠷᠡᠭ ᠢ᠋ ᠰᠢᠢᠳᠪᠦᠷᠢᠯᠡᠬᠦᠯᠬᠦ ᠪᠡᠷ ᠲᠤᠰᠢᠶᠠᠵᠠᠢ᠃ ᠲᠥᠪ ᠤ᠋ᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ ᠤ᠋ᠨ ᠠᠵᠢᠯ ᠤ᠋ᠨ ᠱᠠᠭᠠᠷᠳᠠᠯᠭ᠎ᠠ ᠶᠣᠰᠣᠭᠠᠷ᠂ ᠣᠳᠣᠬᠠᠨ ᠳ᠋ᠤ ᠪᠥᠬᠥ᠌ ᠣᠷᠣᠨ ᠢ᠋ᠶ᠋ᠡᠷ ᠢ᠋ᠶ᠋ᠡᠨ ᠨᠠᠢ᠍ᠮᠠᠳᠤᠭᠠᠷ ᠪᠦᠯᠦᠭ ᠤ᠋ᠨ 104 ᠬᠤᠪᠢ ᠵᠠᠬᠢᠳᠠᠯ ᠰᠤᠷᠪᠤᠯᠵᠢᠯᠠᠯ ᠤ᠋ᠨ ᠬᠡᠷᠡᠭ ᠲᠦ᠍ ᠪᠠᠢᠴᠠᠭᠠᠨ ᠱᠢᠶ᠋ᠳᠪᠦᠷᠢᠯᠡᠯᠳᠡ ᠬᠢᠵᠦ ᠪᠤᠢ᠃ ᠡᠭᠦᠨ ᠳ᠋ᠤ᠂ 42 ᠬᠤᠪᠢ ᠵᠢ ᠨᠢ ᠨᠢᠭᠡᠨᠲᠡ ᠱᠢᠶ᠋ᠳᠪᠦᠷᠢᠯᠡᠨ ᠳᠠᠭᠤᠰᠭᠠᠵᠤ᠂ 36 ᠬᠤᠪᠢ ᠵᠢ ᠨᠢ ᠱᠠᠲᠤᠴᠢ ᠴᠢᠨᠠᠷᠲᠠᠶ ᠪᠡᠷ ᠱᠢᠶ᠋ᠳᠪᠦᠷᠢᠯᠡᠨ ᠳᠠᠭᠤᠰᠬᠠᠵᠤ᠂ 26 ᠬᠤᠪᠢ ᠵᠢ ᠨᠢ ᠬᠠᠷᠠᠬᠠᠨ ᠱᠢᠶ᠋ᠳᠪᠦᠷᠢᠯᠡᠵᠤ ᠪᠠᠷᠠᠭᠠᠳᠤᠢ ; 15 ᠵᠢ ᠨᠢ ᠵᠠᠷᠯᠢᠭ᠍ᠳᠠᠵᠦ ᠴᠡᠭ᠌ᠴᠡᠯᠡᠨ ᠰᠠᠢᠵᠢᠷᠠᠭᠤᠯᠵᠤ᠂ 3 ᠵᠢ ᠨᠢ ᠬᠡᠷᠡᠭ ᠪᠣᠯᠭᠠᠨ ᠳᠡᠩᠰᠡᠯᠡᠨ ᠱᠢᠢᠳᠭᠡᠵᠦ᠍᠂ 18.3 ᠲᠦᠮᠡᠨ ᠲᠥᠭᠥᠷᠢᠭ ᠤ᠋ᠨ ᠵᠣᠭᠣᠰ ᠢ᠋ᠶ᠋ᠡᠷ ᠲᠣᠷᠭᠠᠨ᠂ 1 ᠬᠡᠷᠡᠭ ᠢ᠋ ᠬᠡᠷᠡᠭ ᠪᠣᠯᠭᠠᠨ ᠳᠡᠩᠰᠡᠯᠡᠵᠦ ᠲᠠᠩᠨᠠᠨ ᠪᠠᠢᠴᠠᠭᠠᠵᠤ᠂ 2 ᠬᠦᠮᠦᠨ ᠲᠠᠢ ᠪᠤᠯᠵᠤᠨ ᠶᠠᠷᠢᠯᠴᠠᠪᠠ᠃
4 ᠰᠠᠷ᠎ᠠ ᠶ᠋ᠢᠨ 10 ᠤ᠋ ᠡᠳᠦᠷ ᠪᠤᠯᠲᠠᠯ᠎ᠠ᠂ ᠪᠦᠬᠦ ᠤᠷᠤᠨ ᠢ᠋ᠶ᠋ᠡᠷ ᠢ᠋ᠶ᠋ᠡᠨ ᠨᠢᠭᠡᠳᠤᠬᠡᠷ ᠪᠦᠯᠦᠭ ᠡᠴᠡ ᠨᠠᠢ᠍ᠮᠠᠳᠤᠭᠠᠷ ᠪᠦᠯᠦᠭ ᠤ᠋ᠨ 506 ᠬᠤᠪᠢ ᠵᠠᠬᠢᠳᠠᠯ ᠰᠤᠷᠪᠤᠯᠵᠢᠯᠠᠯ ᠤ᠋ᠨ ᠬᠡᠷᠡᠭ ᠲᠦ᠍ ᠪᠠᠢᠴᠠᠭᠠᠨ ᠱᠢᠶ᠋ᠳᠪᠦᠷᠢᠯᠡᠯᠳᠡ ᠬᠢᠵᠦ ᠪᠤᠢ᠃ ᠡᠭᠦᠨ ᠳ᠋ᠤ᠂ 219 ᠬᠤᠪᠢ ᠵᠢ ᠨᠢ ᠨᠢᠭᠡᠨᠲᠡ ᠱᠢᠶ᠋ᠳᠪᠦᠷᠢᠯᠡᠨ ᠳᠠᠭᠤᠰᠭᠠᠵᠤ᠂ 156 ᠬᠤᠪᠢ ᠵᠢ ᠨᠢ ᠱᠠᠲᠤᠴᠢ ᠴᠢᠨᠠᠷᠲᠠᠶ ᠪᠡᠷ ᠱᠢᠶ᠋ᠳᠪᠦᠷᠢᠯᠡᠨ ᠳᠠᠭᠤᠰᠭᠠᠵᠤ᠂ 131 ᠬᠤᠪᠢ ᠵᠢ ᠨᠢ ᠬᠠᠷᠠᠬᠠᠨ ᠱᠢᠶ᠋ᠳᠪᠦᠷᠢᠯᠡᠵᠦ ᠪᠠᠷᠠᠭᠠᠳᠤᠢ ; 291 ᠵᠢ ᠨᠢ ᠵᠠᠷᠯᠢᠭ᠍ᠳᠠᠵᠦ ᠴᠡᠭ᠌ᠴᠡᠯᠡᠨ ᠰᠠᠢᠵᠢᠷᠠᠭᠤᠯᠵᠤ᠂ 39 ᠵᠢ ᠨᠢ ᠬᠡᠷᠡᠭ ᠪᠣᠯᠭᠠᠨ ᠳᠡᠩᠰᠡᠯᠡᠨ ᠱᠢᠢᠳᠭᠡᠵᠦ᠍᠂ 184.9459 ᠲᠦᠮᠡᠨ ᠲᠥᠭᠥᠷᠢᠭ ᠤ᠋ᠨ ᠵᠣᠭᠣᠰ ᠢ᠋ᠶ᠋ᠡᠷ ᠲᠣᠷᠭᠠᠨ᠂ 14 ᠬᠡᠷᠡᠭ ᠢ᠋ ᠬᠡᠷᠡᠭ ᠪᠣᠯᠭᠠᠨ ᠳᠡᠩᠰᠡᠯᠡᠵᠦ ᠲᠠᠩᠨᠠᠨ ᠪᠠᠢᠴᠠᠭᠠᠵᠤ᠂ 4 ᠬᠦᠮᠦᠨ ᠢ᠋ ᠡᠷᠡᠭᠦᠦ ᠶ᠋ᠢᠨ ᠬᠡᠷᠡᠭ ᠢ᠋ᠶ᠋ᠡᠷ ᠲᠦᠷ ᠬᠤᠷᠢᠵᠤ᠂ 36 ᠬᠥᠮᠦᠨ ᠲᠡᠶ ᠪᠣᠯᠵᠣᠨ ᠶᠠᠷᠢᠯᠴᠠᠵᠤ᠂ 24 ᠬᠥᠮᠦᠨ ᠡᠴᠡ ᠬᠠᠷᠢᠭᠤᠴᠠᠯᠭ᠎ᠠ ᠨᠡᠬᠡᠮᠵᠢᠯᠡᠪᠡ᠃
ᠲᠥᠪ ᠤ᠋ᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ ᠤ᠋ᠨ ᠱᠠᠯᠠᠪᠳᠠᠭᠤᠯᠤᠨ ᠪᠠᠢᠴᠠᠭᠠᠬᠤ ᠶ᠋ᠢᠨ ᠳᠠᠭᠠᠤ ᠬᠠᠯᠠᠨ ᠰᠠᠢᠵᠢᠷᠠᠭᠤᠯᠬᠤ ᠠᠵᠢᠯ ᠤ᠋ᠨ ᠱᠠᠭᠠᠷᠳᠠᠯᠭ᠎ᠠ ᠶᠣᠰᠣᠭᠠᠷ᠂ ᠬᠠᠮᠢᠶ᠎ᠠ ᠪᠦᠬᠦᠢ ᠬᠡᠷᠡᠭ ᠢ᠋ ᠪᠠᠢᠴᠠᠭᠠᠨ ᠱᠢᠢᠳᠪᠦᠷᠢᠯᠡᠵᠦ᠍ ᠴᠡᠭ᠌ᠴᠡᠯᠡᠵᠦ ᠰᠠᠢᠵᠢᠷᠠᠭᠤᠯᠬᠤ ᠠᠵᠢᠯ ᠢ᠋ ᠦᠷᠭᠦᠯᠵᠢᠯᠡᠨ ᠠᠬᠢᠭᠤᠯᠵᠤ ᠪᠠᠢᠨ᠎ᠠ᠃
ᠨᠠᠢ᠍ᠮᠠᠳᠤᠭᠠᠷ ᠪᠦᠯᠦᠭ ᠤ᠋ᠨ ᠪᠦᠬᠦ ᠬᠡᠷᠡᠭ ᠢ᠋ ᠭᠦᠢᠴᠡᠳᠭᠡᠭᠰᠡᠨ ᠪᠠᠢᠳᠠᠯᠢ ᠤᠢᠯᠠᠭᠠᠶᠠ ᠬᠡᠪᠡᠯ ᠬᠤᠶᠠᠷ ᠬᠡᠮᠵᠢᠯᠳᠤ ᠺᠤᠳ᠋ᠢ ᠰᠢᠷᠪᠢᠬᠡᠷᠡᠢ᠃

- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃