ᠪᠠᠶᠢᠭᠠᠯᠢ ᠣᠷᠴᠢᠨ > ᠲᠦᠪ᠎ᠦ᠋ᠨ ᠣᠷᠴᠢᠨ ᠲᠣᠭᠣᠷᠢᠨ᠎ᠤ᠋ ᠬᠠᠮᠠᠭᠠᠯᠠᠯᠲᠠ

2022-04-14 10:16:51

ᠵᠣᠬᠢᠶᠠᠭ᠍ᠴᠢ᠄ ᠱᠤᠸᠠᠢ ᠵᠸᠩ ᠣᠩᠱᠢᠭ᠍ᠰᠠᠨ ᠣᠳᠠᠭ᠎ᠠ᠄ 3

3 ᠰᠠᠷ᠎ᠠ ᠵᠢᠨ 26 ᠤ᠋ ᠡᠳᠦᠷ ᠡᠴᠡ 4 ᠰᠠᠷ᠎ᠠ ᠵᠢᠨ 11 ᠤ᠋ ᠡᠳᠦᠷ ᠪᠤᠯᠳᠠᠯ᠎ᠠ᠂ ᠲᠦᠪ ᠤ᠋ᠨ ᠠᠮᠢ ᠠᠬᠤᠢ ᠤᠷᠴᠢᠨ ᠲᠤᠭᠤᠷᠢᠨ ᠤ᠋ ᠬᠠᠮᠠᠭᠠᠯᠠᠯᠳᠠ ᠵᠢᠨ ᠭᠤᠷᠪᠠᠳᠤᠭᠠᠷ ᠱᠠᠯᠠᠪᠳᠠᠭᠤᠯᠤᠨ ᠪᠠᠢᠴᠠᠭᠠᠬᠤ ᠲᠤᠭᠤᠢᠯᠠᠩ (ᠳᠤᠷᠤᠬᠰᠢ 《ᠲᠦᠪ ᠤ᠋ᠨ ᠱᠠᠯᠠᠪᠳᠠᠭᠤᠯᠤᠨ ᠪᠠᠢᠴᠠᠭᠠᠬᠤ ᠲᠤᠭᠤᠢᠯᠠᠩ》 ᠭᠡᠵᠤ ᠲᠦᠭᠦᠮᠴᠢᠯᠡᠪᠡ ) ᠡᠴᠡ ᠮᠠᠨ ᠤ᠋ ᠤᠷᠤᠨ ᠳ᠋ᠦ 17 ᠪᠦᠯᠦᠭ ᠨᠡᠢᠳᠡ 1338 ᠬᠤᠪᠢ ᠢᠯᠡᠴᠢᠯᠡᠨ ᠮᠡᠳᠡᠭᠦᠯᠦᠭᠰᠡᠨ ᠬᠡᠷᠡᠭ ᠢ᠋ ᠰᠢᠢᠳᠪᠦᠷᠢᠯᠡᠭᠦᠯᠬᠦ ᠪᠡᠷ ᠲᠤᠰᠢᠶᠠᠵᠠᠢ᠃ ᠲᠦᠪ ᠤ᠋ᠨ ᠱᠠᠯᠠᠪᠳᠠᠭᠤᠯᠤᠨ ᠪᠠᠢᠴᠠᠭᠠᠬᠤ ᠲᠤᠭᠤᠢᠯᠠᠩ ᠤ᠋ᠨ ᠠᠵᠢᠯ ᠤ᠋ᠨ ᠱᠠᠭᠠᠷᠳᠠᠯᠭ᠎ᠠ ᠶᠤᠰᠤᠭᠠᠷ᠂ ᠤᠳᠤᠬᠠᠨ ᠳ᠋ᠦ ᠪᠥᠬᠥ᠌ ᠣᠷᠣᠨ ᠢ᠋ᠶ᠋ᠡᠷ ᠢ᠋ᠶ᠋ᠡᠨ ᠶᠢᠰᠦᠳᠦᠭᠡᠷ ᠪᠦᠯᠦᠭ ᠤ᠋ᠨ 82 ᠬᠤᠪᠢ ᠵᠠᠬᠢᠳᠠᠯ ᠰᠤᠷᠪᠤᠯᠵᠢᠯᠠᠯ ᠤ᠋ᠨ ᠬᠡᠷᠡᠭ ᠲᠦ᠍ ᠪᠠᠢᠴᠠᠭᠠᠨ ᠱᠢᠶ᠋ᠳᠪᠦᠷᠢᠯᠡᠯᠳᠡ ᠬᠢᠵᠦ ᠪᠤᠢ᠃ ᠡᠭᠦᠨ ᠳ᠋ᠤ᠂ 28 ᠬᠤᠪᠢ ᠵᠢ ᠨᠢ ᠨᠢᠭᠡᠨᠲᠡ ᠱᠢᠶ᠋ᠳᠪᠦᠷᠢᠯᠡᠨ ᠳᠠᠭᠤᠰᠭᠠᠵᠤ᠂ 32 ᠬᠤᠪᠢ ᠵᠢ ᠨᠢ ᠱᠠᠲᠤᠴᠢ ᠴᠢᠨᠠᠷᠲᠠᠶ ᠪᠡᠷ ᠱᠢᠶ᠋ᠳᠪᠦᠷᠢᠯᠡᠨ ᠳᠠᠭᠤᠰᠬᠠᠵᠤ᠂ 22 ᠬᠤᠪᠢ ᠵᠢ ᠨᠢ ᠬᠠᠷᠠᠬᠠᠨ ᠱᠢᠶ᠋ᠳᠪᠦᠷᠢᠯᠡᠵᠤ ᠪᠠᠷᠠᠭᠠᠳᠤᠢ; 8 ᠵᠢ ᠨᠢ ᠵᠠᠷᠯᠢᠭ᠍ᠳᠠᠵᠦ ᠴᠡᠭ᠌ᠴᠡᠯᠡᠨ ᠰᠠᠢᠵᠢᠷᠠᠭᠤᠯᠵᠤ᠂ 4 ᠵᠢ ᠨᠢ ᠬᠡᠷᠡᠭ ᠪᠣᠯᠭᠠᠨ ᠳᠡᠩᠰᠡᠯᠡᠨ ᠱᠢᠢᠳᠭᠡᠵᠦ᠍᠂ 7.9189 ᠲᠦᠮᠡᠨ ᠲᠥᠭᠥᠷᠢᠭ ᠤ᠋ᠨ ᠵᠣᠭᠣᠰ ᠢ᠋ᠶ᠋ᠡᠷ ᠲᠣᠷᠭᠠᠨ᠂ 2 ᠬᠡᠷᠡᠭ ᠢ᠋ ᠬᠡᠷᠡᠭ ᠪᠣᠯᠭᠠᠨ ᠳᠡᠩᠰᠡᠯᠡᠵᠦ ᠲᠠᠩᠨᠠᠨ ᠪᠠᠢᠴᠠᠭᠠᠵᠤ᠂ 3 ᠬᠦᠮᠦᠨ ᠲᠠᠢ ᠪᠤᠯᠵᠤᠨ ᠶᠠᠷᠢᠯᠴᠠᠪᠠ ᠃

4 ᠰᠠᠷ᠎ᠠ ᠶ᠋ᠢᠨ 11 ᠤ᠋ ᠡᠳᠦᠷ ᠪᠤᠯᠲᠠᠯ᠎ᠠ᠂ ᠪᠦᠬᠦ ᠤᠷᠤᠨ ᠢ᠋ᠶ᠋ᠡᠷ ᠢ᠋ᠶ᠋ᠡᠨ ᠨᠢᠭᠡᠳᠤᠬᠡᠷ ᠪᠦᠯᠦᠭ ᠡᠴᠡ ᠶᠢᠰᠦᠳᠦᠭᠡᠷ ᠪᠦᠯᠦᠭ ᠤ᠋ᠨ 588 ᠬᠤᠪᠢ ᠵᠠᠬᠢᠳᠠᠯ ᠰᠤᠷᠪᠤᠯᠵᠢᠯᠠᠯ ᠤ᠋ᠨ ᠬᠡᠷᠡᠭ ᠲᠦ᠍ ᠪᠠᠢᠴᠠᠭᠠᠨ ᠱᠢᠶ᠋ᠳᠪᠦᠷᠢᠯᠡᠯᠳᠡ ᠬᠢᠵᠦ ᠪᠤᠢ᠃ ᠡᠭᠦᠨ ᠳ᠋ᠤ᠂ 247 ᠬᠤᠪᠢ ᠵᠢ ᠨᠢ ᠨᠢᠭᠡᠨᠲᠡ ᠱᠢᠶ᠋ᠳᠪᠦᠷᠢᠯᠡᠨ ᠳᠠᠭᠤᠰᠭᠠᠵᠤ᠂ 188 ᠬᠤᠪᠢ ᠵᠢ ᠨᠢ ᠱᠠᠲᠤᠴᠢ ᠴᠢᠨᠠᠷᠲᠠᠶ ᠪᠡᠷ ᠱᠢᠶ᠋ᠳᠪᠦᠷᠢᠯᠡᠨ ᠳᠠᠭᠤᠰᠭᠠᠵᠤ᠂ 153 ᠬᠤᠪᠢ ᠵᠢ ᠨᠢ ᠬᠠᠷᠠᠬᠠᠨ ᠱᠢᠶ᠋ᠳᠪᠦᠷᠢᠯᠡᠵᠦ ᠪᠠᠷᠠᠭᠠᠳᠤᠢ ; 299 ᠵᠢ ᠨᠢ ᠵᠠᠷᠯᠢᠭ᠍ᠳᠠᠵᠦ ᠴᠡᠭ᠌ᠴᠡᠯᠡᠨ ᠰᠠᠢᠵᠢᠷᠠᠭᠤᠯᠵᠤ᠂ 43 ᠵᠢ ᠨᠢ ᠬᠡᠷᠡᠭ ᠪᠣᠯᠭᠠᠨ ᠳᠡᠩᠰᠡᠯᠡᠨ ᠱᠢᠢᠳᠭᠡᠵᠦ᠍᠂ 192.8648 ᠲᠦᠮᠡᠨ ᠲᠥᠭᠥᠷᠢᠭ ᠤ᠋ᠨ ᠵᠣᠭᠣᠰ ᠢ᠋ᠶ᠋ᠡᠷ ᠲᠣᠷᠭᠠᠨ᠂ 16 ᠬᠡᠷᠡᠭ ᠢ᠋ ᠬᠡᠷᠡᠭ ᠪᠣᠯᠭᠠᠨ ᠳᠡᠩᠰᠡᠯᠡᠵᠦ ᠲᠠᠩᠨᠠᠨ ᠪᠠᠢᠴᠠᠭᠠᠵᠤ᠂ 4 ᠬᠦᠮᠦᠨ ᠢ᠋ ᠡᠷᠡᠭᠦᠦ ᠶ᠋ᠢᠨ ᠬᠡᠷᠡᠭ ᠢ᠋ᠶ᠋ᠡᠷ ᠲᠦᠷ ᠬᠤᠷᠢᠵᠤ᠂ 39 ᠬᠥᠮᠦᠨ ᠲᠡᠶ ᠪᠣᠯᠵᠣᠨ ᠶᠠᠷᠢᠯᠴᠠᠵᠤ᠂ 24 ᠬᠥᠮᠦᠨ ᠡᠴᠡ ᠬᠠᠷᠢᠭᠤᠴᠠᠯᠭ᠎ᠠ ᠨᠡᠬᠡᠮᠵᠢᠯᠡᠪᠡ᠃

ᠲᠥᠪ ᠤ᠋ᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ ᠤ᠋ᠨ ᠱᠠᠯᠠᠪᠳᠠᠭᠤᠯᠤᠨ ᠪᠠᠢᠴᠠᠭᠠᠬᠤ ᠶ᠋ᠢᠨ ᠳᠠᠭᠠᠤ ᠬᠠᠯᠠᠨ ᠰᠠᠢᠵᠢᠷᠠᠭᠤᠯᠬᠤ ᠠᠵᠢᠯ ᠤ᠋ᠨ ᠱᠠᠭᠠᠷᠳᠠᠯᠭ᠎ᠠ ᠶᠣᠰᠣᠭᠠᠷ᠂ ᠬᠠᠮᠢᠶ᠎ᠠ ᠪᠦᠬᠦᠢ ᠬᠡᠷᠡᠭ ᠢ᠋ ᠪᠠᠢᠴᠠᠭᠠᠨ ᠱᠢᠢᠳᠪᠦᠷᠢᠯᠡᠵᠦ᠍ ᠴᠡᠭ᠌ᠴᠡᠯᠡᠵᠦ ᠰᠠᠢᠵᠢᠷᠠᠭᠤᠯᠬᠤ ᠠᠵᠢᠯ ᠢ᠋ ᠦᠷᠭᠦᠯᠵᠢᠯᠡᠨ ᠠᠬᠢᠭᠤᠯᠵᠤ ᠪᠠᠢᠨ᠎ᠠ᠃

ᠶᠢᠰᠦᠳᠦᠭᠡᠷ ᠪᠦᠯᠦᠭ ᠤ᠋ᠨ ᠪᠦᠬᠦ ᠬᠡᠷᠡᠭ ᠢ᠋ ᠭᠦᠢᠴᠡᠳᠭᠡᠭᠰᠡᠨ ᠪᠠᠢᠳᠠᠯ ᠢ᠋ ᠤᠢᠯᠠᠭᠠᠶ᠎ᠠ ᠬᠡᠪᠡᠯ ᠬᠤᠶᠠᠷ ᠬᠡᠮᠵᠢᠯᠳᠤ ᠺᠤᠳ᠋ ᠢ᠋ ᠰᠢᠷᠪᠢᠬᠡᠷᠡᠢ᠃


QQ图片20220414101727.png

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面