ᠪᠠᠶᠢᠭᠠᠯᠢ ᠣᠷᠴᠢᠨ > ᠲᠦᠪ᠎ᠦ᠋ᠨ ᠣᠷᠴᠢᠨ ᠲᠣᠭᠣᠷᠢᠨ᠎ᠤ᠋ ᠬᠠᠮᠠᠭᠠᠯᠠᠯᠲᠠ

2022-04-11 11:01:45

ᠵᠣᠬᠢᠶᠠᠭ᠍ᠴᠢ᠄ ᠬᠤᠸᠠᠩ ᠹᠦ᠋ ᠮᠧᠶ ᠱᠢᠶᠠᠨ ᠯᠢᠦ ᠬᠣᠩ ᠵᠠᠩ ᠪᠠᠶᠠᠰᠭᠤᠯᠠᠩ ᠸᠧᠶ ᠨᠠ ᠣᠩᠱᠢᠭ᠍ᠰᠠᠨ ᠣᠳᠠᠭ᠎ᠠ᠄ 3

《ᠮᠠᠨ᠎ᠤ ᠭᠡᠷ ᠡᠨᠡ ᠬᠠᠪᠢ ᠳ᠋ᠦ ᠪᠤᠢ᠂ ᠤᠢᠷ᠎ᠠ ᠵᠢᠨ ᠬᠡᠳᠦᠨ ᠡᠳᠦᠷ ᠡᠴᠡ ᠡᠨᠡ ᠬᠠᠪᠢ ᠪᠠᠷ ᠦᠮᠡᠬᠡᠢ ᠦᠨᠦᠷ ᠭᠠᠷᠬᠤ ᠪᠠᠨ ᠪᠤᠯᠢᠵᠦ᠂ ᠵᠠᠮ ᠴᠤ᠌ ᠴᠡᠪᠡᠷᠬᠡᠨ ᠪᠤᠯᠪᠠ᠃ ᠮᠠᠯᠴᠢᠨ ᠡᠷᠦᠬᠡ᠎ᠶ᠋ᠢᠨ ᠬᠦᠴᠢᠷᠳᠡᠯ ᠳ᠋ᠤ ᠬᠠᠨᠳᠤᠭᠤᠯᠤᠨ᠂ ᠵᠠᠰᠠᠭ᠎ᠤᠨ ᠣᠷᠳᠣᠨ᠎ᠡᠴᠡ ᠨᠢᠭᠡᠨᠲᠡ ᠲᠡᠳᠡᠨ᠎ᠳᠤ ᠦᠬᠡᠷ᠎ᠦᠨ ᠬᠠᠰᠢᠶ᠎ᠠ ᠪᠠᠷᠢᠵᠤ ᠦᠭᠴᠤ᠂ ᠪᠠᠰᠠ ᠤᠤᠯ᠎ᠤᠨ ᠭᠡᠷ᠎ᠢ ᠨᠢ ᠳᠠᠬᠢᠨ ᠵᠠᠰᠠᠵᠤ ᠥᠭ᠌ᠭᠦᠨ᠎ᠡ ᠭᠡᠵᠦ᠍ ᠠᠮᠠᠯᠠᠵᠠᠶ᠂ ᠵᠤᠨ ᠪᠣᠯᠳᠠᠯ᠎ᠠ ᠣᠷᠴᠢᠨ ᠲᠣᠭᠣᠷᠢᠨ ᠪᠦᠷᠢᠮᠦᠰᠦᠨ ᠰᠠᠢᠵᠢᠷᠠᠴᠢᠬᠠᠨ᠎ᠠ! 》 ᠭᠡᠵᠦ᠍ ᠯᠢᠶᠠᠩᠴᠧᠩ ᠱᠢᠶᠠᠨ᠎ᠤ ᠾᠧ ᠣᠪᠣᠭ᠍ᠲᠤ ᠬᠡᠯᠡᠪᠡ᠃

ᠾᠧ ᠣᠪᠣᠭ᠍ᠲᠤ ᠵᠢᠨ ᠬᠡᠯᠡᠵᠤ ᠪᠠᠢᠭ᠎ᠠ ᠨᠢ ᠲᠥᠪ᠎ᠦᠨ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠭᠤᠷᠪᠠᠳᠤᠭᠠᠷ ᠱᠠᠯᠠᠪᠳᠠᠭᠤᠯᠤᠨ ᠪᠠᠢᠴᠠᠭᠠᠬᠤ ᠳᠤᠭᠤᠢᠯᠠᠩ ᠡᠴᠡ ᠤᠯᠠᠭᠠᠨᠴᠠᠪ ᠬᠣᠲᠠ᠎ᠳᠤ ᠰᠢᠢᠳᠪᠦᠷᠢᠯᠡᠭᠦᠯᠬᠦ ᠪᠡᠷ ᠲᠤᠰᠢᠶᠠᠭᠰᠠᠨ ᠬᠡᠷᠡᠭ ᠳᠠᠷᠤᠢ ᠯᠢᠶᠠᠩᠴᠧᠩ ᠱᠢᠶᠠᠨ᠎ᠤ ᠭᠤᠷᠪᠠᠳᠤᠭᠠᠷ ᠪᠠᠭ᠎ᠠ ᠰᠤᠷᠭᠠᠭᠤᠯᠢ᠎ᠶ᠋ᠢᠨ ᠬᠠᠪᠢ᠎ᠶ᠋ᠢᠨ ᠣᠷᠴᠢᠨ ᠲᠣᠭᠣᠷᠢᠨ᠎ᠤ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠤᠭ᠍ᠰᠠᠨ ᠦᠷ᠎ᠡ ᠳ᠋ᠦᠩ ᠪᠤᠯᠤᠨ᠎ᠠ᠃

ᠯᠢᠶᠠᠩᠴᠧᠩ ᠱᠢᠶᠠᠨ᠎ᠤ ᠰᠠᠭᠤᠭᠠᠯᠢ ᠠᠷᠠᠳ᠎ᠤᠨ ᠵᠠᠭᠠᠯᠳᠤᠯᠭ᠎ᠠ᠄ 2016 ᠣᠨ᠎ᠡᠴᠡ ᠨᠠᠭᠠᠰᠢ ᠯᠢᠶᠠᠩᠴᠧᠩ ᠱᠢᠶᠠᠨ᠎ᠤ ᠭᠤᠷᠪᠠᠳᠤᠭᠠᠷ ᠪᠠᠭ᠎ᠠ ᠰᠤᠷᠭᠠᠭᠤᠯᠢ᠎ᠶ᠋ᠢᠨ ᠬᠣᠢᠲᠤ ᠲᠠᠯ᠎ᠠ᠎ᠳᠤ ᠵᠠᠷᠢᠮ ᠬᠥᠮᠦᠨ ᠦᠬᠡᠷ᠎ᠦᠨ ᠪᠠᠭᠠᠰᠤ ᠣᠪᠣᠭᠠᠯᠠᠵᠤ᠂ ᠬᠠᠴᠢᠨ ᠦᠮᠡᠬᠡᠶ ᠦᠨᠦᠷ᠎ᠲᠡᠶ ᠪᠣᠯᠤᠭ᠍ᠰᠠᠨ᠎ᠡᠴᠡ ᠣᠢᠷ᠎ᠠ ᠬᠠᠪᠢ᠎ᠶ᠋ᠢᠨ ᠰᠠᠭᠤᠭᠠᠯᠢ ᠠᠷᠠᠳ ᠶᠠᠪᠤᠵᠤ ᠰᠠᠭᠤᠬᠤ᠎ᠶ᠋ᠢᠨ ᠠᠷᠭ᠎ᠠ ᠥᠬᠡᠶ ᠪᠣᠯᠵᠣ᠂ ᠬᠡᠪ ᠤ᠋ᠨ ᠶᠤᠰᠤᠭᠠᠷ ᠠᠮᠢᠳᠤᠷᠠᠵᠤ ᠳᠡᠢᠯᠬᠦ ᠦᠭᠡᠢ ᠪᠤᠯᠵᠠᠢ᠂ ᠲᠣᠰ ᠠᠰᠠᠭᠤᠳᠠᠯ᠎ᠢ ᠲᠤᠬᠠᠶ᠎ᠶ᠋ᠢᠨ ᠭᠠᠵᠠᠷ᠎ᠤᠨ ᠵᠠᠰᠠᠭ᠎ᠤᠨ ᠣᠷᠳᠣᠨ᠎ᠳᠤ ᠬᠡᠳᠦᠨᠳᠠ ᠲᠤᠰᠭᠠᠬᠰᠡᠨ ᠪᠣᠯᠪᠠᠴᠤ᠌ ᠱᠢᠶ᠋ᠳᠪᠦᠷᠢᠯᠡᠭ᠌ᠰᠡᠨ ᠥᠬᠡᠶ ᠪᠠᠢᠯ᠎ᠠ᠃

ᠬᠠᠷᠢᠭᠤ ᠲᠤᠰᠭᠠᠯ᠎ᠢ ᠣᠯᠤᠭ᠍ᠰᠠᠨ᠎ᠤ ᠳᠠᠷᠠᠭ᠎ᠠ ᠯᠢᠶᠠᠩᠴᠧᠩ ᠱᠢᠶᠠᠨ᠎ᠤ ᠬᠠᠮᠢᠶ᠎ᠠ ᠪᠦᠬᠦᠢ ᠪᠠᠢᠭᠤᠯᠭ᠎ᠠ ᠲᠤᠬᠠᠶ᠎ᠶ᠋ᠢᠨ ᠭᠠᠵᠠᠷ᠎ᠲᠤᠨᠢ ᠪᠠᠢᠴᠠᠭᠠᠨ ᠦᠵᠡᠵᠦ᠍᠂ ᠵᠠᠭᠠᠯᠳᠤᠭ᠍ᠴᠢ᠎ᠶ᠋ᠢᠨ ᠲᠤᠰᠭᠠᠭ᠍ᠰᠠᠨ ᠠᠭᠤᠯᠭ᠎ᠠ ᠨᠢ ᠦᠨᠳᠦᠰᠦᠨ᠎ᠳᠡᠭᠡᠨ ᠦᠨᠡᠨ ᠪᠣᠳᠠᠲᠠᠶ ᠪᠠᠢᠬᠤ᠎ᠶ᠋ᠢ ᠣᠯᠵᠤ ᠮᠡᠳᠡᠵᠡᠶ᠃ ᠯᠢᠶᠠᠩᠴᠧᠩ ᠱᠢᠶᠠᠨ᠎ᠤ ᠬᠣᠲᠠ᠎ᠶ᠋ᠢᠨ ᠬᠠᠤᠯᠢ ᠬᠡᠷᠡᠭ᠌ᠵᠢᠭᠦᠯᠬᠦ᠌ ᠲᠣᠪᠴᠢᠶ᠎ᠠ 3 ᠰᠠᠷ᠎ᠠ᠎ᠶ᠋ᠢᠨ 28 ᠤ᠋ ᠡᠳᠦᠷ ᠮᠠᠯᠴᠢᠨ ᠡᠷᠦᠬᠡ᠎ᠶ᠋ᠢᠨ ᠬᠦᠷᠢᠶᠡᠨ᠎ᠦ ᠭᠠᠳᠠᠨᠠᠬᠢ ᠬᠡᠷᠡᠰᠭᠡ᠎ᠶ᠋ᠢ ᠪᠠᠭᠤᠯᠭᠠᠵᠦ᠂ ᠵᠠᠮ᠎ᠤᠨ ᠬᠠᠵᠠᠭᠤ᠎ᠳᠤ ᠲᠦᠷ ᠣᠪᠣᠭᠠᠯᠠᠭ᠍ᠰᠠᠨ ᠮᠠᠯ ᠵᠢᠭᠦᠷᠲᠡᠨ᠎ᠦ ᠢᠯᠭᠠᠳᠠᠰᠤ᠂ ᠡᠪᠡᠰᠦ ᠪᠣᠷᠳᠣᠭ᠎ᠠ ᠡᠰᠢ ᠰᠦᠷᠡᠯ ᠵᠡᠷᠭᠡ ᠬᠣᠭ ᠨᠣᠪᠰᠢ᠎ᠶ᠋ᠢ ᠴᠡᠪᠡᠷᠯᠡᠵᠦ᠍ ᠱᠢᠯᠵᠢᠭᠦᠯᠵᠠᠢ᠃ ᠡᠭᠦᠨ᠎ᠦ ᠬᠠᠮᠲᠤ᠂ ᠬᠣᠩ ᠮᠤᠤ ᠪᠠᠯᠭᠠᠰᠤ ᠨᠢᠭᠡᠨᠲᠡ ᠮᠠᠯᠴᠢᠨ ᠡᠷᠦᠬᠡ᠎ᠶ᠋ᠢᠨ ᠡᠷᠦᠬᠡ ᠠᠮᠠ᠎ᠶ᠋ᠢᠨ ᠲᠠᠩᠰᠠ ᠪᠠᠢᠭ᠎ᠠ ᠭᠠᠵᠠᠷ (ᠯᠢᠶᠠᠩᠴᠧᠩ ᠱᠢᠶᠠᠨ᠎ᠤ ᠵᠢᠷᠭᠤᠳᠤᠭᠠᠷ ᠰᠤᠮᠤ ᠪᠠᠯᠭᠠᠰᠤᠨ᠎ᠤ ᠳ᠋ᠠ ᠲᠦ᠎ᠲᠡᠶ ᠡᠮᠦᠨ᠎ᠠ ᠲᠣᠰᠭᠣᠨ) ᠲᠤᠨᠢ ᠬᠦᠷᠢᠶ᠎ᠠ ᠳᠦᠷᠢᠶᠡᠰᠦᠯᠡᠭᠦᠯᠵᠤ᠂ ᠨᠡᠭᠦᠯᠭᠡᠨ ᠰᠢᠯᠵᠢᠭᠦᠯᠵᠦ ᠲᠥᠪᠬᠢᠨᠡᠭᠦᠯᠬᠦ᠌ ᠠᠵᠢᠯ᠎ᠢ 3 ᠰᠠᠷ᠎ᠠ᠎ᠶ᠋ᠢᠨ 29 ᠤ᠋ ᠡᠳᠦᠷ ᠨᠢᠭᠡᠨᠲᠡ ᠳᠠᠭᠤᠰᠭᠠᠵᠠᠶ᠃ ᠲᠣᠰ ᠵᠠᠬᠢᠳᠠᠯ ᠰᠤᠷᠪᠤᠯᠵᠢᠯᠠᠯ ᠤ᠋ᠨ ᠬᠡᠷᠡᠭ᠎ᠲᠦ ᠴᠢᠭ᠌ᠯᠡᠭᠦᠯᠦᠨ᠂ ᠯᠢᠶᠠᠩᠴᠧᠩ ᠱᠢᠶᠠᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ᠎ᠡᠴᠡ ᠬᠠᠮᠢᠶ᠎ᠠ ᠪᠥᠬᠥᠶ ᠬᠠᠷᠢᠭᠤᠴᠠᠯᠭᠠᠲᠠᠨ᠎ᠲᠠᠶ ᠶᠠᠷᠢᠯᠴᠠᠵᠤ ᠰᠠᠨᠠᠭᠤᠯᠤᠭᠰᠠᠨ ᠪᠦᠭᠡᠳ ᠵᠠᠰᠠᠭ᠎ᠤᠨ ᠶᠠᠪᠤᠳᠠᠯ᠎ᠤᠨ ᠳᠣᠩᠭᠣᠳᠭᠤ ᠱᠢᠢᠳᠭᠡᠯ ᠥᠭ᠌ᠪᠡ᠃

ᠠᠷᠠᠳ ᠣᠯᠠᠨ᠎ᠤ ᠠᠩᠬᠠᠷᠴᠤ ᠪᠠᠢᠭ᠎ᠠ ᠠᠰᠠᠭᠤᠳᠠᠯ ᠳ᠋ᠤ ᠬᠠᠷᠢᠭᠤᠯᠲᠠ ᠥᠭ᠌ᠴᠦ᠂ ᠠᠷᠠᠳ ᠣᠯᠠᠨ᠎ᠤ ᠬᠢᠨᠠᠯᠲᠠ᠎ᠶ᠋ᠢ ᠬᠦᠯᠢᠶᠡᠪᠡ᠃

ᠥᠪᠡᠷᠲᠡᠭᠡᠨ ᠵᠠᠰᠠᠬᠤ ᠣᠷᠣᠨ᠎ᠤ ᠡᠯ᠎ᠡ ᠠᠢᠮᠠᠭ ᠬᠣᠲᠠ ᠵᠢᠨ ᠬᠢᠨ ᠲᠥᠪ᠎ᠦᠨ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠱᠠᠯᠠᠪᠳᠠᠭᠤᠯᠤᠨ ᠪᠠᠢᠴᠠᠭᠠᠵᠤ ᠬᠠᠷᠢᠭᠤ ᠲᠤᠰᠭᠠᠭ᠍ᠰᠠᠨ ᠠᠰᠠᠭᠤᠳᠠᠯ ᠪᠠ ᠣᠯᠠᠨ ᠲᠦᠮᠡᠨ᠎ᠦ ᠵᠠᠬᠢᠳᠠᠯ ᠰᠤᠷᠪᠤᠯᠵᠢᠯᠠᠯ᠎ᠢᠶᠠᠷ ᠢᠯᠡᠴᠢᠯᠡᠨ ᠮᠡᠳᠡᠭᠦᠯᠦᠭ᠌ᠰᠡᠨ ᠬᠡᠷᠡᠭ᠎ᠢ ᠴᠡᠭ᠌ᠴᠡᠯᠡᠨ ᠰᠠᠢᠵᠢᠷᠠᠭᠤᠯᠬᠤ᠎ᠶ᠋ᠢ ᠲᠣᠪᠣᠢᠮ᠎ᠠ ᠪᠠᠢᠷᠢᠨ᠎ᠳᠤ ᠲᠠᠯᠪᠢᠵᠤ᠂ ᠴᠡᠭ᠌ᠴᠡᠯᠡᠨ ᠰᠠᠢᠵᠢᠷᠠᠭᠤᠯᠬᠤ ᠬᠠᠷᠢᠭᠤᠴᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠤᠨ᠂ ᠴᠡᠭ᠌ᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠡ᠎ᠶ᠋ᠢ ᠨᠠᠷᠢᠯᠢᠬ᠍ᠵᠢᠭᠤᠯᠤᠨ ᠪᠣᠳᠠᠲᠠᠢᠵᠢᠭᠤᠯᠵᠤ᠂ ᠡᠭᠡ ᠳᠠᠩᠰᠠ ᠵᠢᠨ ᠳ᠋ᠤᠭᠠᠷ᠎ᠢ ᠬᠠᠰᠤᠬᠤ ᠬᠠᠮᠢᠶᠠᠷᠤᠯᠲᠠ᠎ᠶ᠋ᠢ ᠬᠡᠷᠡᠭ᠌ᠵᠢᠭᠦᠯᠦᠨ᠂ ᠴᠠᠭ ᠲᠤᠬᠠᠶ᠎ᠳᠤᠨᠢ ᠢᠯᠡ ᠨᠡᠢᠳᠡᠯᠡᠵᠦ ᠬᠢᠨᠠᠯᠲᠠ᠎ᠶ᠋ᠢ ᠬᠦᠯᠢᠶᠡᠵᠦ᠂ ᠠᠰᠠᠭᠤᠳᠠᠯ᠎ᠢ ᠪᠠᠢᠴᠠᠭᠠᠨ ᠳᠣᠲᠣᠯᠠᠬᠤ ᠥᠬᠡᠶ ᠪᠣᠯ ᠵᠦᠭᠡᠷ ᠲᠠᠯᠪᠢᠬᠤ ᠥᠬᠡᠶ᠂ ᠴᠡᠭ᠌ᠴᠡᠯᠡᠨ ᠰᠠᠢᠵᠢᠷᠠᠭᠤᠯᠬᠤ ᠥᠬᠡᠶ ᠪᠣᠯ ᠵᠦᠭᠡᠷ ᠲᠠᠯᠪᠢᠬᠤ ᠥᠬᠡᠶ᠂ ᠣᠯᠠᠨ ᠲᠦᠮᠡᠨ ᠬᠠᠨᠤᠮᠵᠢ ᠥᠬᠡᠶ ᠪᠣᠯ ᠵᠦᠭᠡᠷ ᠲᠠᠯᠪᠢᠬᠤ ᠥᠬᠡᠶ ᠪᠠᠢᠬᠤ᠎ᠶ᠋ᠢ ᠦᠨᠡᠨ ᠬᠦ᠌ ᠪᠡᠶᠡᠯᠡᠭᠦᠯᠵᠦ᠍᠂ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠬᠤ᠎ᠳᠤ ᠦᠨᠡᠨ ᠪᠣᠳᠠᠲᠠᠶ ᠦᠷ᠎ᠡ ᠪᠦᠲᠦᠮᠵᠢ ᠤᠯᠬᠤ᠎ᠶ᠋ᠢ ᠪᠥᠬᠥ᠌ ᠬᠦᠴᠦᠨ᠎ᠢᠶᠡᠷ ᠠᠬᠢᠭᠤᠯᠤᠨ᠂ ᠠᠷᠠᠳ ᠣᠯᠠᠨ᠎ᠤ ᠠᠮᠢ ᠠᠬᠤᠶ ᠣᠷᠴᠢᠨ ᠲᠣᠭᠣᠷᠢᠨ᠎ᠤ ᠲᠤᠬᠠᠶ ᠬᠠᠨᠤᠮᠵᠢ᠎ᠶ᠋ᠢᠨ ᠬᠡᠮᠵᠢᠶ᠎ᠡ᠎ᠶ᠋ᠢ ᠲᠠᠰᠤᠷᠠᠯᠲᠠ ᠥᠬᠡᠶ ᠳᠡᠭᠡᠭ᠌ᠰᠢᠯᠡᠭᠦᠯᠪᠡ᠃

ᠣᠢᠷ᠎ᠠ᠎ᠳᠤ᠂ ᠤᠯᠠᠭᠠᠨᠴᠠᠪ ᠬᠣᠲᠠ᠎ᠶ᠋ᠢᠨ ᠨᠠᠮ᠎ᠤᠨ ᠬᠣᠷᠢᠶᠠᠨ᠎ᠤ ᠱᠦᠵᠢ ᠰᠦᠶ ᠸᠧᠶ ᠵᠢᠶᠦ᠋ᠨ᠂ ᠬᠣᠲᠠ᠎ᠶ᠋ᠢᠨ ᠳᠠᠷᠤᠭ᠎ᠠ ᠴᠢ ᠹᠸᠢ ᠶᠦᠨ ᠤᠷᠢᠳ ᠬᠣᠵᠢᠳ ᠹᠸᠩᠵᠸᠨ ᠬᠣᠲᠠ᠂ ᠵᠦᠸᠧᠽᠢ ᠱᠢᠶᠠᠨ᠂ ᠴᠠᠬᠠᠷ ᠪᠠᠷᠠᠭᠤᠨ ᠭᠠᠷᠤᠨ ᠬᠣᠢᠲᠤ ᠬᠣᠱᠢᠭᠤᠨ᠎ᠳᠤ ᠭᠦᠨᠵᠡᠭᠡᠢᠷᠡᠵᠦ᠍᠂ ᠢᠯᠡ᠎ᠪᠡᠷ ᠪᠠᠢᠴᠠᠭᠠᠬᠤ ᠪᠠ ᠳᠠᠯᠳᠠᠭᠤᠷ ᠰᠤᠷᠪᠤᠯᠵᠢᠯᠠᠬᠤ ᠵᠢ ᠤᠶᠠᠯᠳᠤᠭᠤᠯᠬᠤ ᠠᠷᠭ᠎ᠠ ᠬᠡᠯᠪᠡᠷᠢ᠎ᠪᠡᠷ ᠳᠠᠮᠵᠢᠨ᠂ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠠᠵᠢᠯ᠎ᠢ ᠲᠤᠰᠭᠠᠶ ᠰᠡᠳᠦᠪ᠎ᠢᠶᠡᠷ ᠱᠠᠯᠠᠪᠳᠠᠭᠤᠯᠤᠨ ᠵᠢᠯᠣᠭᠣᠳᠪᠠ᠃

ᠠᠯᠠᠱᠠ ᠠᠢᠮᠠᠭ᠎ᠤᠨ ᠨᠠᠮ᠎ᠤᠨ ᠬᠣᠷᠢᠶᠠᠨ᠎ᠤ ᠱᠦᠵᠢ ᠳᠠᠢᠴᠢᠨ᠂ ᠠᠢᠮᠠᠭ᠎ᠤᠨ ᠳᠠᠷᠤᠭ᠎ᠠ ᠯᠢ ᠵᠥᠩ ᠽᠸᠩ ᠲᠣᠰ ᠲᠣᠰ ᠲᠥᠪ᠎ᠦᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ ᠎ᠤᠨ ᠰᠢᠢᠳᠪᠦᠷᠢᠯᠡᠭᠦᠯᠬᠦ ᠪᠠᠷ ᠲᠤᠰᠢᠶᠠᠭᠰᠠᠨ ᠭᠤᠤᠯᠳᠠᠯᠭ᠎ᠠ᠎ᠲᠠᠶ ᠬᠡᠷᠡᠭ᠎ᠢ ᠳᠠᠭᠠᠭᠠᠴᠢᠯᠠᠨ ᠠᠪᠴᠤ᠂ ᠲᠥᠪ᠎ᠦᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ᠎ᠤᠨ ᠰᠢᠢᠳᠪᠦᠷᠢᠯᠡᠭᠦᠯᠬᠦ ᠪᠡᠷ ᠲᠤᠰᠢᠶᠠᠭᠰᠠᠨ ᠵᠠᠬᠢᠳᠠᠯ ᠰᠤᠷᠪᠤᠯᠵᠢᠯᠠᠯ᠎ᠤᠨ ᠬᠡᠷᠡᠭ᠎ᠢ ᠴᠡᠭ᠌ᠴᠡᠯᠡᠨ ᠰᠠᠢᠵᠢᠷᠠᠭᠤᠯᠬᠤ ᠠᠵᠢᠯ᠎ᠢ ᠲᠤᠬᠠᠶ᠎ᠶ᠋ᠢᠨ ᠭᠠᠵᠠᠷ᠎ᠲᠤᠨᠢ ᠭᠦᠨᠵᠡᠭᠡᠶ ᠱᠠᠯᠠᠪᠳᠠᠭᠤᠯᠤᠨ ᠵᠢᠯᠣᠭᠣᠳᠴᠤ᠌᠂ ᠣᠯᠠᠨ ᠲᠦᠮᠡᠨ᠎ᠦ ᠲᠤᠰᠭᠠᠭ᠍ᠰᠠᠨ ᠠᠰᠠᠭᠤᠳᠠᠯ᠎ᠳᠤ ᠴᠢᠭ᠌ᠯᠡᠭᠦᠯᠦᠨ᠂ ᠲᠤᠬᠠᠶ᠎ᠶ᠋ᠢᠨ ᠲᠠᠯᠠᠪᠠᠶ᠎ᠳᠤ ᠲᠣᠳᠣᠷᠬᠠᠶ ᠴᠡᠭ᠌ᠴᠡᠯᠡᠨ ᠰᠠᠢᠵᠢᠷᠠᠭᠤᠯᠬᠤ ᠱᠠᠭᠠᠷᠳᠠᠯᠭ᠎ᠠ ᠳᠤᠷᠠᠳᠪᠠ᠃

4 ᠰᠠᠷ᠎ᠠ᠎ᠶ᠋ᠢᠨ 3 ᠎ᠡᠴᠡ 4 ᠤ᠋ ᠡᠳᠦᠷ ᠪᠣᠯᠲᠠᠯ᠎ᠠ᠂ ᠤᠯᠠᠭᠠᠨᠬᠠᠳᠠ ᠬᠣᠲᠠ᠎ᠶ᠋ᠢᠨ ᠨᠠᠮ᠎ᠤᠨ ᠬᠣᠷᠢᠶᠠᠨ᠎ᠤ ᠱᠦᠵᠢ ᠸᠠᠨ ᠴᠤᠤ ᠴᠢ᠂ ᠬᠣᠲᠠ᠎ᠶ᠋ᠢᠨ ᠳᠠᠷᠤᠭ᠎ᠠ ᠸᠠᠩ ᠸᠠᠩ ᠱᠧᠩ ᠲᠣᠰ ᠲᠣᠰ ᠱᠠᠯᠠᠪᠳᠠᠭᠤᠯᠤᠨ ᠪᠠᠢᠴᠠᠭᠠᠬᠤ ᠳᠤᠭᠤᠢᠯᠠᠩ᠎ᠤᠨ ᠰᠢᠢᠳᠪᠦᠷᠢᠯᠡᠭᠦᠯᠬᠦ ᠪᠡᠷ ᠲᠤᠰᠢᠶᠠᠭᠰᠠᠨ ᠵᠠᠬᠢᠳᠠᠯ ᠰᠤᠷᠪᠤᠯᠵᠢᠯᠠᠯ᠎ᠤᠨ ᠬᠡᠷᠡᠭ᠎ᠢ ᠱᠢᠶ᠋ᠳᠪᠦᠷᠢᠯᠡᠭ᠌ᠰᠡᠨ ᠪᠠᠢᠳᠠᠯ᠎ᠢ ᠲᠤᠬᠠᠶ᠎ᠶ᠋ᠢᠨ ᠭᠠᠵᠠᠷ᠎ᠲᠤᠨᠢ ᠪᠠᠢᠴᠠᠭᠠᠪᠠ᠃

ᠱᠢᠯᠢ᠎ᠶ᠋ᠢᠨ ᠭᠤᠤᠯ ᠠᠢᠮᠠᠭ᠎ᠤᠨ ᠵᠠᠬᠢᠷᠭ᠎ᠠ᠎ᠶ᠋ᠢᠨ ᠭᠤᠤᠯ ᠤᠳᠤᠷᠢᠳᠤᠯᠭ᠎ᠠ᠂ ᠬᠤᠪᠢᠳᠠᠨ ᠬᠠᠮᠢᠶᠠᠷᠬᠤ ᠤᠳᠤᠷᠢᠳᠤᠯᠭ᠎ᠠ ᠡᠳᠦᠷ ᠪᠦᠷᠢ ᠪᠥᠬᠥ᠌ ᠠᠢᠮᠠᠭ᠎ᠤᠨ ᠰᠢᠢᠳᠪᠦᠷᠢᠯᠡᠭᠦᠯᠬᠦ ᠪᠡᠷ ᠰᠢᠯᠵᠢᠭᠦᠯᠦᠨ ᠦᠭᠭᠦᠭᠰᠡᠨ ᠵᠠᠬᠢᠳᠠᠯ ᠰᠤᠷᠪᠤᠯᠵᠢᠯᠠᠯ᠎ᠤᠨ ᠢᠯᠡᠴᠢᠯᠡᠨ ᠮᠡᠳᠡᠭᠦᠯᠦᠭ᠌ᠰᠡᠨ ᠬᠡᠷᠡᠭ᠎ᠢ ᠴᠡᠭ᠌ᠴᠡᠯᠡᠨ ᠰᠠᠢᠵᠢᠷᠠᠭᠤᠯᠬᠤ ᠠᠵᠢᠯ ᠢ᠋ ᠲᠣᠬᠢᠷᠠᠭᠤᠯᠬᠤ ᠬᠤᠷᠠᠯ ᠬᠤᠷᠠᠯᠳᠤᠭᠤᠯᠵᠤ᠂ ᠬᠣᠯᠪᠣᠭ᠍ᠳᠠᠯ ᠪᠥᠬᠥᠶ ᠬᠣᠱᠢᠭᠤ ᠱᠢᠶᠠᠨ ᠬᠣᠲᠠ(ᠲᠣᠭᠣᠷᠢᠭ)ᠵᠢᠨ ᠬᠡᠷᠡᠭ᠎ᠢ ᠱᠢᠶ᠋ᠳᠪᠦᠷᠢᠯᠡᠭ᠌ᠰᠡᠨ ᠪᠠᠢᠳᠠᠯ᠎ᠢ ᠰᠣᠨᠣᠰᠴᠤ᠌᠂ ᠢᠯᠡᠴᠢᠯᠡᠨ ᠮᠡᠳᠡᠭᠦᠯᠦᠭ᠌ᠰᠡᠨ ᠠᠰᠠᠭᠤᠳᠠᠯ᠎ᠢ ᠨᠢᠭᠡᠳ ᠨᠢᠭᠡ᠎ᠪᠡᠷ ᠵᠥᠪᠳᠡᠯᠴᠡᠵᠦ᠍᠂ ᠴᠡᠭ᠌ᠴᠡᠯᠡᠨ ᠰᠠᠢᠵᠢᠷᠠᠭᠤᠯᠬᠤ ᠰᠠᠨᠠᠯ ᠳᠤᠷᠠᠳᠴᠤ᠌᠂ ᠲᠤᠬᠠᠶ᠎ᠶ᠋ᠢᠨ ᠭᠠᠵᠠᠷ᠎ᠲᠤᠨᠢ ᠬᠠᠷᠭᠤᠭᠤᠯᠤᠨ ᠪᠠᠢᠴᠠᠭᠠᠬᠤ᠂ ᠴᠡᠭ᠌ᠴᠡᠯᠡᠨ ᠰᠠᠢᠵᠢᠷᠠᠭᠤᠯᠬᠤ ᠵᠢ ᠱᠠᠯᠠᠪᠳᠠᠭᠤᠯᠬᠤ ᠪᠠ ᠣᠯᠠᠨ ᠲᠦᠮᠡᠨ᠎ᠦ ᠳᠠᠬᠢᠨᠳᠠ ᠰᠤᠷᠪᠤᠯᠵᠢᠯᠠᠬᠤ ᠵᠡᠷᠭᠡ ᠠᠵᠢᠯ᠎ᠢ ᠦᠨᠡᠨ ᠬᠦ᠌ ᠨᠠᠷᠢᠯᠢᠭ ᠬᠢᠵᠤ ᠪᠤᠢ᠃

ᠲᠡᠰ ᠳᠡᠪᠱᠢᠭᠦᠯᠵᠦ᠍ ᠱᠠᠯᠠᠪᠳᠠᠭᠤᠯᠤᠨ ᠱᠢᠢᠳᠪᠦᠷᠢᠯᠡᠭᠦᠯᠵᠤ᠂ ᠴᠢᠩᠭ᠎ᠠ ᠠᠬᠢᠭᠤᠯᠵᠤ᠂ ᠠᠮᠢ ᠠᠬᠤᠢ ᠤᠷᠴᠢᠨ ᠲᠤᠭᠤᠷᠢᠨ ᠤ᠋ ᠬᠠᠮᠠᠭᠠᠯᠠᠯᠲᠠ ᠪᠠ ᠲᠥᠪ᠎ᠦᠨ ᠣᠷᠴᠢᠨ ᠲᠤᠭᠤᠷᠢᠨ ᠤ᠋ ᠬᠠᠮᠠᠭᠠᠯᠠᠯᠲᠠ᠎ᠶ᠋ᠢᠨ ᠱᠠᠯᠠᠪᠳᠠᠭᠤᠯᠤᠨ ᠪᠠᠢᠴᠠᠭᠠᠯᠲᠠ᠎ᠶ᠋ᠢᠨ ᠰᠢᠢᠳᠪᠦᠷᠢᠯᠡᠭᠦᠯᠬᠦ ᠪᠡᠷ ᠲᠤᠰᠢᠶᠠᠭᠰᠠᠨ ᠵᠠᠬᠢᠳᠠᠯ ᠰᠤᠷᠪᠤᠯᠵᠢᠯᠠᠯ ᠤ᠋ᠨ ᠬᠡᠷᠡᠭ᠎ᠢ ᠱᠢᠢᠳᠪᠦᠷᠢᠯᠡᠬᠦ᠌ ᠠᠵᠢᠯ᠎ᠢ ᠰᠠᠢᠲᠤᠷ ᠬᠢᠬᠦ᠌ ᠲᠤᠯᠭᠠᠮ ᠰᠡᠳᠭᠢᠯᠭᠡ᠂ ᠬᠠᠷᠢᠭᠤᠴᠠᠯᠭᠠᠲᠤ ᠰᠡᠳᠭᠢᠯᠭᠡ᠎ᠪᠡᠨ ᠤᠯᠠᠮ ᠴᠢᠨᠠᠭᠰᠢᠳᠠ ᠴᠢᠩᠭᠠᠳᠬᠠᠪᠠ᠃

ᠠᠯᠠᠱᠠ ᠠᠢᠮᠠᠭ ᠤ᠋ᠨ ᠬᠢᠨ ᠰᠢᠢᠳᠪᠦᠷᠢᠯᠡᠭᠦᠯᠬᠦ ᠪᠡᠷ ᠰᠢᠯᠵᠢᠭᠦᠯᠦᠨ ᠦᠭᠭᠦᠭᠰᠡᠨ ᠬᠡᠷᠡᠭ ᠪᠣᠯᠭᠠᠨ ᠢ᠋ ᠶᠡᠬᠡ ᠪᠠᠭ᠎ᠠ ᠭᠡᠰᠡᠨ ᠦᠭᠡᠢ ᠴᠥᠮ ᠲᠤᠰᠭᠠᠢ ᠴᠡᠭ᠌ᠴᠡᠯᠡᠨ ᠰᠠᠢᠵᠢᠷᠠᠭᠤᠯᠬᠤ ᠲᠥᠰᠦᠯ ᠲᠣᠭ᠍ᠲᠠᠭᠠᠵᠤ᠂ ᠪᠣᠳᠠᠲᠠᠢ ᠠᠷᠭ᠎ᠠ ᠬᠡᠮᠵᠢᠶ᠎ᠠ᠎ᠶ᠋ᠢ ᠲᠣᠳᠣᠷᠬᠠᠢᠯᠠᠵᠤ᠂ ᠴᠡᠭ᠌ᠴᠡᠯᠡᠨ ᠰᠠᠢᠵᠢᠷᠠᠭᠤᠯᠬᠤ ᠴᠠᠭ᠎ᠤᠨ ᠬᠢᠵᠠᠭᠠᠷ᠎ᠢ ᠲᠣᠳᠣᠷᠬᠠᠢᠯᠠᠵᠤ᠂ ᠲᠥᠪ᠎ᠦᠨ ᠣᠷᠴᠢᠨ ᠲᠣᠭᠣᠷᠢᠨ᠎ᠤ ᠬᠠᠮᠠᠭᠠᠯᠠᠯᠲᠠ ᠵᠢᠨ ᠱᠠᠯᠠᠪᠳᠠᠭᠤᠯᠤᠨ ᠪᠠᠢᠴᠠᠭᠠᠬᠤ ᠬᠣᠯᠪᠣᠭ᠍ᠳᠠᠯ ᠪᠦᠬᠦᠢ ᠱᠠᠭᠠᠷᠳᠠᠯᠭ᠎ᠠ ᠶᠣᠰᠣᠭᠠᠷ ᠯᠠᠪᠳᠠᠭᠤᠨ ᠪᠠᠲᠤᠲᠠᠢ ᠴᠡᠭ᠌ᠴᠡᠯᠡᠨ ᠰᠠᠢᠵᠢᠷᠠᠭᠤᠯᠬᠤ᠎ᠶ᠋ᠢ ᠠᠬᠢᠭᠤᠯᠵᠤ ᠪᠠᠢᠨ᠎ᠠ᠃

ᠱᠢᠯᠢ᠎ᠶ᠋ᠢᠨ ᠭᠤᠤᠯ ᠠᠢᠮᠠᠭ᠎ᠤᠨ ᠴᠡᠭ᠌ᠴᠡᠯᠡᠨ ᠰᠠᠢᠵᠢᠷᠠᠭᠤᠯᠵᠤ ᠱᠠᠯᠠᠪᠳᠠᠭᠤᠯᠤᠨ ᠰᠢᠢᠳᠪᠦᠷᠢᠯᠡᠭᠦᠯᠬᠦ ᠳᠤᠭᠤᠢᠯᠠᠩ ᠲᠡᠷᠡ ᠳᠠᠷᠤᠶ᠎ᠳᠤᠨᠢ ᠠᠵᠢᠯ᠎ᠤᠨ ᠲᠤᠰᠭᠠᠶ ᠠᠩᠭᠢ ᠪᠠᠢᠭᠤᠯᠵᠤ᠂ ᠰᠢᠢᠳᠪᠦᠷᠢᠯᠡᠭᠦᠯᠬᠦ ᠪᠡᠷ ᠲᠤᠰᠢᠶᠠᠭᠰᠠᠨ ᠬᠡᠷᠡᠭ᠎ᠢ ᠪᠠᠢᠴᠠᠭᠠᠨ ᠬᠠᠷᠭᠤᠭᠤᠯᠬᠤ᠂ ᠱᠢᠯᠵᠢᠭᠦᠯᠦᠨ ᠥᠭ᠌ᠴᠦ ᠱᠠᠯᠠᠪᠳᠠᠭᠤᠯᠬᠤ ᠪᠠ ᠨᠠᠢᠳᠠᠪᠤᠷᠢᠵᠢᠭᠤᠯᠵᠤ ᠬᠠᠷᠢᠭᠤ ᠲᠤᠰᠭᠠᠬᠤ ᠵᠡᠷᠭᠡ ᠠᠵᠢᠯ᠎ᠢ ᠲᠤᠰᠭᠠᠢᠯᠠᠨ ᠬᠠᠷᠢᠭᠤᠴᠠᠪᠠ᠃ ᠣᠯᠠᠨ ᠲᠦᠮᠡᠨ᠎ᠦ ᠣᠷᠴᠢᠨ ᠲᠣᠭᠣᠷᠢᠨ᠎ᠤ ᠵᠠᠬᠢᠳᠠᠯ ᠰᠤᠷᠪᠤᠯᠵᠢᠯᠠᠯ᠎ᠤᠨ ᠢᠯᠡᠴᠢᠯᠡᠨ ᠮᠡᠳᠡᠭᠦᠯᠦᠭ᠌ᠰᠡᠨ ᠬᠡᠷᠡᠭ᠎ᠢ ᠰᠢᠢᠳᠪᠦᠷᠢᠯᠡᠬᠦ ᠳᠡᠰ ᠳᠠᠷᠠᠭᠠᠯᠠᠯ ᠪᠠ ᠬᠣᠱᠢᠭᠤ ᠱᠢᠶᠠᠨ ᠬᠣᠲᠠ(ᠲᠣᠭᠣᠷᠢᠭ) ᠵᠢᠨ ᠬᠡᠷᠡᠭ᠎ᠢ ᠱᠢᠯᠵᠢᠭᠦᠯᠦᠨ ᠰᠢᠢᠳᠪᠦᠷᠢᠯᠡᠭᠦᠯᠬᠦ ᠵᠢᠴᠢ ᠱᠢᠶ᠋ᠳᠪᠦᠷᠢᠯᠡᠵᠦ᠍ ᠳᠠᠭᠤᠰᠭᠠᠭ᠍ᠰᠠᠨ᠎ᠢ ᠳᠡᠭᠡᠭ᠌ᠰᠢ ᠮᠡᠳᠡᠭᠦᠯᠬᠦ᠌ ᠳᠡᠰ ᠳᠠᠷᠠᠭᠠᠯᠠᠯ᠎ᠢ ᠲᠣᠭ᠍ᠲᠠᠭᠠᠪᠠ; ᠠᠢᠮᠠᠭ᠎ᠤᠨ ᠱᠠᠲᠤᠨ᠎ᠤ ᠤᠳᠤᠷᠢᠳᠭᠤ ᠨᠥᠬᠥᠳ᠎ᠦᠨ ᠳᠠᠭᠠᠭᠠᠴᠢᠯᠠᠨ ᠬᠠᠷᠢᠯᠴᠠᠵᠤ ᠱᠠᠯᠠᠪᠳᠠᠭᠤᠯᠤᠨ ᠰᠢᠢᠳᠪᠦᠷᠢᠯᠡᠭᠦᠯᠬᠦ ᠲᠣᠭ᠍ᠲᠡᠴᠡ᠎ᠶ᠋ᠢ ᠪᠠᠢᠭᠤᠯᠵᠤ᠂ ᠠᠢᠮᠠᠭ᠎ᠤᠨ ᠨᠠᠮ᠎ᠤᠨ ᠬᠣᠷᠢᠶ᠎ᠠ᠂ ᠠᠢᠮᠠᠭ᠎ᠤᠨ ᠵᠠᠬᠢᠷᠭ᠎ᠠ᠎ᠶ᠋ᠢᠨ ᠤᠳᠤᠷᠢᠳᠭᠤ ᠪᠠᠭ᠎ᠤᠨ ᠪᠦᠷᠢᠯᠳᠦᠬᠦᠨ᠎ᠨᠡᠷ ᠡᠯ᠎ᠡ ᠬᠣᠱᠢᠭᠤ ᠱᠢᠶᠠᠨ ᠬᠣᠲᠠ(ᠲᠣᠭᠣᠷᠢᠭ) ᠎ᠶ᠋ᠢ ᠳᠠᠭᠠᠭᠠᠴᠢᠯᠠᠨ ᠬᠠᠷᠢᠯᠴᠠᠵᠤ ᠱᠠᠯᠠᠪᠳᠠᠭᠤᠯᠤᠨ ᠰᠢᠢᠳᠪᠦᠷᠢᠯᠡᠭᠦᠯᠵᠦ᠂ ᠠᠩᠭᠢ ᠳᠠᠭᠠᠭᠤᠯᠤᠨ ᠲᠤᠬᠠᠢ᠎ᠶ᠋ᠢᠨ ᠲᠠᠯᠠᠪᠠᠢ᠎ᠳᠤ ᠬᠦᠷᠴᠦ᠍ ᠵᠢᠭᠠᠨ ᠵᠢᠯᠣᠭᠣᠳᠴᠤ᠌ ᠬᠠᠷᠭᠤᠭᠤᠯᠤᠨ ᠪᠠᠢᠴᠠᠭᠠᠵᠤ᠂ ᠴᠡᠭ᠌ᠴᠡᠯᠡᠨ ᠰᠠᠢᠵᠢᠷᠠᠭᠤᠯᠬᠤ ᠵᠢ ᠱᠠᠯᠠᠪᠳᠠᠭᠤᠯᠤᠨ᠂ ᠳᠠᠭᠠᠭᠠᠴᠢᠯᠠᠨ ᠬᠠᠷᠢᠯᠴᠠᠬᠤ ᠭᠠᠵᠠᠷ ᠣᠷᠣᠨ᠎ᠤ ᠬᠡᠷᠡᠭ᠎ᠢ ᠭᠦᠢᠴᠡᠳᠭᠡᠭ᠌ᠰᠡᠨ ᠪᠠᠢᠳᠠᠯ᠎ᠤᠨ ᠬᠠᠷᠢᠭᠤ ᠮᠡᠳᠡᠭᠦᠯᠦᠯᠲᠡ᠎ᠶ᠋ᠢ ᠲᠣᠭ᠍ᠲᠠᠮᠠᠯ ᠬᠤᠭᠤᠴᠠᠭ᠎ᠠ᠎ᠲᠠᠶ᠎ᠪᠠᠷ ᠰᠣᠨᠣᠰᠴᠤ᠌᠂ ᠠᠰᠠᠭᠤᠳᠠᠯ᠎ᠢ ᠱᠢᠢᠳᠪᠦᠷᠢᠯᠡᠬᠦ᠌᠎ᠶ᠋ᠢ ᠮᠦᠷᠳᠡᠨ ᠠᠬᠢᠭᠤᠯᠵᠤ ᠪᠠᠢᠨ᠎ᠠ; ᠤᠯᠠᠨ ᠲᠦᠮᠡᠨ᠎ᠦ ᠵᠠᠬᠢᠳᠠᠯ ᠰᠤᠷᠪᠤᠯᠵᠢᠯᠠᠯ ᠵᠢᠡᠷ ᠢᠯᠡᠴᠢᠯᠡᠨ ᠮᠡᠳᠡᠭᠦᠯᠦᠭ᠌ᠰᠡᠨ ᠬᠡᠷᠡᠭ᠎ᠢ ᠬᠠᠷᠭᠤᠭᠤᠯᠤᠨ ᠪᠠᠢᠴᠠᠭᠠᠵᠤ ᠴᠡᠭ᠌ᠴᠡᠯᠡᠨ ᠰᠠᠢᠵᠢᠷᠠᠭᠤᠯᠬᠤ ᠠᠵᠢᠯ᠎ᠤᠨ ᠲᠣᠭ᠍ᠲᠡᠴᠡ᠎ᠶ᠋ᠢ ᠪᠠᠢᠭᠤᠯᠵᠤ᠂ ᠲᠥᠪ᠎ᠦᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ᠎ᠤᠨ ᠰᠢᠢᠳᠪᠦᠷᠢᠯᠡᠭᠦᠯᠬᠦ ᠪᠡᠷ ᠲᠤᠰᠢᠶᠠᠭᠰᠠᠨ ᠤᠯᠠᠨ ᠲᠦᠮᠡᠨ᠎ᠦ ᠵᠠᠬᠢᠳᠠᠯ ᠰᠤᠷᠪᠤᠯᠵᠢᠯᠠᠯ ᠵᠢᠡᠷ ᠢᠯᠡᠴᠢᠯᠡᠨ ᠮᠡᠳᠡᠭᠦᠯᠦᠭ᠌ᠰᠡᠨ ᠬᠡᠷᠡᠭ᠎ᠢ ᠴᠥᠮ ᠭᠣᠣᠯᠳᠠᠯᠭ᠎ᠠ᠎ᠲᠠᠶ ᠠᠩᠬᠠᠷᠬᠤ ᠬᠡᠷᠡᠭ ᠪᠤᠯᠭᠠᠨ ᠲᠡᠰ ᠳᠡᠪᠱᠢᠭᠦᠯᠦᠨ ᠱᠢᠢᠳᠪᠦᠷᠢᠯᠡᠵᠤ ᠪᠠᠢᠨ᠎ᠠ; ᠬᠠᠷᠢᠶ᠎ᠠ ᠭᠠᠵᠠᠷ᠎ᠤᠨ ᠬᠠᠷᠭᠤᠭᠤᠯᠤᠨ ᠪᠠᠢᠴᠠᠭᠠᠭᠠᠳ ᠦᠨᠡᠨ ᠪᠣᠳᠠᠲᠠᠶ ᠪᠢᠰᠢ ᠪᠤᠶᠤ ᠬᠡᠰᠡᠭ᠎ᠨᠢ ᠦᠨᠡᠨ ᠪᠣᠳᠠᠲᠠᠶ ᠪᠢᠰᠢ ᠭᠡᠵᠤ ᠮᠡᠳᠡᠭᠦᠯᠦᠭᠰᠡᠨ ᠢ᠋ ᠴᠥᠮ ᠲᠣᠭ᠍ᠲᠠᠭ᠍ᠰᠠᠨ ᠬᠤᠭᠤᠴᠠᠭᠠᠨ ᠳᠣᠲᠣᠷ᠎ᠠ ᠳᠠᠭᠢᠵᠤ ᠱᠢᠨ᠎ᠡ᠎ᠪᠡᠷ ᠬᠠᠷᠭᠤᠭᠤᠯᠤᠨ ᠪᠠᠢᠴᠠᠭᠠᠨ᠎ᠠ; ᠬᠢᠨᠠᠨ ᠪᠠᠢᠴᠠᠭᠠᠭᠠᠳ ᠦᠨᠡᠨ ᠪᠣᠳᠠᠲᠠᠶ ᠪᠠᠢᠵᠤ ᠪᠠᠷᠢᠨ ᠬᠡᠷᠡᠭ᠌ᠵᠢᠭᠦᠯᠵᠦ᠍ ᠪᠠᠷᠢᠨ ᠥᠭᠡᠷᠡᠴᠢᠯᠡᠵᠦ᠍ ᠪᠣᠯᠬᠤ᠎ᠶ᠋ᠢ ᠨᠢ 3 ᠡᠳᠦᠷ᠎ᠦᠨ ᠳᠣᠲᠣᠷ᠎ᠠ ᠴᠡᠭ᠌ᠴᠡᠯᠡᠨ ᠥᠭᠡᠷᠡᠴᠢᠯᠡᠵᠦ᠍ ᠳᠠᠭᠤᠰᠭᠠᠬᠤ ᠬᠡᠷᠡᠭ᠌ᠲᠡᠶ᠃ ᠡᠭᠦᠨ᠎ᠦ ᠬᠠᠮᠲᠤ᠂ ᠱᠢᠯᠢ᠎ᠶ᠋ᠢᠨ ᠭᠤᠤᠯ ᠠᠢᠮᠠᠭ᠎ᠤᠨ ᠴᠡᠭ᠌ᠴᠡᠯᠡᠨ ᠰᠠᠢᠵᠢᠷᠠᠭᠤᠯᠵᠤ ᠱᠠᠯᠠᠪᠳᠠᠭᠤᠯᠤᠨ ᠰᠢᠢᠳᠪᠦᠷᠢᠯᠡᠭᠦᠯᠬᠦ ᠳᠤᠭᠤᠢᠯᠠᠩ᠎ᠨᠢ ᠭᠠᠷᠠᠭ ᠪᠦᠷᠢ ᠪᠦᠯᠦᠭ ᠤᠳᠠᠭ᠎ᠠ ᠬᠤᠪᠢᠶᠠᠨ ᠡᠯ᠎ᠡ ᠬᠠᠮᠢᠶ᠎ᠠ ᠪᠥᠬᠥᠶ ᠭᠠᠵᠠᠷ ᠣᠷᠣᠨ ᠤ᠋ ᠬᠠᠷᠭᠤᠭᠤᠯᠤᠨ ᠪᠠᠢᠴᠠᠭᠠᠵᠤ ᠪᠡᠶᠡᠯᠡᠭᠦᠯᠦᠭ᠌ᠰᠡᠨ ᠨᠣᠷᠮ᠎ᠠ᠂ ᠪᠠᠷᠢᠨ ᠬᠡᠷᠡᠭ᠌ᠵᠢᠭᠦᠯᠵᠦ᠍ ᠪᠠᠷᠢᠨ ᠥᠭᠡᠷᠡᠴᠢᠯᠡᠭᠰᠡᠨ ᠨᠣᠷᠮ᠎ᠠ᠂ ᠰᠢᠢᠳᠪᠦᠷᠢᠯᠡᠵᠦ ᠳᠠᠭᠤᠰᠭᠠᠭᠠᠳ ᠳᠡᠭᠡᠭ᠌ᠰᠢ ᠮᠡᠳᠡᠭᠦᠯᠦᠭ᠌ᠰᠡᠨ ᠨᠣᠷᠮ᠎ᠠ᠎ᠶ᠋ᠢ ᠮᠡᠳᠡᠭᠳᠡᠬᠦ ᠪᠠ ᠵᠢᠭ᠍ᠰᠠᠭᠠᠵᠤ ᠪᠠᠢᠨ᠎ᠠ᠃

ᠤᠯᠠᠭᠠᠨᠴᠠᠪ ᠬᠣᠲᠠ᠎ᠶ᠋ᠢᠨ ᠨᠠᠮ᠎ᠤᠨ ᠬᠣᠷᠢᠶᠠᠨ᠎ᠤ ᠱᠦᠵᠢ ᠰᠦᠶ ᠸᠧᠶ ᠵᠢᠶᠦ᠋ᠨ ᠲᠡᠮᠦᠷ ᠮᠡᠲᠦ ᠵᠣᠷᠢᠭ᠂ ᠬᠠᠲᠠᠭᠤ ᠠᠷᠭ᠎ᠠ ᠬᠡᠮᠵᠢᠶ᠎ᠡ᠂ ᠴᠢᠩᠭ᠎ᠠ ᠰᠠᠬᠢᠯᠭ᠎ᠠ ᠪᠠᠲᠤ᠎ᠪᠠᠷ ᠨᠢᠭᠡ ᠪᠦᠯᠦᠭ ᠲᠣᠪᠣᠢᠮ᠎ᠠ ᠠᠰᠠᠭᠤᠳᠠᠯ᠎ᠢ ᠦᠨᠡᠨ ᠬᠦ᠌ ᠱᠢᠶ᠋ᠳᠪᠦᠷᠢᠯᠡᠵᠦ᠍᠂ ᠦᠨᠡᠨ ᠪᠣᠳᠠᠲᠠᠶ ᠣᠷᠴᠢᠨ ᠲᠣᠭᠣᠷᠢᠨ᠎ᠤ ᠵᠠᠰᠠᠯᠲᠠ᠎ᠶ᠋ᠢᠨ ᠨᠢᠭᠡ ᠪᠦᠯᠦᠭ ᠦᠷ᠎ᠡ ᠪᠦᠲᠦᠭᠡᠯ᠎ᠢ ᠤᠯᠬᠤ ᠬᠡᠷᠡᠭ᠌ᠲᠡᠶ ᠭᠡᠵᠤ ᠢᠯᠡᠳᠭᠡᠵᠠᠢ᠃

ᠠᠯᠠᠱᠠ ᠠᠢᠮᠠᠭ ᠤ᠋ᠨ ᠬᠢᠨ ᠬᠠᠷᠢᠭᠤᠴᠠᠯᠭ᠎ᠠ᠎ᠪᠠᠨ ᠨᠠᠢᠳᠠᠪᠤᠷᠢᠵᠢᠭᠤᠯᠤᠭ᠍ᠰᠠᠨ ᠥᠬᠡᠶ᠂ ᠴᠡᠭ᠌ᠴᠡᠯᠡᠨ ᠰᠠᠢᠵᠢᠷᠠᠭᠤᠯᠤᠭ᠍ᠰᠠᠨ᠎ᠨᠢ ᠭᠦᠢᠴᠡᠳ ᠥᠬᠡᠶ ᠵᠢᠴᠢ ᠬᠠᠰᠢ ᠶᠠᠰᠢ᠎ᠪᠠᠷ ᠴᠡᠭ᠌ᠴᠡᠯᠡᠨ ᠰᠠᠢᠵᠢᠷᠠᠭᠤᠯᠤᠭ᠍ᠰᠠᠨ᠂ ᠬᠤᠳᠠᠯ ᠬᠠᠭᠤᠷᠮᠠᠭ᠎ᠢᠶᠠᠷ ᠴᠡᠭ᠌ᠴᠡᠯᠡᠨ ᠰᠠᠢᠵᠢᠷᠠᠭᠤᠯᠤᠭ᠍ᠰᠠᠨ ᠵᠡᠷᠭᠡ ᠬᠡᠯᠪᠡᠷᠢᠴᠢ ᠦᠵᠡᠯ ᠨᠣᠶᠠᠨᠴᠢ ᠰᠤᠷᠲᠠᠯ᠎ᠤᠨ ᠠᠰᠠᠭᠤᠳᠠᠯ᠎ᠢ ᠡᠷᠡᠰ ᠪᠠᠢᠴᠠᠭᠠᠨ ᠱᠢᠶ᠋ᠳᠪᠦᠷᠢᠯᠡᠵᠦ᠍᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠪᠡ᠃

ᠡᠯ᠎ᠡ ᠠᠢᠮᠠᠭ ᠬᠣᠲᠠ ᠵᠣᠷᠢᠭ᠍ᠲᠠᠶ᠎ᠪᠠᠷ ᠬᠢᠲᠤᠭ᠎ᠠ᠎ᠶ᠋ᠢᠨ ᠢᠷ᠎ᠢ ᠳᠣᠲᠣᠭ᠍ᠰᠢ ᠪᠠᠨ ᠬᠠᠨᠳᠤᠭᠤᠯᠵᠤ᠂ ᠬᠠᠲᠠᠭᠤ᠎ᠲᠠᠢ ᠨᠢ ᠬᠠᠯᠳᠠᠵᠤ᠂ ᠨᠢᠭᠡ᠎ᠢᠯᠡᠷᠡᠭᠦᠯᠪᠡᠯ ᠨᠢᠭᠡ ᠱᠢᠶ᠋ᠳᠪᠦᠷᠢᠯᠡᠵᠤ ᠪᠤᠢ ᠃

ᠣᠯᠠᠨ ᠲᠦᠮᠡᠨ᠎ᠦ ᠵᠠᠭᠠᠯᠳᠤᠯᠭ᠎ᠠ᠄ ᠤᠯᠠᠭᠠᠨᠬᠠᠳᠠ ᠬᠣᠲᠠ᠎ᠶ᠋ᠢᠨ ᠪᠠᠭᠠᠷᠢᠨ ᠵᠡᠭᠦᠨ ᠬᠣᠱᠢᠭᠤᠨ᠎ᠤ ᠯᠢᠨᠳᠦ᠋ᠩ ᠪᠠᠯᠭᠠᠰᠤᠨ᠎ᠤ ᠳ᠋ᠠ ᠱᠢᠨ ᠵᠤᠸᠠᠩ ᠲᠣᠰᠭᠣᠨ᠎ᠤ ᠬᠦᠨᠡᠰᠤᠨ ᠠᠮᠤ ᠵᠢᠨ ᠲᠠᠷᠢᠶᠠᠨ ᠭᠠᠵᠠᠷ᠎ᠲᠤ 800 ᠭᠠᠷᠤᠶ ᠲᠡᠭ᠌ᠰᠢ ᠳᠥᠷᠪᠡᠯᠵᠢᠨ ᠮᠧᠲ᠋ᠷ᠂ 1 ᠮᠧᠲ᠋ᠷ ᠭᠠᠷᠤᠶ ᠭᠦᠨ ᠨᠦᠬᠡ ᠭᠠᠷᠴᠤ᠌᠂ ᠵᠠᠷᠢᠮ ᠬᠥᠮᠦᠨ ᠱᠢᠷᠣᠶ ᠮᠠᠯᠲᠠᠵᠤ ᠬᠤᠳᠠᠯᠳᠤᠭ᠍ᠰᠠᠨ᠎ᠡᠴᠡ ᠲᠠᠷᠢᠶᠠᠴᠢᠳ ᠲᠠᠷᠢᠶ᠎ᠠ ᠲᠠᠷᠢᠬᠤ ᠵᠢᠨ ᠠᠷᠭ᠎ᠠ ᠥᠬᠡᠶ ᠪᠣᠯᠵᠠᠶ᠃

ᠪᠠᠢᠴᠠᠭᠠᠭ᠍ᠰᠠᠨ᠎ᠢᠶᠠᠷ᠂ ᠪᠠᠭᠠᠷᠢᠨ ᠵᠡᠭᠦᠨ ᠬᠣᠱᠢᠭᠤᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ 2022 ᠣᠨ᠎ᠤ 3 ᠰᠠᠷ᠎ᠠ᠎ᠶ᠋ᠢᠨ 28 ᠤ᠋ ᠡᠳᠦᠷ ᠬᠠᠤᠯᠢ᠎ᠶ᠋ᠢ ᠵᠥᠷᠢᠴᠡᠭ᠌ᠰᠡᠨ ᠵᠧᠩ ᠣᠪᠣᠭ᠍ᠲᠤ᠎ᠶ᠋ᠢ ᠬᠠᠤᠯᠢ ᠶᠣᠰᠣᠭᠠᠷ ᠬᠡᠷᠡᠭ ᠪᠣᠯᠭᠠᠨ ᠳᠡᠩᠰᠡᠯᠡᠵᠦ᠍ ᠪᠠᠢᠴᠠᠭᠠᠨ ᠱᠢᠶ᠋ᠳᠪᠦᠷᠢᠯᠡᠵᠦ᠍᠂ ᠵᠧᠩ ᠣᠪᠣᠭ᠍ᠲᠤ ᠵᠢᠨ 3383.75 ᠲᠥᠭᠥᠷᠢᠭ᠎ᠦᠨ ᠬᠠᠤᠯᠢ ᠪᠤᠰᠤ ᠣᠯᠵᠠ ᠠᠱᠢᠭ᠎ᠢ ᠨᠢ ᠬᠣᠷᠢᠶᠠᠨ ᠠᠪᠬᠤ᠎ᠶ᠋ᠢᠨ ᠬᠠᠮᠲᠤ ᠬᠠᠤᠯᠢ ᠪᠤᠰᠤ ᠣᠯᠵᠠ ᠠᠱᠢᠭ᠎ᠤᠨ ᠬᠢᠨᠢ 50% ᠪᠡᠷ ᠲᠣᠷᠭᠠᠵᠤ᠂ ᠲᠣᠷᠭᠠᠭᠰᠠᠨ ᠪᠠ ᠬᠣᠷᠢᠶᠠᠨ ᠠᠪᠤᠭ᠍ᠰᠠᠨ ᠮᠥᠩᠭᠥ᠌ ᠨᠢ ᠨᠡᠢᠲᠡ 5075.62 ᠲᠥᠭᠥᠷᠢᠭ ᠪᠠᠢᠪᠠ᠃ ᠡᠭᠦᠨ᠎ᠦ ᠬᠠᠮᠲᠤ ᠵᠧᠩ ᠣᠪᠣᠭ᠍ᠲᠤ᠎ᠶ᠋ᠢ ᠬᠠᠤᠯᠢ᠎ᠶ᠋ᠢ ᠵᠥᠷᠢᠴᠡᠭ᠌ᠰᠡᠨ ᠠᠵᠢᠯᠯᠠᠭ᠎ᠠ᠎ᠪᠠᠨ ᠳᠠᠷᠤᠢᠬᠠᠨ ᠵᠠᠯᠠᠷᠠᠭᠤᠯᠵᠤ᠂ ᠲᠤᠰ ᠭᠠᠵᠠᠷ᠎ᠢ 3 ᠰᠠᠷ᠎ᠠ᠎ᠶ᠋ᠢᠨ 30 ᠤ᠋ ᠡᠳᠦᠷ᠎ᠡᠴᠡ ᠡᠮᠦᠨ᠎ᠡ ᠤᠤᠯ ᠪᠠᠢᠳᠠᠯ᠎ᠢ ᠰᠡᠷᠭᠦᠭᠡᠬᠦ ᠪᠡᠷ ᠵᠠᠷᠯᠢᠭᠳᠠᠵᠠᠢ᠃ 3 ᠰᠠᠷ᠎ᠠ᠎ᠶ᠋ᠢᠨ 30 ᠤ᠋ ᠡᠳᠦᠷ᠂ ᠪᠠᠭᠠᠷᠢᠨ ᠵᠡᠭᠦᠨ ᠬᠣᠱᠢᠭᠤᠨ᠎ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ᠋ ᠲᠣᠪᠴᠢᠶ᠎ᠠ᠎ᠶ᠋ᠢᠨ ᠲᠤᠬᠠᠶ᠎ᠶ᠋ᠢᠨ ᠭᠠᠵᠠᠷ᠎ᠲᠤᠨᠢ ᠱᠢᠯᠭᠠᠨ ᠠᠪᠤᠭ᠍ᠰᠠᠨ᠎ᠢᠶᠠᠷ᠂ ᠲᠣᠰ ᠭᠠᠵᠠᠷ᠎ᠤᠨ ᠤᠤᠯ᠎ᠤᠨ ᠪᠠᠢᠳᠠᠯ᠎ᠨᠢ ᠰᠡᠷᠭᠦᠵᠦ᠍ ᠲᠠᠷᠢᠶᠠᠯᠠᠬᠤ ᠨᠥᠬᠥᠴᠡᠯ᠎ᠳᠦ ᠬᠦᠷᠴᠡᠶ᠃ ᠯᠢᠨᠳᠦ᠋ᠩ ᠪᠠᠯᠭᠠᠰᠤᠨ᠎ᠤ ᠵᠠᠰᠠᠭ᠎ᠤᠨ ᠣᠷᠳᠣᠨ ᠡᠶᠡᠳᠡᠭᠦᠯᠦᠨ ᠱᠢᠢᠳᠪᠦᠷᠢᠯᠡᠭᠰᠡᠨ ᠵᠢᠡᠷ ᠵᠠᠭᠠᠯᠳᠤᠭ᠍ᠴᠢ ᠪᠣᠯᠤᠨ ᠵᠧᠩ ᠣᠪᠣᠭ᠍ᠲᠤ 3 ᠰᠠᠷ᠎ᠠ᠎ᠶ᠋ᠢᠨ 28 ᠤ᠋ ᠡᠳᠦᠷ ᠡᠶᠡᠳᠡᠭᠦᠯᠭᠡ᠎ᠶ᠋ᠢᠨ ᠵᠦᠪᠯᠡᠯᠴᠡᠭᠡᠷ᠎ᠦᠨ ᠪᠢᠴᠢᠭ ᠲᠤᠬᠢᠷᠠᠯᠴᠠᠵᠤ᠂ ᠵᠦᠪᠯᠡᠯᠴᠡᠭᠡᠷ᠎ᠲᠦ ᠵᠧᠩ ᠣᠪᠣᠭ᠍ᠲᠤ᠎ᠡᠴᠡ ᠵᠠᠬᠢᠳᠠᠯ᠎ᠰᠤᠷᠪᠤᠯᠵᠢᠯᠠᠯ᠎ᠢᠶᠡᠷ ᠵᠠᠭᠠᠯᠳᠤᠭ᠍ᠴᠢ᠎ᠳᠤ 20000 ᠲᠥᠭᠥᠷᠢᠭ ᠠᠷᠠᠳ᠎ᠤᠨ ᠵᠣᠭᠣᠰ᠎ᠢ ᠨᠢᠭᠡ ᠯᠠ ᠤᠳᠠᠭ᠎ᠠ ᠳ᠋ᠤ ᠥᠭ᠌ᠬᠦ᠎ᠪᠡᠷ ᠪᠣᠯᠵᠣᠨ ᠲᠣᠭ᠍ᠲᠠᠵᠤ᠂ ᠤᠳᠤ ᠵᠧᠩ ᠣᠪᠣᠭ᠍ᠲᠤ ᠨᠢᠭᠡᠨᠲᠡ ᠲᠥᠯᠥᠪᠦᠷᠢ᠎ᠶ᠋ᠢᠨ ᠵᠣᠭᠣᠰ᠎ᠢ ᠵᠠᠭᠠᠯᠳᠤᠭ᠍ᠴᠢ᠎ᠳᠤ ᠲᠤᠱᠢᠶᠠᠨ ᠥᠭ᠌ᠴᠦ᠂ ᠵᠠᠭᠠᠯᠳᠤᠭ᠍ᠴᠢ ᠪᠠᠢᠴᠠᠭᠠᠨ ᠱᠢᠢᠳᠪᠦᠷᠢᠯᠡᠭ᠌ᠰᠡᠨ ᠦᠷ᠎ᠡ ᠳ᠋ᠦᠩ᠎ᠢ ᠵᠥᠪᠱᠢᠶᠡᠷᠡᠵᠦ᠍ ᠪᠠᠢᠬᠤ᠎ᠪᠠᠨ ᠢᠯᠡᠳᠭᠡᠪᠡ᠃

3 ᠰᠠᠷ᠎ᠠ᠎ᠶ᠋ᠢᠨ 30 ᠤ᠋ ᠡᠳᠦᠷ᠂ ᠣᠯᠠᠨ ᠲᠦᠮᠡᠨ ᠤ᠋ ᠢᠯᠡᠴᠢᠯᠡᠨ ᠮᠡᠳᠡᠭᠦᠯᠦᠯᠲᠡ᠄ 2005 ᠣᠨ᠎ᠳᠤ᠂ ᠱᠢᠯᠢ᠎ᠶ᠋ᠢᠨ ᠭᠤᠤᠯ ᠠᠢᠮᠠᠭ᠎ᠤᠨ ᠪᠠᠷᠠᠭᠤᠨ ᠦᠵᠦᠮᠦᠴᠢᠨ ᠬᠣᠱᠢᠭᠤᠨ᠎ᠤ ᠪᠠᠶᠠᠨᠬᠤᠸᠠ ᠪᠠᠯᠭᠠᠰᠤᠨ᠎ᠤ ᠭᠣᠷᠣᠬᠠᠨ ᠤᠰᠤᠨ ᠴᠥᠭᠥᠷᠥᠮ᠎ᠢ ᠪᠥᠲᠥᠭᠡᠨ ᠪᠠᠢᠭᠤᠯᠬᠤ ᠦᠶ᠎ᠡ᠎ᠳᠦ ᠤᠤᠯ᠎ᠤᠨ ᠪᠠᠢᠭ᠍ᠰᠠᠨ ᠶᠡᠬᠡ ᠬᠡᠰᠡᠭ ᠣᠢᠲᠤ ᠭᠠᠵᠠᠷ᠎ᠢ ᠣᠭ᠍ᠲᠣᠯᠵᠤ᠂ ᠨᠤᠭᠤ ᠭᠠᠵᠠᠷ᠎ᠢ ᠡᠪᠳᠡᠭ᠌ᠰᠡᠨ ᠪᠠᠢᠨ᠎ᠠ᠃ ᠤᠰᠤᠨ ᠴᠥᠭᠥᠷᠥᠮ᠎ᠦᠨ ᠤᠢᠷ᠎ᠠ ᠬᠠᠪᠢ ᠵᠢᠨ ᠵᠠᠮ ᠢ᠋ ᠵᠢᠷᠤᠭ ᠲᠥᠯᠥᠪᠯᠡᠭᠡ᠎ᠶ᠋ᠢᠨ ᠱᠠᠭᠠᠷᠳᠠᠯᠭ᠎ᠠ ᠶᠣᠰᠣᠭᠠᠷ ᠬᠠᠲᠠᠭᠤᠷᠠᠭᠤᠯᠤᠭ᠍ᠰᠠᠨ ᠦᠭᠡᠢ᠂ ᠮᠠᠯᠴᠢᠳ ᠤ᠋ᠨ ᠶᠠᠪᠤᠵᠤ ᠰᠠᠭᠤᠬᠤ᠎ᠳᠤ ᠳᠥᠭᠥᠮ ᠦᠭᠡᠢ᠃

ᠪᠠᠷᠠᠭᠤᠨ ᠦᠵᠦᠮᠦᠴᠢᠨ ᠬᠣᠱᠢᠭᠤᠨ᠎ᠤ ᠵᠠᠰᠠᠭ᠎ᠤᠨ ᠣᠷᠳᠣᠨ ᠢᠯᠡᠴᠢᠯᠡᠨ ᠮᠡᠳᠡᠭᠦᠯᠦᠭ᠌ᠰᠡᠨ ᠠᠰᠠᠭᠤᠳᠠᠯ᠎ᠢ ᠭᠥᠯᠢᠶᠡᠨ ᠠᠪᠤᠭᠰᠠᠨ ᠤ᠋ ᠳᠠᠷᠠᠭ᠎ᠠ᠂ ᠲᠡᠷᠡ ᠳᠠᠷᠤᠶ᠎ᠳᠤᠨᠢ ᠠᠵᠢᠯᠯᠠᠬᠤ ᠳᠤᠭᠤᠢᠯᠠᠩ ᠵᠣᠬᠢᠶᠠᠨ ᠪᠠᠢᠭᠤᠯᠵᠤ ᠲᠤᠬᠠᠶ᠎ᠶ᠋ᠢᠨ ᠭᠠᠵᠠᠷ᠎ᠲᠤᠨᠢ ᠪᠠᠢᠴᠠᠭᠠᠨ ᠬᠠᠷᠭᠤᠭᠤᠯᠵᠤ᠂ ᠲᠡᠷᠡ ᠳᠠᠷᠤᠶ᠎ᠳᠤᠨᠢ ᠬᠠᠷᠢᠭᠤᠯᠲᠠ ᠥᠭ᠌ᠴᠠᠢ᠃ ᠢᠯᠠᠩᠭᠤᠶ᠎ᠠ ᠤᠰᠤᠨ ᠴᠥᠭᠥᠷᠥᠮ᠎ᠦᠨ ᠣᠢᠷ᠎ᠠ ᠬᠠᠪᠢ᠎ᠶ᠋ᠢᠨ ᠵᠠᠮ᠎ᠢ ᠵᠢᠷᠤᠭ ᠲᠥᠯᠥᠪᠯᠡᠭᠡ᠎ᠶ᠋ᠢᠨ ᠱᠠᠭᠠᠷᠳᠠᠯᠭ᠎ᠠ ᠶᠣᠰᠣᠭᠠᠷ ᠬᠠᠲᠠᠭᠤᠷᠠᠭᠤᠯᠤᠭ᠍ᠰᠠᠨ ᠥᠬᠡᠶ᠂ ᠮᠠᠯᠴᠢᠳ᠎ᠤᠨ ᠶᠠᠪᠤᠵᠤ ᠰᠠᠭᠤᠬᠤ᠎ᠳᠤ ᠳᠥᠭᠥᠮ ᠦᠭᠡᠢ ᠪᠠᠢᠬᠤ ᠠᠰᠠᠭᠤᠳᠠᠯ᠎ᠳᠤ ᠴᠢᠭ᠌ᠯᠡᠭᠦᠯᠦᠨ᠂ ᠬᠣᠱᠢᠭᠤᠨ ᠤ᠋ ᠵᠠᠰᠠᠭ᠎ᠤᠨ ᠣᠷᠳᠣᠨ ᠬᠥᠳᠡᠭᠡ ᠲᠣᠰᠭᠣᠨ ᠮᠠᠯᠵᠢᠬᠤ ᠣᠷᠣᠨ᠎ᠤ ᠲᠥᠯᠥᠪᠵᠢᠭᠦᠯᠭᠡ᠎ᠲᠡᠶ ᠤᠶᠠᠯᠳᠤᠭᠤᠯᠤᠨ᠂ ᠭᠤᠷᠤᠬᠠᠨ ᠤᠰᠤᠨ ᠴᠥᠭᠥᠷᠥᠮ᠎ᠦᠨ 4.1 ᠺᠢᠯᠣᠮᠧᠲ᠋ᠷ᠎ᠦᠨ ᠬᠠᠱᠢᠯᠭ᠎ᠠ ᠦᠭᠡᠳᠡ ᠭᠠᠷᠬᠤ ᠬᠠᠢᠷ ᠴᠢᠯᠠᠭᠤᠨ ᠵᠠᠮ᠎ᠢ ᠭᠤᠷᠪᠠᠳᠤᠭᠠᠷ ᠳᠡᠰ᠎ᠤᠨ ᠱᠦᠶ᠋ᠨᠢ ᠪᠧᠲ᠋ᠤᠨ ᠵᠠᠰᠠᠮᠠᠯ ᠵᠠᠮ ᠪᠣᠯᠭᠠᠨ ᠥᠭᠡᠷᠡᠴᠢᠯᠡᠬᠦ ᠪᠡᠷ ᠪᠤᠯᠵᠤ᠂ ᠣᠳᠣᠬᠠᠨ᠎ᠳᠤ ᠬᠠᠢᠨ ᠪᠠᠢᠴᠠᠭᠠᠬᠤ ᠵᠢᠷᠤᠭ ᠲᠥᠯᠥᠪᠯᠡᠭᠡ᠎ᠶ᠋ᠢ ᠨᠢᠭᠡᠨᠲᠡ ᠪᠡᠶᠡᠯᠡᠭᠦᠯᠵᠦ᠍᠂ 2022 ᠣᠨ᠎ᠤ 5 ᠰᠠᠷ᠎ᠠ᠎ᠳᠤ ᠠᠵᠢᠯ ᠡᠬᠢᠯᠡᠭᠦᠯᠬᠦ᠌᠎ᠪᠡᠷ ᠲᠥᠯᠥᠪᠯᠡᠵᠦ᠍ ᠪᠠᠢᠨ᠎ᠠ; ᠡᠭᠦᠨ᠎ᠦ ᠬᠠᠮᠲᠤ ᠭᠤᠷᠤᠬᠠᠨ ᠤᠰᠤᠨ ᠴᠥᠭᠥᠷᠥᠮ᠎ᠦᠨ ᠪᠠᠷᠠᠭᠤᠨ ᠲᠠᠯ᠎ᠠ᠎ᠶ᠋ᠢᠨ 9.7 ᠺᠢᠯᠣᠮᠧᠲ᠋ᠷ᠎ᠦᠨ ᠬᠠᠢᠷ ᠴᠢᠯᠠᠭᠤᠨ ᠵᠠᠮ᠎ᠢ ᠮᠠᠯᠵᠢᠬᠤ ᠣᠷᠣᠨ᠎ᠤ ᠵᠠᠮ᠎ᠤᠨ ᠬᠠᠮᠢᠶᠠᠷᠤᠯᠲᠠ ᠬᠠᠮᠠᠭᠠᠯᠠᠯᠲᠠ᠎ᠶ᠋ᠢᠨ ᠲᠥᠯᠥᠪᠯᠡᠭᠡ᠎ᠳᠦ ᠣᠷᠣᠭᠤᠯᠵᠤ᠂ ᠲᠣᠭ᠍ᠲᠠᠮᠠᠯ ᠬᠤᠭᠤᠴᠠᠭ᠎ᠠ᠎ᠲᠠᠶ᠎ᠪᠠᠷ ᠰᠡᠯᠪᠢᠨ ᠵᠠᠰᠠᠵᠤ ᠠᠷᠠᠴᠢᠯᠠᠨ ᠬᠠᠮᠠᠭᠠᠯᠠᠵᠤ᠂ ᠤᠰᠤᠨ ᠴᠥᠭᠥᠷᠥᠮ᠎ᠦᠨ ᠡᠷᠬᠢᠨ ᠲᠣᠭᠣᠷᠢᠨ᠎ᠤ ᠮᠠᠯᠴᠢᠳ᠎ᠤᠨ ᠶᠠᠪᠤᠵᠤ ᠰᠠᠭᠤᠬᠤ᠎ᠳᠤ ᠲᠥᠬᠥᠮ ᠦᠵᠡᠭᠦᠯᠬᠦ᠌ ᠴᠢᠨᠠᠷ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠵᠤ ᠪᠠᠢᠨ᠎ᠠ᠃

ᠡᠯ᠎ᠡ ᠠᠢᠮᠠᠭ ᠬᠣᠲᠠ ᠵᠠᠬᠢᠳᠠᠯ ᠰᠤᠷᠪᠤᠯᠵᠢᠯᠠᠯ᠎ᠤᠨ ᠬᠡᠷᠡᠭ᠎ᠦᠨ ᠬᠠᠷᠢᠭᠤ ᠲᠤᠰᠭᠠᠭ᠍ᠰᠠᠨ ᠠᠰᠠᠭᠤᠳᠠᠯ᠎ᠢ ᠪᠠᠷᠢᠨ ᠬᠡᠷᠡᠭ᠌ᠵᠢᠭᠦᠯᠵᠦ᠍ ᠪᠠᠷᠢᠨ ᠰᠠᠢᠵᠢᠷᠠᠭᠤᠯᠵᠤ ᠳᠡᠢᠯᠬᠦ᠌ ᠪᠦᠬᠦᠨ᠎ᠢ ᠪᠠᠷᠢᠨ ᠬᠢᠵᠤ᠂ ᠬᠠᠮᠤᠭ᠎ᠤᠨ ᠲᠡᠷᠢᠭᠦᠨ᠎ᠳᠦ ᠬᠠᠷᠢᠭᠤ ᠲᠤᠰᠭᠠᠪᠠ; ᠪᠠᠷᠢᠨ ᠬᠡᠷᠡᠭ᠌ᠵᠢᠭᠦᠯᠵᠦ᠍ ᠪᠠᠷᠢᠨ ᠥᠭᠡᠷᠡᠴᠢᠯᠡᠵᠦ᠍ ᠳᠡᠢᠯᠬᠦ᠌ ᠦᠭᠡᠶ ᠪᠤᠯ ᠴᠡᠭ᠌ᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠡ ᠪᠠ ᠴᠠᠭ᠎ᠤᠨ ᠬᠢᠵᠠᠭᠠᠷ᠎ᠢ ᠲᠣᠳᠣᠷᠬᠠᠢᠯᠠᠵᠤ᠂ ᠬᠦᠯᠢᠶᠡᠬᠦ ᠦᠭᠡᠢ ᠬᠣᠢᠱᠢᠯᠠᠭᠤᠯᠬᠤ ᠦᠭᠡᠶ ᠪᠡᠷ ᠰᠠᠢᠵᠢᠷᠠᠭᠤᠯᠬᠤ ᠠᠵᠢᠯ᠎ᠢ ᠡᠬᠢᠯᠡᠭᠦᠯᠪᠠ᠃

ᠣᠢᠯᠠᠭᠠᠭ᠍ᠰᠠᠨ᠎ᠢᠶᠠᠷ᠂ 3 ᠰᠠᠷ᠎ᠠ᠎ᠶ᠋ᠢᠨ 26 ᠎ᠡᠴᠡ 4 ᠰᠠᠷ᠎ᠠ᠎ᠶ᠋ᠢᠨ 6 ᠤ᠋ ᠡᠳᠦᠷ ᠪᠣᠯᠲᠠᠯ᠎ᠠ᠂ ᠲᠥᠪ᠎ᠦᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ ᠡᠴᠡ ᠤᠯᠠᠭᠠᠨᠴᠠᠪ ᠬᠣᠲᠠ ᠳ᠋ᠤ 12 ᠪᠦᠯᠦᠭ ᠨᠡᠢᠲᠡ 61 ᠢᠯᠡᠴᠢᠯᠡᠨ ᠮᠡᠳᠡᠭᠦᠯᠦᠭ᠌ᠰᠡᠨ ᠬᠡᠷᠡᠭ (41 ᠤᠲᠠᠰᠤ᠂ 20 ᠵᠠᠬᠢᠳᠠᠯ) ᠢ᠋ ᠰᠢᠢᠳᠪᠦᠷᠢᠯᠡᠭᠦᠯᠬᠦ ᠪᠡᠷ ᠲᠤᠰᠢᠶᠠᠵᠠᠢ᠃ ᠣᠳᠣᠬᠠᠨ᠎ᠳᠤ᠂ ᠪᠥᠬᠥ᠌ ᠬᠣᠲᠠ ᠨᠢᠭᠡᠨᠲᠡ ᠨᠢᠭᠡᠳᠦᠭᠡᠷ ᠪᠦᠯᠦᠭ᠂ ᠬᠣᠶᠠᠳᠤᠭᠠᠷ ᠪᠦᠯᠦᠭ᠂ ᠭᠤᠷᠪᠠᠳᠤᠭᠠᠷ ᠪᠦᠯᠦᠭ᠂ ᠳᠥᠷᠪᠡᠳᠦᠭᠡᠷ ᠪᠦᠯᠦᠭ ᠤ᠋ᠨ ᠨᠡᠢᠲᠡ 14 ᠵᠠᠬᠢᠳᠠᠯ ᠰᠤᠷᠪᠤᠯᠵᠢᠯᠠᠯ ᠤ᠋ᠨ ᠬᠡᠷᠡᠭ᠎ᠢ ᠪᠠᠢᠴᠠᠭᠠᠨ ᠱᠢᠶ᠋ᠳᠪᠦᠷᠢᠯᠡᠵᠤ᠂ ᠡᠭᠦᠨ᠎ᠳᠦ 11 ᠎ᠶ᠋ᠢ᠎ᠨᠢ ᠨᠢᠭᠡᠨᠲᠡ ᠱᠢᠶ᠋ᠳᠪᠦᠷᠢᠯᠡᠨ ᠳᠠᠭᠤᠰᠭᠠᠵᠤ᠂ 2 ᠎ᠢ ᠎ᠨᠢ ᠱᠠᠲᠤᠴᠢ ᠴᠢᠨᠠᠷᠲᠠᠶ ᠱᠢᠶ᠋ᠳᠪᠦᠷᠢᠯᠡᠨ ᠳᠠᠭᠤᠰᠭᠠᠵᠤ᠂ 1 ᠎ᠶ᠋ᠢ᠎ᠨᠢ ᠱᠢᠶ᠋ᠳᠪᠦᠷᠢᠯᠡᠨ ᠳᠠᠭᠤᠰᠬᠠᠭᠠᠳᠤᠢ᠂ 3 ᠎ᠶ᠋ᠢ᠎ᠨᠢ ᠴᠡᠭ᠌ᠴᠡᠯᠡᠨ ᠰᠠᠢᠵᠢᠷᠠᠭᠤᠯᠬᠤ ᠪᠡᠷ ᠵᠠᠷᠯᠢᠭᠳᠠᠵᠤ᠂ 6 ᠬᠥᠮᠦᠨ᠎ᠡᠴᠡ ᠬᠠᠷᠢᠭᠤᠴᠠᠯᠭ᠎ᠠ ᠨᠡᠬᠡᠮᠵᠢᠯᠡᠪᠡ᠃

4 ᠰᠠᠷ᠎ᠠ᠎ᠶ᠋ᠢᠨ 7 ᠤ᠋ ᠡᠳᠦᠷ ᠪᠣᠯᠲᠠᠯ᠎ᠠ᠂ ᠱᠢᠯᠢ᠎ᠶ᠋ᠢᠨ ᠭᠤᠤᠯ ᠠᠢᠮᠠᠭ ᠵᠠᠬᠢᠳᠠᠯ ᠰᠤᠷᠪᠤᠯᠵᠢᠯᠠᠯ᠎ᠤᠨ ᠬᠡᠷᠡᠭ᠎ᠢ ᠨᠡᠢᠲᠡ 11 ᠪᠦᠯᠦᠭ 31 ᠭᠥᠯᠢᠶᠡᠨ ᠠᠪᠤᠪᠠ ᠂ ᠡᠭᠦᠨ᠎ᠳᠦ 21᠎ᠶ᠋ᠢ᠎ᠨᠢ ᠨᠢᠭᠡᠨᠲᠡ ᠭᠠᠵᠠᠷ ᠣᠷᠣᠨ᠎ᠤ ᠬᠠᠷᠭᠤᠭᠤᠯᠤᠨ ᠪᠠᠢᠴᠠᠭᠠᠯᠲᠠ᠎ᠶ᠋ᠢ ᠪᠡᠶᠡᠯᠡᠭᠦᠯᠵᠦ᠍᠂ ᠲᠦᠷᠦᠭᠦᠦ 6 ᠪᠦᠯᠦᠭ ᠤ᠋ᠨ 13 ᠎ᠶ᠋ᠢ᠎ᠨᠢ ᠨᠢᠭᠡᠨᠲᠡ ᠴᠠᠭ ᠲᠤᠬᠠᠶ᠎ᠳᠤᠨᠢ ᠱᠠᠭᠠᠷᠳᠠᠯᠭ᠎ᠠ ᠶᠣᠰᠣᠭᠠᠷ ᠳᠡᠭᠡᠭ᠌ᠰᠢ ᠮᠡᠳᠡᠭᠦᠯᠵᠦ᠍᠂ ᠭᠠᠵᠠᠷ ᠣᠷᠣᠨ᠎ᠤ ᠬᠠᠷᠭᠤᠭᠤᠯᠤᠨ ᠪᠠᠢᠴᠠᠭᠠᠯᠲᠠ᠎ᠶ᠋ᠢ ᠪᠡᠶᠡᠯᠡᠭᠦᠯᠦᠭ᠌ᠰᠡᠨ ᠨᠣᠷᠮ᠎ᠠ 70% ᠎ᠳ᠋ᠤ ᠬᠦᠷᠴᠦ᠍᠂ ᠬᠣᠱᠢᠭᠤ ᠱᠢᠶᠠᠨ ᠬᠣᠲᠠ (ᠲᠣᠭᠣᠷᠢᠭ)ᠵᠢᠨ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ(ᠬᠠᠮᠢᠶᠠᠷᠤᠯᠲᠠ᠎ᠶ᠋ᠢᠨ ᠵᠥᠪᠯᠡᠯ)ᠤ᠋ ᠪᠠᠢᠴᠠᠭᠠᠨ ᠬᠠᠷᠭᠤᠭᠤᠯᠵᠤ ᠱᠢᠶ᠋ᠳᠪᠦᠷᠢᠯᠡᠭ᠌ᠰᠡᠨ ᠨᠣᠷᠮ᠎ᠠ 100% ᠎ᠳ᠋ᠤ ᠬᠦᠷᠴᠡᠶ᠃ ᠲᠦᠷᠦᠭᠦᠦ 6 ᠪᠦᠯᠦᠭ 13 ᠢᠯᠡᠴᠢᠯᠡᠨ ᠮᠡᠳᠡᠭᠦᠯᠦᠭ᠌ᠰᠡᠨ ᠬᠡᠷᠡᠭ ᠤ᠋ᠨ 5 ᠵᠢ ᠨᠢ ᠱᠢᠶ᠋ᠳᠪᠦᠷᠢᠯᠡᠵᠦ᠍ ᠳᠠᠭᠤᠰᠬᠠᠵᠤ᠂ 8 ᠵᠢ ᠨᠢ ᠱᠠᠲᠤ ᠦᠶᠡᠴᠢ ᠴᠢᠨᠠᠷᠲᠠᠶ ᠱᠢᠶ᠋ᠳᠪᠦᠷᠢᠯᠡᠵᠦ᠍ ᠳᠠᠭᠤᠰᠭᠠᠵᠤ᠂ ᠱᠢᠶ᠋ᠳᠪᠦᠷᠢᠯᠡᠵᠦ᠍ ᠳᠠᠭᠤᠰᠭᠠᠭ᠍ᠰᠠᠨ ᠨᠣᠷᠮ᠎ᠠ ᠪᠠ ᠱᠠᠲᠤᠴᠢ ᠴᠢᠨᠠᠷᠲᠠᠶ ᠱᠢᠶ᠋ᠳᠪᠦᠷᠢᠯᠡᠵᠦ᠍ ᠳᠠᠭᠤᠰᠭᠠᠭ᠍ᠰᠠᠨ ᠨᠣᠷᠮ᠎ᠠ ᠲᠣᠰ ᠲᠣᠰ 38.5% ᠪᠠ 61.5% ᠎ᠳ᠋ᠤ ᠬᠦᠷᠴᠡᠶ᠃

4 ᠰᠠᠷ᠎ᠠ᠎ᠶ᠋ᠢᠨ 7 ᠤ᠋ ᠡᠳᠦᠷ ᠪᠣᠯᠲᠠᠯ᠎ᠠ᠂ ᠲᠥᠪ᠎ᠦᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ ᠡᠴᠡ ᠠᠯᠠᠱᠠ ᠠᠢᠮᠠᠭ ᠲᠤ᠌ 13 ᠪᠦᠯᠦᠭ ᠨᠡᠢᠲᠡ 11 ᠢᠯᠡᠴᠢᠯᠡᠨ ᠮᠡᠳᠡᠭᠦᠯᠦᠭ᠌ᠰᠡᠨ ᠬᠡᠷᠡᠭ(7 ᠤᠳᠠᠰᠤ᠂ 4 ᠵᠠᠬᠢᠳᠠᠯ ) ᠢ᠋ ᠰᠢᠢᠳᠪᠦᠷᠢᠯᠡᠭᠦᠯᠬᠦ ᠪᠡᠷ ᠲᠤᠰᠢᠶᠠᠵᠠᠢ᠃ ᠨᠢᠭᠡᠨᠲᠡ 9 ᠬᠡᠷᠡᠭ᠎ᠢ ᠪᠠᠢᠴᠠᠭᠠᠨ ᠱᠢᠶ᠋ᠳᠪᠦᠷᠢᠯᠡᠵᠦ᠍᠂ 1 ᠬᠡᠷᠡᠭ᠎ᠨᠢ ᠦᠨᠡᠨ ᠪᠣᠳᠠᠲᠠᠶ᠂ 1 ᠬᠡᠷᠡᠭ᠎ᠨᠢ ᠦᠨᠳᠦᠰᠦᠨ᠎ᠳᠡᠭᠡᠨ ᠦᠨᠡᠨ ᠪᠣᠳᠠᠲᠠᠶ᠂ 6 ᠬᠡᠷᠡᠭ ᠤ᠋ᠨ ᠬᠢᠨᠢ ᠬᠡᠰᠡᠭ ᠪᠠᠢᠳᠠᠯ ᠨᠢ ᠦᠨᠡᠨ ᠪᠣᠳᠠᠲᠠᠶ᠂ 1 ᠬᠡᠷᠡᠭ᠎ᠨᠢ ᠦᠨᠡᠨ ᠪᠣᠳᠠᠲᠠᠶ ᠪᠢᠰᠢ ᠪᠠᠢᠨ᠎ᠠ᠃ ᠡᠳᠦᠭᠡ ᠨᠢᠭᠡᠨᠲᠡ 6 ᠵᠢ ᠨᠢ ᠰᠢᠢᠳᠪᠦᠷᠢᠯᠡᠨ ᠳᠠᠭᠤᠰᠭᠠᠵᠤ᠂ 3 ᠵᠢ ᠨᠢ ᠱᠠᠲᠤᠴᠢ ᠴᠢᠨᠠᠷᠲᠠᠶ᠎ᠪᠠᠷ ᠱᠢᠶ᠋ᠳᠪᠦᠷᠢᠯᠡᠨ ᠳᠠᠭᠤᠰᠭᠠᠵᠤ᠂ 3 ᠲᠠᠯ᠎ᠠ ᠵᠢᠨ ᠬᠢᠨ ᠢ᠋ ᠴᠡᠭᠴᠡᠯᠡᠨ ᠰᠠᠢᠵᠢᠷᠠᠭᠤᠯᠬᠤ ᠪᠡᠷ ᠵᠠᠷᠯᠢᠭᠳᠠᠵᠤ᠂ 3 ᠲᠠᠯ᠎ᠠ ᠵᠢᠨ ᠬᠢᠨ ᠢ᠋ ᠬᠡᠷᠡᠭ ᠪᠣᠯᠭᠠᠨ ᠳᠡᠩᠰᠡᠯᠡᠵᠦ᠍ ᠱᠢᠢᠳᠭᠡᠨ ᠲᠣᠷᠭᠠᠵᠤ᠂ ᠲᠣᠷᠭᠠᠭᠤᠯᠢ᠎ᠶ᠋ᠢᠨ ᠵᠣᠭᠣᠰ᠎ᠨᠢ 105 ᠲᠦᠮᠡᠨ ᠲᠥᠭᠥᠷᠢᠭ ᠲᠤ᠌ ᠬᠦᠷᠴᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面