ᠪᠠᠶᠢᠭᠠᠯᠢ ᠣᠷᠴᠢᠨ > ᠲᠦᠪ᠎ᠦ᠋ᠨ ᠣᠷᠴᠢᠨ ᠲᠣᠭᠣᠷᠢᠨ᠎ᠤ᠋ ᠬᠠᠮᠠᠭᠠᠯᠠᠯᠲᠠ

2022-04-16 20:07:10

ᠵᠣᠬᠢᠶᠠᠭ᠍ᠴᠢ᠄ ᠱᠤᠸᠠᠢ ᠵᠧᠩ ᠣᠩᠱᠢᠭ᠍ᠰᠠᠨ ᠣᠳᠠᠭ᠎ᠠ᠄ 3

4 ᠰᠠᠷ᠎ᠠ ᠶ᠋ᠢᠨ 14 ᠤ᠋ ᠡᠳᠦᠷ᠂ ᠲᠥᠪ ᠤ᠋ᠨ ᠠᠮᠢ ᠠᠬᠤᠶ ᠣᠷᠴᠢᠨ ᠲᠣᠭᠣᠷᠢᠨ ᠤ᠋ ᠬᠠᠮᠠᠭᠠᠯᠠᠯᠲᠠ ᠶ᠋ᠢᠨ ᠭᠤᠷᠪᠠᠳᠤᠭᠠᠷ ᠱᠠᠯᠠᠪᠳᠠᠭᠤᠯᠤᠨ ᠪᠠᠢᠴᠠᠭᠠᠬᠤ ᠳᠤᠭᠤᠢᠯᠠᠩ ᠤ᠋ᠨ ᠬᠢᠨ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠳ᠋ᠤ ᠬᠤᠷᠢᠳᠤᠭᠠᠷ ᠪᠦᠯᠦᠭ ᠤ᠋ᠨ ᠣᠷᠴᠢᠨ ᠲᠣᠭᠣᠷᠢᠨ ᠤ᠋ ᠬᠦᠷᠢᠶᠡᠨ ᠳ᠋ᠤ ᠬᠣᠯᠪᠣᠭ᠍ᠳᠠᠭ᠍ᠰᠠᠨ 94 ᠬᠤᠪᠢ ᠤᠯᠠᠨ ᠲᠦᠮᠡᠨ ᠤ᠋ ᠢᠯᠡᠴᠢᠯᠡᠨ ᠮᠡᠳᠡᠭᠦᠯᠦᠭ᠌ᠰᠡᠨ ᠬᠡᠷᠡᠭ ᠢ᠋ ᠰᠢᠢᠳᠪᠤᠷᠢᠯᠡᠬᠦᠯᠬᠦ ᠪᠡᠷ ᠲᠤᠰᠢᠶᠠᠵᠠᠢ᠃

ᠲᠣᠭ᠎ᠠ ᠬᠡᠮᠵᠢᠶ᠎ᠡ ᠪᠡᠷ ᠨᠢ ᠵᠢᠭ᠍ᠰᠠᠭᠠᠪᠠᠯ᠂ ᠤᠷᠳᠤᠰ ᠬᠤᠲᠠ ᠶ᠋ᠢᠨ 14 ᠬᠤᠪᠢ᠂ ᠪᠤᠭᠤᠳᠤ ᠬᠤᠲᠠ ᠵᠢᠨ 13 ᠬᠤᠪᠢ᠂ ᠲᠦᠨᠭᠯᠢᠶᠤᠤ ᠬᠤᠲᠠ ᠪᠠ ᠤᠯᠠᠭᠠᠨᠬᠠᠳᠠ ᠬᠤᠲᠠ ᠵᠢᠨ ᠲᠤᠰᠪᠦᠷᠢ 12 ᠬᠤᠪᠢ᠂ ᠬᠦᠬᠡᠬᠤᠲᠠ᠂ ᠬᠦᠯᠦᠨ ᠪᠤᠢᠷ ᠬᠤᠳᠠ ᠪᠠ ᠬᠢᠨᠭᠭᠠᠨ ᠠᠢᠮᠠᠭ ᠤ᠋ᠨ ᠲᠤᠰᠪᠦᠷᠢ 8 ᠬᠤᠪᠢ᠂ ᠰᠢᠯᠢ ᠶ᠋ᠢᠨ ᠭᠤᠤᠯ ᠠᠢᠮᠠᠭ ᠤ᠋ᠨ 6 ᠬᠤᠪᠢ᠂ ᠤᠯᠠᠭᠠᠨᠴᠠᠪ ᠬᠤᠲᠠ ᠪᠠ ᠪᠠᠶᠠᠨᠨᠠᠭᠤᠷ ᠬᠤᠳᠠ ᠵᠢᠨ ᠲᠤᠰᠪᠦᠷᠢ 5 ᠬᠤᠪᠢ᠂ ᠠᠯᠠᠱᠠ ᠠᠢᠮᠠᠭ ᠤ᠋ᠨ 2 ᠬᠤᠪᠢ ᠂ ᠦᠬᠠᠢ ᠬᠤᠲᠠ ᠶ᠋ᠢᠨ 1 ᠬᠤᠪᠢ ᠪᠤᠢ᠃ ᠪᠣᠬᠢᠷᠲᠤᠯ ᠤ᠋ᠨ ᠲᠥᠷᠥᠯ ᠢ᠋ᠶ᠋ᠡᠷ ᠨᠢ ᠬᠤᠪᠢᠶᠠᠪᠠᠯ (ᠬᠡᠰᠡᠭ ᠬᠡᠷᠡᠭ ᠨᠢ ᠣᠯᠠᠨ ᠲᠥᠷᠥᠯ ᠤ᠋ᠨ ᠪᠣᠬᠢᠷᠲᠤᠯ ᠳ᠋ᠤ ᠬᠣᠯᠪᠣᠭ᠍ᠳᠠᠨ᠎ᠠ)᠂ ᠠᠮᠢ ᠠᠬᠤᠶ ᠵᠢ ᠡᠪᠳᠡᠭ᠌ᠰᠡᠨ ᠬᠡᠷᠡᠭ 56 ᠬᠤᠪᠢ᠂ ᠠᠭᠠᠷ ᠮᠠᠨᠳᠠᠯ ᠢ᠋ ᠪᠣᠬᠢᠷᠲᠤᠭᠤᠯᠤᠬᠰᠠᠨ ᠬᠡᠷᠡᠭ 24 ᠬᠤᠪᠢ᠂ ᠬᠥᠷᠥᠰᠥ᠍ ᠱᠢᠷᠣᠶ ᠶ᠋ᠢᠨ ᠪᠣᠬᠢᠷᠲᠤᠯ ᠤ᠋ᠨ ᠬᠡᠷᠡᠭ 13 ᠬᠤᠪᠢ᠂ ᠤᠰᠤᠨ ᠤ᠋ ᠪᠣᠬᠢᠷᠲᠤᠯ ᠤ᠋ᠨ ᠬᠡᠷᠡᠭ 9 ᠬᠤᠪᠢ᠂ ᠱᠤᠤᠬᠢᠶᠠᠨ ᠤ᠋ ᠪᠣᠬᠢᠷᠲᠤᠯ ᠤ᠋ᠨ ᠬᠡᠷᠡᠭ 8 ᠬᠤᠪᠢ ᠂ ᠰᠠᠴᠤᠷᠠᠭ ᠤ᠋ᠨ ᠪᠤᠬᠢᠷᠳᠤᠯ ᠤ᠋ᠨ ᠬᠡᠷᠡᠭ 1 ᠬᠤᠪᠢ᠂ ᠪᠤᠰᠤᠳ ᠪᠣᠬᠢᠷᠲᠤᠯ ᠤ᠋ᠨ ᠬᠡᠷᠡᠭ 6 ᠬᠤᠪᠢ ᠪᠤᠢ ᠃

ᠳᠡᠭᠡᠷᠡᠬᠢ ᠬᠡᠷᠡᠭ ᠢ᠋ ᠴᠥᠮ ᠬᠣᠯᠪᠣᠭ᠍ᠳᠠᠯ ᠪᠦᠬᠦᠢ ᠠᠢᠮᠠᠭ ᠬᠣᠲᠠ ᠪᠣᠯᠤᠨ ᠥᠪᠡᠷᠲᠡᠭᠡᠨ ᠵᠠᠰᠠᠬᠤ ᠣᠷᠣᠨ ᠤ᠋ ᠬᠠᠮᠢᠶ᠎ᠠ ᠪᠦᠬᠦᠢ ᠰᠠᠯᠠᠭ᠎ᠠ ᠮᠥᠴᠢᠷ ᠲᠦ᠍ ᠱᠢᠯᠵᠢᠭᠦᠯᠦᠨ ᠱᠢᠶ᠋ᠳᠪᠦᠷᠢᠯᠡᠭᠦᠯᠵᠦ ᠪᠠᠢᠨ᠎ᠠ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面