2022-04-17 20:03:54
4 ᠰᠠᠷ᠎ᠠ᠎ᠶ᠋ᠢᠨ 15 ᠤ᠋ ᠡᠳᠦᠷ᠂ ᠲᠥᠪ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠭᠤᠷᠪᠠᠳᠤᠭᠠᠷ ᠱᠠᠯᠠᠪᠳᠠᠭᠤᠯᠤᠨ ᠪᠠᠢᠴᠠᠭᠠᠬᠤ ᠳᠤᠭᠤᠢᠯᠠᠩ᠎ᠤᠨ ᠬᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠬᠤᠷᠢᠨ ᠨᠢᠬᠡᠳᠤᠬᠡᠷ ᠪᠦᠯᠦᠭ᠎ᠤᠨ ᠣᠷᠴᠢᠨ ᠲᠣᠭᠣᠷᠢᠨ᠎ᠤ ᠬᠦᠷᠢᠶᠡᠨ᠎ᠳᠦ ᠬᠣᠯᠪᠣᠭ᠍ᠳᠠᠭ᠍ᠰᠠᠨ 96 ᠬᠤᠪᠢ ᠤᠯᠠᠨ ᠲᠦᠮᠡᠨ᠎ᠦ ᠢᠯᠡᠴᠢᠯᠡᠨ ᠮᠡᠳᠡᠭᠦᠯᠦᠭ᠌ᠰᠡᠨ ᠬᠡᠷᠡᠭ᠎ᠢ ᠰᠢᠢᠳᠪᠦᠷᠢᠯᠡᠬᠦᠯᠬᠦ ᠪᠡᠷ ᠳᠤᠰᠢᠶᠠᠵᠠᠢ᠃ ᠲᠣᠭ᠎ᠠ ᠬᠡᠮᠵᠢᠶ᠎ᠡ᠎ᠪᠡᠷ ᠨᠢ ᠵᠢᠭ᠍ᠰᠠᠭᠠᠪᠠᠯ᠂ ᠬᠥᠬᠡᠬᠣᠲᠠ ᠵᠢᠨ 16 ᠬᠤᠪᠢ᠂ ᠬᠥᠯᠥᠨ ᠪᠣᠢᠷ ᠬᠤᠳᠠ ᠵᠢᠨ 15 ᠬᠤᠪᠢ᠂ ᠣᠷᠳᠣᠰ ᠬᠤᠳᠠ ᠵᠢᠨ 12 ᠬᠤᠪᠢ᠂ ᠤᠯᠠᠭᠠᠨᠴᠠᠪ ᠬᠤᠳᠠ ᠵᠢᠨ 10 ᠬᠤᠪᠢ᠂ ᠬᠢᠩᠭᠠᠨ ᠠᠢᠮᠠᠭ᠂ ᠲᠦᠩᠯᠢᠶᠣᠤ ᠬᠤᠳᠠ᠂ ᠤᠯᠠᠭᠠᠨᠬᠠᠳᠠ ᠬᠤᠳᠠ ᠵᠢᠨ ᠲᠣᠰᠪᠤᠷᠢ 9 ᠬᠤᠪᠢ᠂ ᠪᠤᠭᠤᠲᠤ ᠬᠤᠳᠠ᠂ ᠪᠠᠶᠠᠨᠨᠠᠭᠤᠷ ᠬᠤᠳᠠ ᠵᠢᠨ ᠲᠣᠰᠪᠦᠷᠢ 5 ᠬᠤᠪᠢ᠂ ᠱᠢᠯᠢ᠎ᠶ᠋ᠢᠨ ᠭᠤᠤᠯ ᠠᠢᠮᠠᠭ᠎ᠤᠨ 3 ᠬᠤᠪᠢ᠂ ᠠᠯᠠᠱᠠ ᠠᠢᠮᠠᠭ᠎ᠤᠨ 2 ᠬᠤᠪᠢ᠂ ᠦᠬᠠᠶ ᠬᠣᠲᠠ ᠵᠢᠨ 1 ᠬᠤᠪᠢ ᠪᠣᠶ᠃
ᠪᠣᠬᠢᠷᠲᠤᠯ᠎ᠤᠨ ᠲᠥᠷᠥᠯ᠎ᠢᠶᠡᠷ ᠨᠢ ᠬᠤᠪᠢᠶᠠᠪᠠᠯ (ᠬᠡᠰᠡᠭ ᠬᠡᠷᠡᠭ ᠨᠢ ᠣᠯᠠᠨ ᠲᠥᠷᠥᠯ᠎ᠦᠨ ᠪᠣᠬᠢᠷᠲᠤᠯ᠎ᠳᠤ ᠬᠣᠯᠪᠣᠭ᠍ᠳᠠᠨ᠎ᠠ)᠂ ᠠᠮᠢ ᠠᠬᠤᠶ ᠵᠢ ᠡᠪᠳᠡᠭᠰᠡᠨ ᠬᠡᠷᠡᠭ 56 ᠬᠤᠪᠢ᠂ ᠠᠭᠠᠷ ᠮᠠᠨᠳᠠᠯ᠎ᠢ ᠪᠤᠬᠢᠷᠳᠤᠭᠤᠯᠤᠬᠰᠠᠨ ᠬᠡᠷᠡᠭ 23 ᠬᠤᠪᠢ᠂ ᠬᠥᠷᠥᠰᠥ᠍ ᠱᠢᠷᠣᠶ᠎ᠶ᠋ᠢᠨ ᠪᠣᠬᠢᠷᠲᠤᠯ᠎ᠤᠨ ᠬᠡᠷᠡᠭ 15 ᠬᠤᠪᠢ᠂ ᠤᠰᠤᠨ᠎ᠤ ᠪᠣᠬᠢᠷᠲᠤᠯ᠎ᠤᠨ ᠬᠡᠷᠡᠭ 11 ᠬᠤᠪᠢ᠂ ᠱᠤᠤᠬᠢᠶᠠᠨ᠎ᠤ ᠪᠣᠬᠢᠷᠲᠤᠯ᠎ᠤᠨ ᠬᠡᠷᠡᠭ 8 ᠬᠤᠪᠢ᠂ ᠪᠤᠰᠤᠳ ᠪᠣᠬᠢᠷᠲᠤᠯ᠎ᠤᠨ ᠬᠡᠷᠡᠭ 10 ᠬᠤᠪᠢ ᠪᠣᠶ᠃
ᠳᠡᠭᠡᠷᠡᠬᠢ ᠬᠡᠷᠡᠭ᠎ᠢ ᠴᠥᠮ ᠬᠣᠯᠪᠣᠭ᠍ᠳᠠᠯ ᠪᠦᠬᠦᠢ ᠠᠢᠮᠠᠭ ᠬᠣᠲᠠ ᠪᠣᠯᠤᠨ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠰᠠᠯᠠᠭ᠎ᠠ ᠮᠥᠴᠢᠷ᠎ᠲᠦ ᠱᠢᠯᠵᠢᠭᠦᠯᠦᠨ ᠱᠢᠶ᠋ᠳᠪᠦᠷᠢᠯᠡᠭᠦᠯᠵᠥ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃