ᠪᠠᠶᠢᠭᠠᠯᠢ ᠣᠷᠴᠢᠨ > ᠲᠦᠪ᠎ᠦ᠋ᠨ ᠣᠷᠴᠢᠨ ᠲᠣᠭᠣᠷᠢᠨ᠎ᠤ᠋ ᠬᠠᠮᠠᠭᠠᠯᠠᠯᠲᠠ

2022-04-16 20:11:00

ᠵᠣᠬᠢᠶᠠᠭ᠍ᠴᠢ᠄ ᠲᠡᠭᠦᠰᠪᠢᠯᠢᠭ ᠣᠩᠱᠢᠭ᠍ᠰᠠᠨ ᠣᠳᠠᠭ᠎ᠠ᠄ 3

ᠲᠥᠪ᠎ᠦᠨ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠭᠤᠷᠪᠠᠳᠤᠭᠠᠷ ᠱᠠᠯᠠᠪᠳᠠᠭᠤᠯᠤᠨ ᠪᠠᠢᠴᠠᠭᠠᠬᠤ ᠳᠤᠭᠤᠢᠯᠠᠩ ᠪᠠᠶᠠᠨᠨᠠᠭᠤᠷ ᠬᠣᠲᠠ᠎ᠳᠤ ᠭᠦᠨᠵᠡᠭᠡᠢᠷᠡᠨ ᠱᠠᠯᠠᠪᠳᠠᠭᠤᠯᠤᠨ ᠪᠠᠢᠴᠠᠭᠠᠵᠤ᠂ ᠤᠷᠠᠳ᠎ᠤᠨ ᠡᠮᠦᠨᠡᠲᠦ ᠬᠣᠰᠢᠭᠤᠨ᠎ᠤ ᠠᠭᠤᠷᠬᠠᠶ᠎ᠶᠢᠨ ᠬᠠᠤᠯᠢ ᠲᠣᠭᠲᠠᠭᠠᠯ᠎ᠠᠴᠠ ᠵᠥᠷᠢᠴᠡᠨ ᠨᠡᠭᠡᠭᠡᠨ ᠮᠠᠯᠲᠠᠭᠰᠠᠨ᠎ᠠᠴᠠ ᠪᠣᠯᠵᠣ ᠠᠮᠢ ᠠᠬᠤᠶ᠎ᠶᠢ ᠬᠦᠨᠳᠦ ᠨᠣᠴᠢᠲᠠᠶ ᠡᠪᠳᠡᠭᠰᠡᠨ ᠨᠡᠢᠲᠡᠯᠢᠭ ᠬᠡᠷᠡᠭ᠎ᠦᠨ ᠵᠢᠱ᠌ᠢᠶ᠎ᠡ᠎ᠶᠢ ᠵᠠᠷᠯᠠᠨ ᠮᠡᠳᠡᠭᠳᠡᠭᠰᠡᠨ᠎ᠦ ᠳᠠᠷᠠᠭ᠎ᠠ᠂ ᠪᠠᠶᠠᠨᠨᠠᠭᠤᠷ ᠬᠣᠲᠠ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠨ ᠦᠵᠡᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ᠎ᠤ ᠠᠵᠢᠯ᠎ᠤᠨ ᠱᠠᠭᠠᠷᠳᠠᠯᠭ᠎ᠠ᠎ᠶᠢ ᠨᠠᠷᠢᠨ ᠬᠢᠨᠠᠮᠠᠭᠠᠶ ᠨᠠᠢᠳᠠᠪᠤᠷᠢᠵᠢᠭᠤᠯᠵᠤ᠂ ᠴᠡᠭᠴᠡᠯᠡᠨ ᠰᠠᠢᠵᠢᠷᠠᠭᠤᠯᠬᠤ ᠤᠯᠤᠰ ᠲᠥᠷᠥ᠎ᠶᠢᠨ ᠬᠠᠷᠢᠭᠤᠴᠠᠯᠭ᠎ᠠ᠎ᠶᠢ ᠡᠷᠡᠰ ᠡᠭᠦᠷᠭᠡᠯᠡᠵᠦ᠂ ᠠᠰᠠᠭᠤᠳᠠᠯ᠎ᠳᠤ ᠰᠢᠭᠤᠳ ᠬᠠᠨᠳᠤᠵᠤ᠂ ᠭᠦᠨᠵᠡᠭᠡᠶ ᠲᠤᠩᠭᠠᠨ ᠪᠤᠳᠤᠵᠤ᠂ ᠦᠳᠲᠡᠷ ᠲᠦᠷᠭᠡᠨ ᠬᠥᠳᠡᠯᠦᠯᠴᠡᠵᠦ᠂ ᠴᠢᠩᠭ᠎ᠠ ᠪᠣᠳᠠᠲᠠᠶ ᠲᠦᠷᠭᠡᠨ ᠵᠢᠡᠷ ᠴᠡᠭᠴᠡᠯᠡᠨ ᠰᠠᠢᠵᠢᠷᠠᠭᠤᠯᠬᠤ ᠠᠵᠢᠯ᠎ᠢ ᠨᠠᠢᠳᠠᠪᠤᠷᠢᠵᠢᠭᠤᠯᠬᠤ᠎ᠶᠢ ᠠᠬᠢᠭᠤᠯᠪᠠ᠃

ᠪᠠᠷᠢᠨ ᠬᠡᠷᠡᠭᠵᠢᠭᠦᠯᠵᠦ ᠪᠠᠷᠢᠨ ᠴᠡᠭᠴᠡᠯᠡᠬᠦ ᠵᠢ ᠪᠠᠷᠢᠮᠲᠠᠯᠠᠨ᠂ ᠬᠠᠤᠯᠢ᠎ᠠᠴᠠ ᠵᠥᠷᠢᠴᠡᠭᠰᠡᠨ ᠠᠵᠢᠯᠯᠠᠭ᠎ᠠ᠎ᠶᠢ ᠲᠡᠷᠡ ᠳᠠᠷᠤᠶ᠎ᠳᠤᠨᠢ ᠬᠣᠷᠢᠭᠯᠠᠨ ᠵᠣᠭᠰᠣᠭᠠᠵᠤ᠂ ᠬᠠᠮᠢᠶ᠎ᠠ ᠪᠥᠬᠥᠶ ᠠᠵᠤ ᠠᠬᠤᠢᠯᠠᠯ ᠪᠣᠯᠤᠨ ᠬᠠᠷᠢᠭᠤᠴᠠᠯᠭᠠᠲᠠᠨ᠎ᠤ ᠬᠠᠷᠢᠭᠤᠴᠠᠯᠭ᠎ᠠ᠎ᠶᠢ ᠴᠢᠩᠭ᠎ᠠ ᠨᠡᠬᠡᠮᠵᠢᠯᠡᠪᠡ᠃ 4 ᠰᠠᠷ᠎ᠠ᠎ᠶᠢᠨ 12 ᠎ᠤ᠋ᠨ ᠡᠳᠦᠷ ᠪᠣᠯᠲᠠᠯ᠎ᠠ᠂ 41 ᠠᠭᠤᠷᠬᠠᠶ᠎ᠶᠢ ᠵᠠᠷᠯᠢᠭᠳᠠᠵᠤ ᠪᠠᠢᠭᠠᠳ ᠦᠢᠯᠡᠳᠪᠦᠷᠢᠯᠡᠯ᠎ᠢ ᠨᠢ ᠵᠣᠭᠰᠣᠭᠠᠨ ᠴᠡᠭᠴᠡᠯᠡᠭᠦᠯᠵᠦ᠂ 3 ᠠᠵᠤ ᠠᠬᠤᠢᠯᠠᠯ᠎ᠤᠨ ᠠᠭᠤᠷᠬᠠᠶ ᠮᠠᠯᠲᠠᠬᠤ ᠵᠥᠪᠰᠢᠶᠡᠷᠡᠯ᠎ᠦᠨ ᠦᠨᠡᠮᠯᠡᠯ᠎ᠢ ᠨᠢ ᠬᠣᠷᠢᠶᠠᠨ ᠠᠪᠴᠤ ᠬᠦᠴᠦᠨ ᠥᠬᠡᠶ ᠪᠣᠯᠭᠠᠬᠤ ᠠᠵᠢᠯ᠎ᠢ ᠭᠦᠢᠴᠡᠳᠬᠡᠵᠦ ᠪᠤᠢ᠃ ᠬᠠᠤᠯᠢ᠎ᠶᠢ ᠵᠥᠷᠢᠴᠡᠵᠦ ᠶᠠᠯ᠎ᠠ ᠬᠢᠭᠰᠡᠨ ᠰᠡᠵᠢᠭᠯᠡᠯᠲᠡᠶ 6 ᠬᠡᠷᠡᠭ᠎ᠢ ᠮᠤᠢ᠍ᠷᠳᠠᠨ ᠪᠠᠢᠴᠠᠭᠠᠵᠤ᠂ 7 ᠬᠥᠮᠦᠨ᠎ᠳᠦ ᠡᠷᠡᠭᠦᠦ᠎ᠶᠢᠨ ᠬᠡᠷᠡᠭ᠎ᠦᠨ ᠠᠯᠪᠠᠳᠠᠯᠭ᠎ᠠ᠎ᠶᠢᠨ ᠠᠷᠭ᠎ᠠ ᠬᠡᠮᠵᠢᠶ᠎ᠡ ᠠᠪᠴᠤ᠂ 2 ᠠᠭᠤᠷᠬᠠᠶ᠎ᠶᠢᠨ ᠠᠵᠤ ᠠᠬᠤᠢᠯᠠᠯ᠎ᠢ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠣᠬᠢᠷᠲᠤᠯ ᠥᠬᠡᠶ ᠠᠭᠤᠷᠬᠠᠶ᠎ᠶᠢᠨ ᠨᠡᠷᠡᠰ᠎ᠦᠨ ᠵᠢᠭᠰᠠᠭᠠᠯᠲᠠ᠎ᠠᠴᠠ ᠰᠢᠯᠵᠢᠭᠦᠯᠦᠨ ᠭᠠᠷᠭᠠᠵᠤ᠂ ᠪᠤᠰᠤᠳ5 ᠠᠭᠤᠷᠬᠠᠶ᠎ᠶᠢ ᠨᠡᠷᠡᠰ᠎ᠦᠨ ᠵᠢᠭᠰᠠᠭᠠᠯᠲᠠ᠎ᠠᠴᠠ ᠰᠢᠯᠵᠢᠭᠦᠯᠦᠨ ᠭᠠᠷᠭᠠᠬᠤ᠎ᠪᠠᠷ ᠳᠡᠪᠰᠢᠭᠦᠯᠦᠭᠰᠡᠨ ᠪᠠᠢᠨ᠎ᠠ᠃ᠡᠭᠦᠨ᠎ᠦ ᠬᠠᠮᠲᠤ᠂ ᠲᠥᠪ᠎ᠦᠨ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠱᠠᠯᠠᠪᠳᠠᠭᠤᠯᠤᠨ ᠪᠠᠢᠴᠠᠭᠠᠬᠤ ᠳᠤᠭᠤᠢ᠍ᠢᠯᠠᠩ᠎ᠤᠨ ᠵᠢᠭᠠᠵᠤ ᠭᠠᠷᠭᠠᠭᠰᠠᠨ ᠠᠰᠠᠭᠤᠳᠠᠯ᠎ᠲᠠᠶ ᠬᠠᠷᠭᠤᠭᠤᠯᠵᠤ᠂ ᠨᠢᠭᠡ᠎ᠡᠴᠡ ᠵᠦᠢᠴᠢᠯᠡᠵᠦ ᠨᠥᠭᠥᠭᠡ᠎ᠶᠢ ᠮᠡᠳᠡᠬᠦ᠂ ᠭᠦᠨᠵᠡᠭᠡᠶ ᠠᠭᠤᠳᠠᠯᠵᠤ ᠨᠠᠷᠢᠨ ᠪᠠᠢᠴᠠᠭᠠᠬᠤ ᠠᠵᠢᠯ ᠦᠷᠨᠢᠭᠦᠯᠵᠤ᠂ ᠪᠥᠬᠥ ᠬᠣᠲᠠ᠎ᠶᠢᠨ ᠬᠡᠪᠴᠢᠶᠡᠨ᠎ᠳᠦ ᠠᠭᠤᠷᠬᠠᠶ᠎ᠶᠢᠨ ᠠᠮᠢ ᠠᠬᠤᠶ ᠣᠷᠴᠢᠨ ᠲᠣᠭᠣᠷᠢᠨ᠎ᠤ ᠠᠰᠠᠭᠤᠳᠠᠯ᠎ᠤᠨ ᠶᠡᠬᠡ ᠵᠢᠭᠰᠠᠭᠠᠨ ᠪᠠᠢᠴᠠᠭᠠᠯᠲᠠ᠂ ᠶᠡᠬᠡ ᠴᠡᠭᠴᠡᠯᠡᠯᠲᠡ ᠦᠷᠨᠢᠭᠦᠯᠵᠦ᠂ ᠪᠥᠬᠥ ᠲᠠᠯ᠎ᠠ᠎ᠶᠢᠨ ᠪᠠᠢᠳᠠᠯ᠎ᠢ ᠲᠣᠳᠣᠷᠬᠠᠶ ᠣᠢᠯᠠᠭᠠᠵᠤ᠂ ᠡᠬᠡ ᠲᠠᠩᠰᠠ ᠪᠠᠢᠭᠤᠯᠪᠠ᠃ ᠣᠳᠣᠬᠠᠨ᠎ᠳᠤ ᠶᠠᠭ 《ᠨᠢᠭᠡ ᠭᠠᠵᠠᠷ ᠨᠢᠭᠡ ᠠᠷᠭ᠎ᠠ ᠪᠣᠳᠣᠯᠭ᠎ᠠ᠂ ᠨᠢᠭᠡ ᠠᠵᠤ ᠠᠬᠤᠢᠯᠠᠯ ᠨᠢᠭᠡ ᠠᠷᠭ᠎ᠠ ᠪᠣᠳᠣᠯᠭ᠎ᠠ᠂ ᠨᠢᠭᠡ ᠠᠭᠤᠷᠬᠠᠶ ᠨᠢᠭᠡ ᠠᠷᠭ᠎ᠠ ᠪᠣᠳᠣᠯᠭ᠎ᠠ》 ᠵᠢᠨ ᠱᠠᠭᠠᠷᠳᠠᠯᠭ᠎ᠠ ᠶᠣᠰᠣᠭᠠᠷ᠂ ᠪᠣᠳᠠᠲᠠᠶ ᠴᠡᠭᠴᠡᠯᠡᠨ ᠰᠠᠢᠵᠢᠷᠠᠭᠤᠯᠬᠤ ᠲᠥᠰᠦᠯ᠎ᠢ ᠠᠯᠢ ᠲᠦᠷᠭᠡᠨ ᠵᠢᠡᠷ ᠲᠣᠭᠲᠠᠭᠠᠵᠤ᠂ ᠠᠰᠠᠭᠤᠳᠠᠯ᠎ᠢ ᠬᠠᠤᠯᠢ ᠶᠣᠰᠣᠭᠠᠷ ᠰᠢᠨᠵᠢᠯᠡᠬᠦ ᠤᠬᠠᠭᠠᠨᠴᠢ᠎ᠪᠠᠷ ᠴᠡᠭᠴᠡᠯᠡᠨ ᠰᠠᠢᠵᠢᠷᠠᠭᠤᠯᠵᠤ᠂ ᠠᠭᠤᠷᠬᠠᠶ ᠮᠠᠯᠲᠠᠬᠤ ᠡᠮᠬᠢ ᠳᠢᠭᠯᠢᠮ᠎ᠢ ᠪᠥᠬᠥ ᠲᠠᠯ᠎ᠠ᠎ᠪᠠᠷ ᠵᠢᠷᠤᠮᠵᠢᠭᠤᠯᠵᠤ ᠪᠠᠢᠨ᠎ᠠ᠃

ᠣᠯᠠᠨ ᠲᠦᠮᠡᠨ᠎ᠦ ᠢᠯᠡᠴᠢᠯᠡᠨ ᠮᠡᠳᠡᠭᠦᠯᠦᠭᠰᠡᠨ ᠵᠠᠬᠢᠳᠠᠯ ᠰᠤᠷᠪᠤᠯᠵᠢᠯᠠᠯ᠎ᠤᠨ ᠬᠡᠷᠡᠭ᠎ᠢ ᠰᠢᠢᠳᠪᠦᠷᠢᠯᠡᠬᠦ ᠠᠵᠢᠯ᠎ᠢ ᠯᠠᠪᠳᠠᠭᠤᠨ ᠪᠠᠲᠤᠲᠠᠶ ᠰᠠᠢᠲᠤᠷ ᠬᠢᠵᠦ᠂ ᠲᠤᠰᠬᠠᠶ ᠠᠵᠢᠯ᠎ᠤᠨ ᠠᠩᠭᠢ ᠪᠠᠢᠭᠤᠯᠵᠦ᠂ ᠳᠠᠭᠠᠭᠠᠴᠢᠯᠠᠨ ᠬᠣᠯᠪᠣᠭᠠᠯᠠᠬᠤ ᠲᠣᠭᠲᠠᠴᠠ᠎ᠶᠢ ᠪᠠᠢᠭᠤᠯᠵᠤ᠂ ᠨᠢᠭᠡᠳᠦᠯᠲᠡᠶ ᠲᠥᠯᠥᠪᠯᠡᠨ ᠲᠣᠬᠢᠷᠠᠭᠤᠯᠬᠤ᠎ᠶᠢ ᠴᠢᠩᠭᠠᠳᠬᠠᠵᠦ᠂ ᠱᠠᠯᠠᠪᠳᠠᠭᠤᠯᠤᠨ ᠭᠦᠢᠴᠡᠳᠬᠡᠬᠦ ᠠᠷᠭ᠎ᠠ ᠵᠢ ᠨᠠᠢᠳᠠᠪᠤᠷᠢᠵᠢᠭᠤᠯᠵᠤ᠂ ᠬᠡᠷᠡᠭ᠎ᠢ ᠨᠢᠭᠡᠳ ᠨᠢᠭᠡ᠎ᠪᠡᠷ ᠠᠩᠬᠠᠷᠴᠤ᠂ ᠠᠰᠠᠭᠤᠳᠠᠯ᠎ᠢ ᠨᠢᠭᠡᠳ ᠨᠢᠭᠡ᠎ᠪᠡᠷ ᠵᠠᠰᠠᠵᠤ᠂ ᠴᠡᠭᠴᠡᠯᠡᠨ ᠰᠠᠢᠵᠢᠷᠠᠭᠤᠯᠤᠬᠰᠠᠨ ᠪᠤᠳᠠᠳᠤ ᠦᠷ᠎ᠡ ᠪᠦᠲᠦᠮᠵᠢ ᠪᠡᠷ ᠣᠯᠠᠨ ᠲᠦᠮᠡᠨ᠎ᠳᠦ ᠬᠠᠨᠤᠮᠵᠢᠲᠠᠶ ᠬᠠᠷᠢᠭᠤᠯᠳᠠ ᠦᠭᠬᠦ ᠵᠢ ᠪᠠᠳᠤᠯᠠᠵᠤ ᠪᠤᠢ᠃ 4 ᠰᠠᠷ᠎ᠠ᠎ᠶᠢᠨ 11 ᠎ᠤ ᠡᠳᠦᠷ ᠪᠣᠯᠲᠠᠯ᠎ᠠ᠂ ᠲᠥᠪ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠭᠤᠷᠪᠠᠳᠤᠭᠠᠷ ᠱᠠᠯᠠᠪᠳᠠᠭᠤᠯᠤᠨ ᠪᠠᠢᠴᠠᠭᠠᠬᠤ ᠳᠤᠭᠤᠢᠯᠠᠩ᠎ᠤᠨ ᠰᠢᠯᠵᠢᠭᠦᠯᠦᠨ ᠥᠭᠴᠦ ᠰᠢᠢᠳᠪᠦᠷᠢᠯᠡᠭᠦᠯᠦᠭᠰᠡᠨ ᠪᠠᠶᠠᠨᠨᠠᠭᠤᠷ ᠬᠤᠳᠠ᠎ᠶᠢᠨ ᠵᠠᠬᠢᠳᠠᠯ ᠰᠤᠷᠪᠤᠯᠵᠢᠯᠠᠯ᠎ᠤᠨ ᠬᠡᠷᠡᠭ 17 ᠪᠦᠯᠦᠭ ᠤᠳᠠᠭ᠎ᠠ 52 ᠬᠤᠪᠢ ᠪᠤᠢ᠂ ᠡᠭᠦᠨ᠎ᠳᠦ᠂ ᠭᠣᠣᠯᠳᠠᠯᠭ᠎ᠠ᠎ᠲᠠᠶ ᠠᠩᠬᠠᠷᠬᠤ ᠴᠢᠬᠤᠯᠠ ᠲᠠᠢ ᠬᠡᠷᠡᠭ 13 ᠬᠤᠪᠢ ᠪᠠᠢᠨ᠎ᠠ᠃ ᠣᠳᠣᠬᠠᠨ᠎ᠳᠤ᠂ ᠲᠦᠷᠦᠭᠦᠦ 10 ᠪᠦᠯᠦᠭ ᠤᠳᠠᠭ᠎ᠠ᠎ᠶᠢᠨ 28 ᠬᠡᠷᠡᠭ᠎ᠢ ᠴᠥᠮ ᠴᠠᠭ ᠲᠤᠬᠠᠶ᠎ᠳᠤᠨᠢ ᠥᠪᠡᠷᠲᠡᠭᠡᠨ ᠵᠠᠰᠠᠬᠤ ᠣᠷᠣᠨ᠎ᠳᠤ ᠮᠡᠳᠡᠭᠦᠯᠦᠨ ᠬᠢᠨᠠᠨ ᠬᠠᠷᠭᠤᠭᠤᠯᠵᠠᠢ᠂ ᠡᠭᠦᠨ ᠎ᠤ ᠲᠤᠳᠤᠷ᠎ᠡ ᠨᠢᠭᠡᠨᠲᠡ 4 ᠬᠡᠷᠡᠭ᠎ᠢ ᠰᠢᠢᠳᠪᠦᠷᠢᠯᠡᠨ ᠳᠠᠭᠤᠰᠬᠠᠵᠤ᠂ 7 ᠬᠡᠷᠡᠭ᠎ᠢ ᠱᠠᠲᠤ ᠬᠤᠪᠢᠶᠠᠨ ᠰᠢᠢᠳᠪᠦᠷᠢᠯᠡᠵᠤ᠂ 17 ᠬᠡᠷᠡᠭ᠎ᠢ ᠰᠢᠢᠳᠪᠦᠷᠢᠯᠡᠵᠤ ᠳᠠᠭᠤᠰᠬᠠᠭᠠᠳᠤᠶ ᠪᠠᠢᠵᠤ᠂ 24 ᠬᠡᠷᠡᠭ᠎ᠢ ᠶᠠᠭ ᠬᠢᠨᠠᠨ ᠬᠠᠷᠭᠤᠭᠤᠯᠤᠨ ᠪᠠᠢᠴᠠᠭᠠᠵᠤ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面