ᠪᠠᠶᠢᠭᠠᠯᠢ ᠣᠷᠴᠢᠨ > ᠲᠦᠪ᠎ᠦ᠋ᠨ ᠣᠷᠴᠢᠨ ᠲᠣᠭᠣᠷᠢᠨ᠎ᠤ᠋ ᠬᠠᠮᠠᠭᠠᠯᠠᠯᠲᠠ

2022-04-15 10:04:53

ᠵᠣᠬᠢᠶᠠᠭ᠍ᠴᠢ᠄ ᠱᠤᠸᠠᠢ ᠵᠧᠩ ᠣᠩᠱᠢᠭ᠍ᠰᠠᠨ ᠣᠳᠠᠭ᠎ᠠ᠄ 3

4 ᠰᠠᠷ᠎ᠠ᠎ᠶ᠋ᠢᠨ 12 ᠡᠴᠡ 13 ᠎ᠤ᠋ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢᠩᠭᠤ᠎ᠶ᠋ᠢᠨ ᠭᠡᠱᠢᠭᠦᠨ᠂ ᠤᠬᠠᠭᠤᠯᠬᠤ ᠬᠡᠯᠲᠡᠰ᠎ᠦᠨ ᠳᠠᠷᠤᠭ᠎ᠠ ᠵᠧᠩ ᠬᠣᠩ ᠹᠠᠨ ᠤᠷᠳᠤᠰ ᠬᠤᠳᠠ᠎ᠶ᠋ᠢᠨ ᠤᠳᠤᠭ ᠬᠣᠱᠢᠭᠤ᠂ ᠦᠦᠱᠢᠨ ᠬᠣᠱᠢᠭᠤᠨ᠎ᠳᠤ ᠬᠦᠷᠴᠦ᠍᠂ ᠲᠥᠪ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ᠎ᠤᠨ ᠰᠢᠢᠳᠪᠦᠷᠢᠯᠡᠬᠦᠯᠬᠦ ᠪᠡᠷ ᠲᠤᠰᠢᠶᠠᠭᠰᠠᠨ ᠤᠯᠠᠨ ᠲᠦᠮᠡᠨ᠎ᠤ ᠵᠠᠬᠢᠳᠠᠯ ᠰᠤᠷᠪᠤᠯᠵᠢᠯᠠᠯ ᠵᠢᠡᠷ ᠢᠯᠡᠴᠢᠯᠡᠨ ᠮᠡᠳᠡᠭᠦᠯᠦᠭ᠌ᠰᠡᠨ ᠬᠡᠷᠡᠭ᠎ᠢ ᠲᠤᠬᠠᠢ᠎ᠶ᠋ᠢᠨ ᠭᠠᠵᠠᠷ᠎ᠲᠤᠨᠢ ᠪᠠᠢᠴᠠᠭᠠᠵᠤ ᠱᠠᠯᠠᠪᠳᠠᠭᠤᠯᠤᠨ ᠭᠦᠢᠴᠡᠳᠭᠡᠯᠭᠡᠵᠡᠢ᠃

ᠣᠯᠠᠨ ᠲᠦᠮᠡᠨ᠎ᠦ ᠲᠤᠰᠭᠠᠭ᠍ᠰᠠᠨ ᠣᠲᠣᠭ ᠬᠣᠱᠢᠭᠤᠨ᠎ᠤ ᠱᠢᠤᠢ ᠶᠤᠸᠠᠢ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠬᠢᠵᠠᠭᠠᠷᠲᠤ ᠺᠣᠮᠫᠠᠨᠢ ᠪᠣᠯᠤᠨ ᠦᠦᠱᠢᠨ ᠬᠣᠱᠢᠭᠤᠨ᠎ᠤ ᠲᠣᠭ ᠪᠠᠯᠭᠠᠰᠤᠨ᠎ᠤ ᠢ ᠬᠤᠸᠠ ᠠᠭᠤᠷᠬᠠᠶ᠎ᠶ᠋ᠢᠨ ᠦᠶ᠋ᠯᠡᠰ᠎ᠦᠨ ᠮᠤᠳᠤᠨᠴᠠᠢᠳᠠᠮ ᠨᠡᠭᠦᠷᠡᠰᠦᠨ ᠠᠭᠤᠷᠬᠠᠶ᠎ᠶ᠋ᠢᠨ ᠭᠠᠵᠠᠷ ᠳᠤᠤᠷᠠᠬᠢ ᠤᠰᠤ ᠵᠢ ᠪᠣᠬᠢᠷᠲᠤᠭᠤᠯᠵᠤ᠂ ᠱᠢᠭᠤᠳ ᠪᠣᠬᠢᠷ ᠤᠰᠤ ᠭᠠᠳᠠᠭ᠍ᠰᠢᠯᠠᠭᠤᠯᠵᠤ ᠪᠠᠢᠭ᠎ᠠ ᠵᠡᠷᠭᠡ ᠠᠰᠠᠭᠤᠳᠠᠯ᠎ᠳᠤ ᠴᠢᠭ᠌ᠯᠡᠭᠦᠯᠦᠨ᠂ ᠵᠧᠩ ᠬᠣᠩ ᠹᠠᠨ ᠦᠶ᠋ᠯᠡᠳᠪᠦᠷᠢ ᠠᠭᠤᠷᠬᠠᠶ᠎ᠶ᠋ᠢᠨ ᠨᠢᠭᠡᠳᠦᠭᠡᠷ ᠹᠷᠣᠨᠲ᠎ᠲᠤ ᠭᠦᠨᠵᠡᠭᠡᠢᠷᠡᠨ ᠠᠰᠠᠭᠤᠳᠠᠯ ᠎ᠢ ᠴᠡᠭ᠌ᠴᠡᠯᠡᠨ ᠰᠠᠢᠵᠢᠷᠠᠭᠤᠯᠬᠤ ᠵᠢ ᠱᠠᠯᠠᠪᠳᠠᠭᠤᠯᠤᠨ ᠵᠢᠯᠤᠭᠤᠳᠴᠤ ᠂ ᠵᠠᠬᠢᠳᠠᠯ ᠰᠤᠷᠪᠤᠯᠵᠢᠯᠠᠯ ᠬᠢᠵᠦ ᠪᠠᠢᠭ᠎ᠠ ᠣᠯᠠᠨ ᠲᠦᠮᠡᠨ᠎ᠦ ᠰᠠᠨᠠᠯ᠎ᠢ ᠨᠢᠭᠤᠷᠲᠠᠨ ᠬᠤᠷᠢᠶᠠᠵᠤ᠂ ᠲᠤᠬᠠᠶ᠎ᠶ᠋ᠢᠨ ᠭᠠᠵᠠᠷ᠎ᠤᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠢ ᠤᠯᠤᠰ ᠲᠥᠷᠥ᠎ᠶ᠋ᠢᠨ ᠵᠣᠭ᠍ᠰᠣᠴᠠ᠎ᠪᠠᠨ ᠦᠨᠡᠨ ᠬᠦ᠌ ᠳᠡᠭᠡᠭ᠌ᠰᠢᠯᠡᠭᠦᠯᠵᠦ᠍᠂ ᠭᠦᠨᠵᠡᠭᠡᠶ ᠰᠡᠷᠡᠮᠵᠢᠯᠡᠭᠦᠯᠦᠨ ᠡᠷᠭᠢᠴᠡᠭᠦᠯᠦᠨ ᠲᠤᠩᠭᠠᠵᠤ᠂ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠱᠠᠯᠠᠪᠳᠠᠭᠤᠯᠤᠨ ᠪᠠᠢᠴᠠᠭᠠᠯᠳᠠ ᠵᠢᠨ ᠵᠠᠬᠢᠳᠠᠯ ᠰᠤᠷᠪᠤᠯᠵᠢᠯᠠᠯ᠎ᠤᠨ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠬᠤ᠎ᠶ᠋ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠱᠠᠯᠠᠪᠳᠠᠭᠤᠯᠤᠨ ᠪᠠᠢᠴᠠᠭᠠᠬᠤ ᠲᠤᠭᠤᠢᠯᠠᠩ᠎ᠤᠨ ᠰᠢᠢᠳᠪᠦᠷᠢᠯᠡᠬᠦᠯᠬᠦ ᠪᠡᠷ ᠲᠤᠰᠢᠶᠠᠭᠰᠠᠨ ᠠᠰᠠᠭᠤᠳᠠᠯ᠎ᠢ ᠴᠢᠬᠤᠯᠠ ᠤᠯᠤᠰ ᠲᠥᠷᠥ᠎ᠶ᠋ᠢᠨ ᠡᠭᠦᠷᠭᠡ ᠪᠣᠯᠭᠠᠵᠤ᠂ ᠬᠠᠤᠯᠢ ᠲᠣᠭ᠍ᠲᠠᠭᠠᠯ ᠶᠣᠰᠣᠭᠠᠷ ᠴᠡᠭ᠌ᠴᠡᠯᠡᠨ ᠰᠠᠢᠵᠢᠷᠠᠭᠤᠯᠬᠤ᠎ᠶ᠋ᠢ ᠬᠢᠨᠠᠮᠠᠭᠠᠶ ᠠᠬᠢᠭᠤᠯᠬᠤ ᠬᠡᠷᠡᠭ᠌ᠲᠡᠶ᠃ ᠬᠠᠷᠢᠶ᠎ᠠ ᠣᠷᠣᠨ᠎ᠤ ᠬᠠᠷᠢᠭᠤᠴᠠᠯᠭ᠎ᠠ᠂ ᠠᠵᠢᠯ ᠲᠥᠷᠥᠯ᠎ᠦᠨ ᠬᠢᠨᠠᠯᠲᠠ ᠬᠠᠮᠢᠶᠠᠷᠤᠯᠲᠠ᠎ᠶ᠋ᠢᠨ ᠬᠠᠷᠢᠭᠤᠴᠠᠯᠭ᠎ᠠ᠎ᠶ᠋ᠢ ᠨᠠᠷᠢᠨ ᠬᠢᠨᠠᠮᠠᠭᠠᠶ ᠨᠠᠢᠳᠠᠪᠤᠷᠢᠵᠢᠭᠤᠯᠵᠤ ᠂ ᠠᠵᠤ ᠠᠬᠤᠢᠯᠠᠯ᠎ᠤᠨ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠤᠯᠠᠮ ᠴᠢᠨᠠᠭ᠍ᠰᠢᠳᠠ ᠪᠣᠳᠠᠲᠠᠢᠵᠢᠭᠤᠯᠵᠤ᠂ ᠲᠣᠰ ᠤᠳᠠᠭ᠎ᠠ᠎ᠶ᠋ᠢᠨ ᠲᠥᠪ᠎ᠦᠨ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠱᠠᠯᠠᠪᠳᠠᠭᠤᠯᠤᠨ ᠪᠠᠢᠴᠠᠭᠠᠭ᠍ᠰᠠᠨ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠬᠤ᠎ᠪᠠᠷ ᠠᠵᠠ ᠲᠣᠬᠢᠶᠠᠯ ᠪᠣᠯᠭᠠᠵᠤ᠂ ᠨᠢᠭᠡ᠎ᠡᠴᠡ ᠨᠥᠭᠥᠭᠡ᠎ᠶ᠋ᠢ ᠵᠦᠶ᠋ᠴᠢᠯᠡᠨ ᠮᠡᠳᠡᠵᠦ᠍᠂ ᠥᠩᠭᠡᠨ ᠲᠠᠯ᠎ᠠ ᠪᠠ ᠦᠨᠳᠦᠰᠦᠨ ᠡᠴᠡ ᠨᠢ ᠵᠡᠷᠭᠡ᠎ᠪᠡᠷ ᠵᠠᠰᠠᠵᠤ᠂ ᠠᠵᠢᠯ᠎ᠤᠨ ᠳᠤᠲᠠᠭᠤᠳᠠᠯ᠎ᠢ ᠲᠦᠷᠭᠡᠨ ᠨᠥᠬᠥᠪᠥᠷᠢᠯᠡᠬᠦ᠌ ᠬᠡᠷᠡᠭ᠌ᠲᠡᠶ᠃ ᠠᠷᠠᠳ ᠲᠦᠮᠡᠨ᠎ᠢᠶᠡᠷ ᠭᠤᠤᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠪᠠᠷᠢᠮᠲᠠᠯᠠᠵᠤ᠂ ᠣᠯᠠᠨ ᠲᠦᠮᠡᠨ᠎ᠦ ᠬᠢᠨᠠᠯᠲᠠ᠎ᠶ᠋ᠢ ᠤᠬᠠᠮᠰᠠᠷ᠎ᠠᠴᠠ᠎ᠪᠠᠨ ᠬᠦᠯᠢᠶᠡᠵᠦ᠍᠂ ᠴᠡᠭ᠌ᠴᠡᠯᠡᠨ ᠰᠠᠢᠵᠢᠷᠠᠭᠤᠯᠬᠤ᠎ᠪᠠᠷ ᠳᠠᠮᠵᠢᠭᠤᠯᠤᠨ ᠣᠯᠠᠨ ᠲᠦᠮᠡᠨ᠎ᠦ ᠵᠢᠷᠭᠠᠯᠲᠤ ᠲᠥᠷᠥᠭ᠌ᠳᠡᠯ᠂ ᠬᠠᠨᠤᠮᠵᠢ᠎ᠶ᠋ᠢᠨ ᠬᠡᠮᠵᠢᠶ᠎ᠡ᠎ᠶ᠋ᠢ ᠦᠨᠡᠨ ᠬᠦ᠌ ᠳᠡᠭᠡᠭ᠌ᠰᠢᠯᠡᠭᠦᠯᠬᠦ᠌ ᠬᠡᠷᠡᠭ᠌ᠲᠡᠶ ᠭᠡᠵᠦ ᠱᠠᠭᠠᠷᠳᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面