ᠪᠠᠶᠢᠭᠠᠯᠢ ᠣᠷᠴᠢᠨ > ᠲᠦᠪ᠎ᠦ᠋ᠨ ᠣᠷᠴᠢᠨ ᠲᠣᠭᠣᠷᠢᠨ᠎ᠤ᠋ ᠬᠠᠮᠠᠭᠠᠯᠠᠯᠲᠠ

2022-04-16 20:05:03

ᠵᠣᠬᠢᠶᠠᠭ᠍ᠴᠢ᠄ ᠱᠤᠸᠠᠢ ᠵᠧᠩ ᠣᠩᠱᠢᠭ᠍ᠰᠠᠨ ᠣᠳᠠᠭ᠎ᠠ᠄ 3

4 ᠰᠠᠷ᠎ᠠ ᠎ᠶ᠋ᠢᠨ 13 ᠤ᠋ ᠡᠳᠦᠷ᠂ ᠥᠪᠡᠷᠲᠡᠭᠡᠨ ᠵᠠᠰᠠᠬᠤ ᠣᠷᠣᠨ ᠎ᠤ ᠳᠡᠳ᠋ ᠲᠡᠷᠢᠭᠦᠯᠡᠭ᠌ᠴᠢ ᠯᠢ ᠪᠢᠩ ᠷᠦᠩ ᠪᠠᠶᠠᠨᠨᠠᠭᠤᠷ ᠬᠤᠳᠠ ᠶ᠋ᠢᠨ ᠯᠢᠨ ᠾᠧ ᠲᠣᠭᠣᠷᠢᠭ᠎ᠲᠤ ᠭᠦᠨᠵᠡᠭᠡᠢᠷᠡᠵᠦ᠍᠂ ᠲᠥᠪ ᠎ᠦᠨ ᠠᠮᠢ ᠠᠬᠤᠢ ᠣᠷᠴᠢᠨ ᠲᠣᠭᠣᠷᠢᠨ ᠎ᠤ ᠬᠠᠮᠠᠭᠠᠯᠠᠯᠲᠠ ᠎ᠶ᠋ᠢᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ᠎ᠤᠨ ᠰᠢᠢᠳᠪᠦᠷᠢᠯᠡᠬᠦᠯᠬᠦ ᠪᠡᠷ ᠲᠤᠱᠢᠶᠠᠭ᠍ᠰᠠᠨ ᠤᠯᠠᠨ᠎ᠲᠦᠮᠡᠨ᠎ᠤ ᠵᠠᠬᠢᠳᠠᠯ ᠰᠤᠷᠪᠤᠯᠵᠢᠯᠠᠯ ᠵᠢᠡᠷ ᠢᠯᠡᠴᠢᠯᠡᠨ ᠮᠡᠳᠡᠬᠦᠯᠦᠭᠰᠡᠨ ᠠᠵᠤ ᠠᠬᠤᠢᠯᠠᠯ᠎ᠤᠨ ᠦᠨᠡᠰᠦ᠎ᠶ᠋ᠢ ᠳᠤᠷ᠎ᠠ᠎ᠪᠠᠷ᠎ᠢᠶᠠᠨ ᠣᠪᠣᠭᠠᠯᠠᠵᠤ᠂ ᠦᠢᠯᠡᠳᠪᠦᠷᠢᠯᠡᠯ᠎ᠦᠨ ᠬᠠᠶᠠᠭ᠍ᠳᠠᠮᠠᠯ ᠤᠰᠤ ᠬᠠᠶᠠᠭ᠍ᠳᠠᠮᠠᠯ ᠬᠡᠢ᠎ᠶ᠋ᠢ ᠳᠤᠷ᠎ᠠ᠎ᠪᠠᠷ᠎ᠢᠶᠠᠨ ᠭᠠᠳᠠᠭ᠍ᠰᠢᠯᠠᠭᠤᠯᠤᠭᠠᠳ ᠣᠷᠴᠢᠨ ᠲᠣᠭᠣᠷᠢᠨ᠎ᠤ ᠪᠣᠬᠢᠷᠲᠤᠯ᠎ᠢ ᠪᠤᠢ ᠪᠣᠯᠭᠠᠭ᠍ᠰᠠᠨ ᠬᠠᠮᠢᠶ᠎ᠠ ᠪᠦᠬᠦᠢ ᠠᠰᠠᠭᠤᠳᠠᠯ᠎ᠤᠨ ᠳᠤᠭᠤᠷᠢᠨ ᠳ᠋ᠦ ᠲᠤᠬᠠᠢ᠎ᠶ᠋ᠢᠨ ᠭᠠᠵᠠᠷ᠎ᠲᠤᠨᠢ ᠱᠠᠯᠠᠪᠳᠠᠭᠤᠯᠤᠨ ᠵᠢᠯᠣᠭᠣᠳᠴᠤ᠌ ᠪᠠᠢᠴᠠᠭᠠᠨ ᠰᠤᠳᠤᠯᠪᠠ᠃ ᠳ᠋ᠸ ᠶᠤᠸᠠᠨ ᠪᠤᠷᠳᠤᠭᠤᠷ᠎ᠤᠨ ᠦᠢᠯᠡᠰ᠎ᠦᠨ ᠦᠢᠯᠡᠳᠪᠦᠷᠢ ᠎ᠶ᠋ᠢᠨ ᠲᠣᠭᠣᠷᠢᠭ᠎ᠲᠤ᠂ ᠯᠢ ᠪᠢᠩ ᠷᠦᠩ ᠠᠵᠤ ᠠᠬᠤᠢᠯᠠᠯ᠎ᠤᠨ ᠤᠷ᠎ᠠ ᠮᠡᠷᠭᠡᠱᠢᠯ᠎ᠦᠨ ᠲᠠᠷᠠᠭᠠᠯᠠᠯ᠂ ᠲᠤᠨᠤᠭ ᠲᠥᠬᠥᠭᠡᠷᠦᠮᠵᠢ᠎ᠶ᠋ᠢᠨ ᠠᠵᠢᠯᠯᠠᠭᠠᠨ᠎ᠤ ᠬᠠᠮᠠᠭᠠᠯᠠᠯᠲᠠ᠂ ᠬᠠᠶᠠᠭ᠍ᠳᠠᠮᠠᠯ ᠤᠰᠤ ᠬᠠᠶᠠᠭ᠍ᠳᠠᠮᠠᠯ ᠬᠡᠢ᠎ᠶ᠋ᠢ ᠱᠢᠢᠳᠪᠦᠷᠢᠯᠡᠬᠦ᠌ ᠠᠷᠭ᠎ᠠ ᠬᠡᠮᠵᠢᠢ᠎ᠡ᠂ ᠪᠣᠬᠢᠷᠲᠤᠯ ᠎ᠢ ᠵᠠᠰᠠᠬᠤ ᠪᠡᠯᠡ ᠮᠥᠩᠭᠥ᠎ᠶ᠋ᠢᠨ ᠣᠷᠣᠭᠤᠯᠤᠯᠲᠠ ᠵᠡᠷᠭᠡ ᠪᠠᠢᠳᠠᠯ᠎ᠢ ᠨᠠᠷᠢᠨ ᠣᠢᠯᠠᠭᠠᠬᠤ᠎ᠶ᠋ᠢᠨ ᠬᠠᠮᠲᠤ ᠴᠡᠭ᠌ᠴᠡᠯᠡᠨ ᠰᠠᠢᠵᠢᠷᠠᠭᠤᠯᠬᠤ ᠠᠵᠢᠯ᠎ᠢ ᠲᠤᠬᠠᠢ᠎ᠶ᠋ᠢᠨ ᠲᠠᠯᠠᠪᠠᠢ᠎ᠳᠤ ᠱᠠᠯᠠᠪᠳᠠᠭᠤᠯᠤᠨ ᠵᠢᠯᠣᠭᠣᠳᠪᠠ᠃

ᠯᠢ ᠪᠢᠩ ᠷᠦᠩ᠂ ᠬᠤᠳᠠ ᠲᠣᠭᠣᠷᠢᠭ ᠬᠣᠶᠠᠷ ᠱᠠᠲᠤᠨ᠎ᠤ ᠬᠢᠨ ᠤᠯᠤᠰ ᠲᠦᠷᠦ᠍᠎ᠶ᠋ᠢᠨ ᠵᠣᠭ᠍ᠰᠣᠴᠠ᠎ᠪᠠᠨ ᠤᠯᠠᠮ ᠴᠢᠨᠠᠭ᠍ᠰᠢᠳᠠ ᠳᠡᠭᠡᠭ᠌ᠰᠢᠯᠡᠭᠦᠯᠵᠦ᠍᠂ ᠡᠯ᠎ᠡ ᠲᠠᠯ᠎ᠠ᠎ᠶ᠋ᠢᠨ ᠬᠠᠷᠢᠭᠤᠴᠠᠯᠭ᠎ᠠ᠎ᠶᠢ ᠪᠣᠳᠠᠲᠠᠢᠵᠢᠭᠤᠯᠵᠤ᠂ ᠲᠥᠪ᠎ᠦᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ᠎ᠤᠨ ᠱᠢᠯᠵᠢᠭᠦᠯᠦᠨ ᠲᠤᠱᠢᠶᠠᠭ᠍ᠰᠠᠨ ᠵᠦᠢᠯ᠎ᠢ ᠨᠠᠷᠢᠨ ᠬᠢᠨᠠᠮᠠᠭᠠᠢ ᠬᠢᠨᠠᠨ ᠬᠠᠷᠭᠤᠭᠤᠯᠵᠤ᠂ ᠦᠨᠡᠨ ᠮᠥᠨ᠎ᠢᠶᠡᠷ ᠨᠢ ᠳᠡᠭᠡᠭ᠌ᠰᠢ ᠮᠡᠳᠡᠭᠦᠯᠵᠦ᠍᠂ ᠪᠠᠷᠢᠨ ᠬᠡᠷᠡᠭ᠌ᠵᠢᠭᠦᠯᠵᠦ᠍ ᠪᠠᠷᠢᠨ ᠰᠠᠢᠵᠢᠷᠠᠭᠤᠯᠬᠤ ᠬᠡᠷᠡᠭ᠌ᠲᠡᠢ᠃ ᠴᠡᠭ᠌ᠴᠡᠯᠡᠨ ᠰᠠᠢᠵᠢᠷᠠᠭᠤᠯᠬᠤ᠎ᠶ᠋ᠢ ᠦᠷᠭᠦᠯᠵᠢᠯᠡᠨ ᠠᠬᠢᠭᠤᠯᠬᠤ ᠵᠦᠶ᠋ᠯᠡᠰ᠎ᠤᠨ ᠲᠤᠬᠠᠢ ᠠᠵᠢᠯ᠎ᠤ᠋ᠨ ᠡᠬᠡ ᠲᠠᠩᠰᠠ ᠪᠠᠢᠭᠤᠯᠵᠤ᠂ ᠴᠠᠭ᠎ᠤᠨ ᠬᠢᠵᠠᠭᠠᠷ᠎ᠤᠨ ᠱᠠᠭᠠᠷᠳᠠᠯᠭ᠎ᠠ᠎ᠶ᠋ᠢ ᠲᠣᠳᠣᠷᠬᠠᠢᠯᠠᠵᠤ᠂ ᠴᠡᠭ᠌ᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠡ᠎ᠶ᠋ᠢ ᠨᠠᠷᠢᠯᠢᠬ᠍ᠵᠢᠭᠤᠯᠤᠨ ᠲᠡᠭᠦᠯᠳᠡᠷᠵᠢᠭᠦᠯᠵᠦ᠍᠂ ᠴᠡᠭ᠌ᠴᠡᠯᠡᠨ ᠰᠠᠢᠵᠢᠷᠠᠭᠤᠯᠬᠤ ᠠᠵᠢᠯ᠎ᠢ ᠬᠦᠴᠦᠲᠡᠶ ᠪᠦᠲᠦᠮᠵᠢᠲᠡᠶ ᠥᠷᠨᠢᠭᠦᠯᠬᠦ᠌᠎ᠶ᠋ᠢ ᠪᠠᠲᠤᠯᠠᠬᠤ ᠬᠡᠷᠡᠭ᠌ᠲᠡᠶ᠃ ᠪᠠᠢ᠌ᠩᠭᠤᠵᠢᠬ᠍ᠰᠠᠨ ᠬᠢᠨᠠᠯᠲᠠ ᠪᠠᠢᠴᠠᠭᠠᠯᠲᠠ᠎ᠶ᠋ᠢᠨ ᠡᠷᠴᠢᠮ᠎ᠢᠶᠡᠨ ᠴᠢᠩᠭᠠᠷᠠᠭᠤᠯᠵᠤ᠂ ᠦᠩᠭᠡᠨ ᠲᠡᠭᠡᠷ᠎ᠡ ᠨᠢ ᠴᠡᠭ᠌ᠴᠡᠯᠡᠨ ᠰᠠᠢᠵᠢᠷᠠᠭᠤᠯᠬᠤ᠂ ᠬᠠᠰᠢ ᠶᠠᠰᠢ ᠎ᠪᠠᠷ ᠴᠡᠭ᠌ᠴᠡᠯᠡᠨ ᠰᠠᠢᠵᠢᠷᠠᠭᠤᠯᠬᠤ ᠪᠠ ᠬᠠᠷᠢᠭᠤᠴᠠᠯᠭ᠎ᠠ ᠡᠭᠦᠷᠭᠡᠯᠡᠬᠦ᠌ ᠦᠭᠡᠢ ᠵᠢᠳᠬᠦᠯ ᠴᠢᠷᠮᠠᠢᠯᠭ᠎ᠠ ᠭᠠᠷᠭᠠᠬᠤ ᠦᠭᠡᠢ ᠪᠠᠢᠪᠠᠯ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ᠍ ᠬᠠᠷᠢᠭᠤᠴᠠᠯᠭ᠎ᠠ ᠲᠤᠯᠭᠠᠬᠤ ᠬᠡᠷᠡᠭ᠌ᠲᠡᠢ᠃ ᠱᠢᠨᠵᠢᠯᠡᠬᠦ᠌ ᠤᠬᠠᠭᠠᠨᠴᠢ ᠴᠢᠩᠭ᠎ᠠ ᠬᠢᠨᠠᠮᠠᠭᠠᠶ᠂ ᠦᠨᠡᠨ ᠪᠤᠳᠠᠳᠠᠢ ᠵᠢ ᠡᠷᠬᠢᠮᠯᠡᠵᠦ᠂ ᠴᠡᠭ᠌ᠴᠡᠯᠡᠨ ᠰᠠᠢᠵᠢᠷᠠᠭᠤᠯᠤᠭ᠍ᠰᠠᠨ ᠦᠷ᠎ᠡ ᠪᠦᠲᠦᠮᠵᠢ ᠎ᠶ᠋ᠢ ᠦᠨᠡᠯᠡᠨ ᠵᠢᠱ᠌ᠢᠬᠦ᠌ ᠠᠵᠢᠯ᠎ᠢ ᠰᠠᠢᠲᠤᠷ ᠬᠢᠵᠦ᠍᠂ ᠠᠰᠠᠭᠤᠳᠠᠯ ᠳᠠᠬᠢᠨᠲᠠ ᠡᠭᠦᠰᠭᠦ ᠎ᠶ᠋ᠢ ᠡᠷᠡᠰ ᠬᠣᠷᠢᠭ᠍ᠯᠠᠵᠤ᠂ ᠠᠷᠠᠳ ᠣᠯᠠᠨ᠎ᠳᠤ ᠬᠠᠨᠤᠮᠵᠢᠲᠠᠶ ᠴᠡᠭ᠌ᠴᠡᠯᠡᠨ ᠰᠠᠢᠵᠢᠷᠠᠭᠤᠯᠤᠭ᠍ᠰᠠᠨ ᠬᠠᠷᠢᠭᠤᠯᠲᠠ ᠎ᠶ᠋ᠢᠨ ᠬᠠᠭᠤᠳᠠᠰᠤ ᠲᠤᠰᠢᠶᠠᠬᠤ ᠬᠡᠷᠡᠭ᠌ᠲᠡᠶ ᠭᠡᠵᠦ ᠴᠢᠬᠤᠯᠠᠴᠢᠯᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面