ᠪᠠᠶᠢᠭᠠᠯᠢ ᠣᠷᠴᠢᠨ > ᠲᠦᠪ᠎ᠦ᠋ᠨ ᠣᠷᠴᠢᠨ ᠲᠣᠭᠣᠷᠢᠨ᠎ᠤ᠋ ᠬᠠᠮᠠᠭᠠᠯᠠᠯᠲᠠ

2022-04-17 20:04:47

ᠵᠣᠬᠢᠶᠠᠭ᠍ᠴᠢ᠄ ᠱᠤᠸᠠᠢ ᠵᠧᠩ ᠣᠩᠱᠢᠭ᠍ᠰᠠᠨ ᠣᠳᠠᠭ᠎ᠠ᠄ 3

3 ᠰᠠᠷ᠎ᠠ᠎ᠶ᠋ᠢᠨ 26 ᠎ᠤ᠋ ᠡᠳᠤᠷ ᠡᠴᠡ 4 ᠰᠠᠷ᠎ᠠ᠎ᠶ᠋ᠢᠨ 14 ᠤ᠋ ᠡᠳᠦᠷ ᠪᠣᠯᠲᠠᠯ᠎ᠠ᠂ ᠲᠥᠪ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠭᠤᠷᠪᠠᠳᠤᠭᠠᠷ ᠱᠠᠯᠠᠪᠳᠠᠭᠤᠯᠤᠨ ᠪᠠᠢᠴᠠᠭᠠᠬᠤ ᠳᠤᠭᠤᠢᠯᠠᠩ (ᠳᠣᠷᠣᠭ᠍ᠰᠢ《ᠲᠥᠪ᠎ᠦᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ》 ᠭᠡᠵᠦ᠍ ᠳᠥᠭᠥᠮᠴᠢᠯᠡᠨ᠎ᠡ) ᠡᠴᠡ ᠮᠠᠨ᠎ᠤ ᠣᠷᠣᠨ᠎ᠳᠤ 20 ᠪᠦᠯᠦᠭ᠎ᠤᠨ ᠨᠡᠢ᠌ᠳᠡ 1625 ᠢᠯᠡᠴᠢᠯᠡᠨ ᠮᠡᠳᠡᠭᠦᠯᠦᠭ᠌ᠰᠡᠨ ᠬᠡᠷᠡᠭ᠎ᠢ ᠰᠢᠢᠳᠪᠦᠷᠢᠯᠡᠬᠦᠯᠬᠦ ᠪᠡᠷ ᠳᠤᠰᠢᠶᠠᠵᠠᠢ᠃ ᠲᠥᠪ᠎ᠦᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ᠎ᠤᠨ ᠠᠵᠢᠯ᠎ᠤᠨ ᠱᠠᠭᠠᠷᠳᠠᠯᠭ᠎ᠠ ᠶᠣᠰᠣᠭᠠᠷ᠂ ᠣᠳᠣᠬᠠᠨ᠎ᠳᠤ ᠪᠥᠬᠥ᠌ ᠣᠷᠣᠨ ᠵᠢᠡᠷ ᠵᠢᠡᠨ ᠠᠷᠪᠠᠨ ᠬᠤᠶᠠᠳᠤᠭᠠᠷ ᠪᠦᠯᠦᠭ᠎ᠤᠨ 76 ᠬᠤᠪᠢ ᠵᠠᠬᠢᠳᠠᠯ ᠰᠤᠷᠪᠤᠯᠵᠢᠯᠠᠯ᠎ᠤᠨ ᠬᠡᠷᠡᠭ᠎ᠢ ᠪᠠᠢᠴᠠᠭᠠᠨ ᠱᠢᠶ᠋ᠳᠪᠦᠷᠢᠯᠡᠵᠦ ᠪᠤᠢ᠃ ᠡᠭᠦᠨ᠎ᠳᠦ᠂ 26 ᠬᠤᠪᠢ᠎ᠶ᠋ᠢ ᠨᠢ ᠨᠢᠭᠡᠨᠲᠡ ᠱᠢᠶ᠋ᠳᠪᠦᠷᠢᠯᠡᠨ ᠳᠠᠭᠤᠰᠭᠠᠵᠤ᠂ 28 ᠬᠤᠪᠢ᠎ᠶ᠋ᠢ ᠨᠢ ᠱᠠᠲᠤᠴᠢ ᠴᠢᠨᠠᠷᠲᠠᠶ᠎ᠪᠠᠷ ᠱᠢᠶ᠋ᠳᠪᠦᠷᠢᠯᠡᠨ ᠳᠠᠭᠤᠰᠭᠠᠵᠤ᠂ 22 ᠬᠤᠪᠢ᠎ᠶ᠋ᠢ ᠨᠢ ᠬᠠᠷᠠᠬᠠᠨ ᠱᠢᠶ᠋ᠳᠪᠦᠷᠢᠯᠡᠵᠥ ᠪᠠᠷᠠᠭᠠᠳᠤᠢ; 7 ᠵᠢ ᠨᠢ ᠵᠠᠷᠯᠢᠭᠳᠠᠨ ᠴᠡᠭᠴᠡᠯᠡᠨ ᠰᠠᠢᠵᠢᠷᠠᠭᠤᠯᠵᠥ᠂ 6 ᠎ᠶ᠋ᠢ ᠨᠢ ᠬᠡᠷᠡᠭ ᠪᠣᠯᠭᠠᠨ ᠳᠡᠩᠰᠡᠯᠡᠨ ᠱᠢᠢᠳᠭᠡᠵᠤ᠂ ᠵᠤᠭᠤᠰ ᠵᠢᠠᠷ ᠳᠤᠷᠭᠠᠭᠰᠠᠨ ᠮᠦᠩᠬᠦᠨ᠎ᠦ ᠳᠤᠭ᠎ᠠ 35.75778 ᠲᠦᠮᠡᠨ ᠲᠥᠭᠥᠷᠢᠭ ᠪᠠᠢᠵᠦ᠂ 4 ᠬᠥᠮᠦᠨ᠎ᠲᠡᠶ ᠪᠣᠯᠵᠣᠨ ᠶᠠᠷᠢᠯᠴᠠᠵᠤ᠂ 1 ᠬᠥᠮᠦᠨ᠎ᠡᠴᠡ ᠬᠠᠷᠢᠭᠤᠴᠠᠯᠭ᠎ᠠ ᠨᠡᠬᠡᠮᠵᠢᠯᠡᠪᠡ᠃

4 ᠰᠠᠷ᠎ᠠ᠎ᠶ᠋ᠢᠨ 14 ᠤ᠋ ᠡᠳᠦᠷ ᠪᠣᠯᠲᠠᠯ᠎ᠠ᠂ ᠪᠥᠬᠥ᠌ ᠣᠷᠣᠨ ᠵᠢᠡᠷ ᠵᠢᠡᠨ 1—12 ᠳ᠋ᠤᠭᠠᠷ ᠪᠦᠯᠦᠭ᠎ᠦᠨ 847 ᠬᠤᠪᠢ ᠵᠠᠬᠢᠳᠠᠯ ᠰᠤᠷᠪᠤᠯᠵᠢᠯᠠᠯ᠎ᠤᠨ ᠬᠡᠷᠡᠭ᠎ᠢ ᠪᠠᠢᠴᠠᠭᠠᠨ ᠰᠢᠢᠳᠪᠤᠷᠢᠯᠡᠵᠦ ᠪᠤᠢ᠃ ᠡᠭᠦᠨ᠎ᠳᠦ 340 ᠬᠤᠪᠢ᠎ᠶ᠋ᠢ ᠨᠢ ᠨᠢᠭᠡᠨᠲᠡ ᠱᠢᠶ᠋ᠳᠪᠦᠷᠢᠯᠡᠨ ᠳᠠᠭᠤᠰᠭᠠᠵᠤ᠂ 290 ᠬᠤᠪᠢ᠎ᠶ᠋ᠢ ᠨᠢ ᠱᠠᠲᠤᠴᠢ ᠴᠢᠨᠠᠷᠲᠠᠶ᠎ᠪᠠᠷ ᠱᠢᠶ᠋ᠳᠪᠦᠷᠢᠯᠡᠨ ᠳᠠᠭᠤᠰᠭᠠᠵᠤ᠂ 217 ᠬᠤᠪᠢ᠎ᠶ᠋ᠢ ᠨᠢ ᠬᠠᠷᠠᠬᠠᠨ ᠰᠢᠢᠳᠪᠦᠷᠢᠯᠡᠵᠥ ᠪᠠᠷᠠᠭᠠᠳᠤᠢ; 335᠎ᠶ᠋ᠢ ᠨᠢ ᠵᠠᠷᠯᠢᠭ᠍ᠳᠠᠨ ᠴᠡᠭ᠌ᠴᠡᠯᠡᠨ ᠰᠠᠢᠵᠢᠷᠠᠭᠤᠯᠵᠤ᠂ 55 ᠶ᠋ᠢ ᠨᠢ ᠬᠡᠷᠡᠭ ᠪᠣᠯᠭᠠᠨ ᠳᠡᠩᠰᠡᠯᠡᠨ ᠱᠢᠢᠳᠭᠡᠵᠤ᠂ ᠵᠤᠭᠤᠰ ᠵᠢᠠᠷ ᠳᠤᠷᠭᠠᠭᠰᠠᠨ ᠮᠦᠩᠬᠦᠨ᠎ᠦ ᠳᠤᠭ᠎ᠠ 271.90378 ᠲᠦᠮᠡᠨ ᠲᠥᠭᠥᠷᠢᠭ᠎ᠪᠠᠢᠵᠦ᠂ 26 ᠬᠡᠷᠡᠭ᠎ᠢ ᠨᠢ ᠬᠡᠷᠡᠭ ᠪᠣᠯᠭᠠᠨ ᠳᠡᠩᠰᠡᠯᠡᠨ ᠳᠠᠩᠨᠠᠨ ᠪᠠᠢᠴᠠᠭᠠᠵᠤ᠂ 7 ᠬᠥᠮᠦᠨ᠎ᠢ ᠡᠷᠡᠭᠦᠦ᠍᠎ᠶ᠋ᠢᠨ ᠬᠡᠷᠡᠭ᠎ᠢᠶᠡᠷ ᠲᠦᠷ ᠬᠣᠷᠢᠵᠤ᠂ 48 ᠬᠥᠮᠦᠨ᠎ᠲᠡᠶ ᠪᠣᠯᠵᠣᠨ ᠶᠠᠷᠢᠯᠴᠠᠵᠤ᠂ 30 ᠬᠥᠮᠦᠨ᠎ᠡᠴᠡ ᠬᠠᠷᠢᠭᠤᠴᠠᠯᠭ᠎ᠠ ᠨᠡᠬᠡᠮᠵᠢᠯᠡᠪᠡ᠃

ᠲᠥᠪ᠎ᠦᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ᠎ᠤᠨ ᠱᠠᠯᠠᠪᠳᠠᠭᠤᠯᠤᠨ ᠪᠠᠢᠴᠠᠭᠠᠬᠤ᠎ᠶ᠋ᠢᠨ ᠳᠠᠭᠠᠤ ᠬᠠᠯᠠᠨ ᠰᠠᠢᠵᠢᠷᠠᠭᠤᠯᠬᠤ ᠠᠵᠢᠯ᠎ᠤᠨ ᠱᠠᠭᠠᠷᠳᠠᠯᠭ᠎ᠠ ᠶᠣᠰᠣᠭᠠᠷ᠂ ᠬᠠᠮᠢᠶ᠎ᠠ ᠪᠦᠬᠦᠢ ᠬᠡᠷᠡᠭ᠎ᠢ ᠪᠠᠢᠴᠠᠭᠠᠨ ᠱᠢᠢᠳᠪᠦᠷᠢᠯᠡᠵᠦ᠍ ᠴᠡᠭ᠌ᠴᠡᠯᠡᠨ ᠰᠠᠢᠵᠢᠷᠠᠭᠤᠯᠬᠤ ᠠᠵᠢᠯ᠎ᠢ ᠦᠷᠬᠦᠯᠵᠢᠯᠡᠨ ᠠᠬᠢᠭᠤᠯᠵᠥ ᠪᠠᠢᠨ᠎ᠠ᠃

ᠠᠷᠪᠠᠨ ᠬᠤᠶᠠᠳᠤᠭᠠᠷ ᠪᠦᠯᠦᠭ ᠤ᠋ᠨ ᠪᠦᠬᠦ ᠬᠡᠷᠡᠭ ᠢ᠋ ᠭᠦᠢᠴᠡᠳᠭᠡᠭᠰᠡᠨ ᠪᠠᠢᠳᠠᠯ ᠢ᠋ ᠤᠢᠯᠠᠭᠠᠶ᠎ᠠ ᠬᠡᠪᠡᠯ ᠬᠤᠶᠠᠷ ᠬᠡᠮᠵᠢᠯᠳᠤ ᠺᠤᠳ᠋ ᠢ᠋ ᠰᠢᠷᠪᠢᠬᠡᠷᠡᠢ ᠃


QQ图片20220417194030.png


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面