2022-04-18 10:06:48
4 ᠰᠠᠷ᠎ᠠ᠎ᠶ᠋ᠢᠨ 16 ᠤ᠋ ᠡᠳᠦᠷ᠂ ᠲᠥᠪ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠭᠤᠷᠪᠠᠳᠤᠭᠠᠷ ᠱᠠᠯᠠᠪᠳᠠᠭᠤᠯᠤᠨ ᠪᠠᠢᠴᠠᠭᠠᠬᠤ ᠳᠤᠭᠤᠢᠯᠠᠩ ᠤ᠋ᠨ ᠬᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠬᠤᠷᠢᠨ ᠬᠤᠶᠠᠳᠤᠭᠠᠷ ᠪᠦᠯᠦᠭ ᠤ᠋ᠨ ᠣᠷᠴᠢᠨ ᠲᠣᠭᠣᠷᠢᠨ᠎ᠤ ᠬᠦᠷᠢᠶᠡᠨ᠎ᠳᠦ ᠬᠣᠯᠪᠣᠭ᠍ᠳᠠᠭ᠍ᠰᠠᠨ 118 ᠬᠤᠪᠢ ᠤᠯᠠᠨ ᠲᠦᠮᠡᠨ᠎ᠦ ᠢᠯᠡᠴᠢᠯᠡᠨ ᠮᠡᠳᠡᠭᠦᠯᠦᠭ᠌ᠰᠡᠨ ᠬᠡᠷᠡᠭ᠎ᠢ ᠱᠢᠶ᠋ᠳᠪᠦᠷᠢᠯᠡᠭᠦᠯᠬᠦ ᠪᠡᠷ ᠳᠤᠰᠢᠶᠠᠵᠠᠢ᠃ ᠲᠣᠭ᠎ᠠ ᠬᠡᠮᠵᠢᠶ᠎ᠡ᠎ᠪᠡᠷ ᠨᠢ ᠵᠢᠭ᠍ᠰᠠᠭᠠᠪᠠᠯ᠂ ᠤᠯᠠᠭᠠᠨᠬᠠᠳᠠ ᠬᠤᠳᠠ᠎ᠵᠢᠨ 22 ᠬᠤᠪᠢ᠂ ᠬᠥᠬᠡᠬᠣᠲᠠ᠎ᠵᠢᠨ 19 ᠬᠤᠪᠢ᠂ ᠬᠥᠯᠥᠨ ᠪᠣᠢᠷ ᠬᠤᠳᠠ ᠵᠢᠨ 17 ᠬᠤᠪᠢ᠂ ᠲᠦᠩᠯᠢᠶᠣᠤ ᠬᠤᠳᠠ᠂ ᠣᠷᠳᠣᠰ ᠬᠤᠳᠠ ᠵᠢᠨ ᠲᠣᠰᠪᠦᠷᠢ 13 ᠬᠤᠪᠢ᠂ ᠪᠤᠭᠤᠲᠤ ᠬᠤᠳᠠ ᠵᠢᠨ 11 ᠬᠤᠪᠢ᠂ ᠬᠢᠩᠭᠠᠨ ᠠᠢᠮᠠᠭ᠎ᠤ᠋ᠨ 10 ᠬᠤᠪᠢ᠂ ᠤᠯᠠᠭᠠᠨᠴᠠᠪ ᠬᠤᠳᠠ᠂ ᠪᠠᠶᠠᠨᠨᠠᠭᠤᠷ ᠬᠤᠳᠠ ᠵᠢᠨ ᠲᠣᠰᠪᠦᠷᠢ 6 ᠬᠤᠪᠢ᠂ ᠱᠢᠯᠢ᠎ᠶ᠋ᠢᠨ ᠭᠤᠤᠯ ᠠᠢᠮᠠᠭ᠎ᠤ᠋ᠨ 1 ᠬᠤᠪᠢ ᠪᠣᠶ᠃
ᠪᠣᠬᠢᠷᠲᠤᠯ᠎ᠤᠨ ᠲᠥᠷᠥᠯ᠎ᠢᠶᠡᠷ ᠨᠢ ᠬᠤᠪᠢᠶᠠᠪᠠᠯ(ᠬᠡᠰᠡᠭ ᠬᠡᠷᠡᠭ ᠨᠢ ᠣᠯᠠᠨ ᠲᠥᠷᠥᠯ᠎ᠦᠨ ᠪᠣᠬᠢᠷᠲᠤᠯ᠎ᠳᠤ ᠬᠣᠯᠪᠣᠭ᠍ᠳᠠᠨ᠎ᠠ)᠂ ᠠᠮᠢ ᠠᠬᠤᠶ᠎ᠶ᠋ᠢ ᠡᠪᠳᠡᠭ᠌ᠰᠡᠨ ᠬᠡᠷᠡᠭ 75 ᠬᠤᠪᠢ᠂ ᠠᠭᠠᠷ ᠮᠠᠨᠳᠠᠯ᠎ᠢ ᠪᠣᠬᠢᠷᠲᠤᠭᠤᠯᠤᠭ᠍ᠰᠠᠨ ᠬᠡᠷᠡᠭ 26 ᠬᠤᠪᠢ᠂ ᠤᠰᠤᠨ᠎ᠤ ᠪᠣᠬᠢᠷᠲᠤᠯ ᠤ᠋ᠨ ᠬᠡᠷᠡᠭ 15 ᠬᠤᠪᠢ᠂ ᠬᠥᠷᠥᠰᠥ᠍ ᠱᠢᠷᠣᠶ᠎ᠶ᠋ᠢᠨ ᠪᠣᠬᠢᠷᠲᠤᠯ ᠤ᠋ᠨ ᠬᠡᠷᠡᠭ 15 ᠬᠤᠪᠢ᠂ ᠱᠤᠤᠬᠢᠶᠠᠨ᠎ᠤ ᠪᠣᠬᠢᠷᠲᠤᠯ ᠤ᠋ᠨ ᠬᠡᠷᠡᠭ 6 ᠬᠤᠪᠢ᠂ ᠰᠠᠴᠤᠷᠠᠭ᠎ᠤᠨ ᠪᠣᠬᠢᠷᠲᠤᠯ ᠤ᠋ᠨ ᠬᠡᠷᠡᠭ 1 ᠬᠤᠪᠢ᠂ ᠪᠤᠰᠤᠳ ᠪᠣᠬᠢᠷᠲᠤᠯ ᠤ᠋ᠨ ᠬᠡᠷᠡᠭ 10 ᠬᠤᠪᠢ ᠪᠣᠶ᠃
ᠳᠡᠭᠡᠷᠡᠬᠢ ᠬᠡᠷᠡᠭ᠎ᠢ ᠴᠥᠮ ᠬᠣᠯᠪᠣᠭ᠍ᠳᠠᠯ ᠪᠦᠬᠦᠢ ᠠᠢᠮᠠᠭ ᠬᠣᠲᠠ ᠪᠣᠯᠤᠨ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠰᠠᠯᠠᠭ᠎ᠠ ᠮᠥᠴᠢᠷ᠎ᠲᠦ ᠱᠢᠯᠵᠢᠭᠦᠯᠦᠨ ᠱᠢᠶ᠋ᠳᠪᠦᠷᠢᠯᠡᠭᠦᠯᠵᠦ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠹᠦ᠋ ᠭᠸᠨ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃