ᠪᠠᠶᠢᠭᠠᠯᠢ ᠣᠷᠴᠢᠨ > ᠲᠦᠪ᠎ᠦ᠋ᠨ ᠣᠷᠴᠢᠨ ᠲᠣᠭᠣᠷᠢᠨ᠎ᠤ᠋ ᠬᠠᠮᠠᠭᠠᠯᠠᠯᠲᠠ

2022-04-18 10:09:04

ᠵᠣᠬᠢᠶᠠᠭ᠍ᠴᠢ᠄ ᠱᠤᠸᠠᠢ ᠵᠧᠩ ᠣᠩᠱᠢᠭ᠍ᠰᠠᠨ ᠣᠳᠠᠭ᠎ᠠ᠄ 3

3 ᠰᠠᠷ᠎ᠠ᠎ᠶ᠋ᠢᠨ 26 ᠤ᠋ ᠡᠳᠦᠷ ᠡᠴᠡ 4 ᠰᠠᠷ᠎ᠠ᠎ᠶ᠋ᠢᠨ 15 ᠎ᠤ᠋ ᠡᠳᠦᠷ ᠪᠣᠯᠲᠠᠯ᠎ᠠ᠂ ᠲᠥᠪ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠭᠤᠷᠪᠠᠳᠤᠭᠠᠷ ᠱᠠᠯᠠᠪᠳᠠᠭᠤᠯᠤᠨ ᠪᠠᠢᠴᠠᠭᠠᠬᠤ ᠳᠤᠭᠤᠢᠯᠠᠩ(ᠳᠣᠷᠣᠭ᠍ᠰᠢ《ᠲᠥᠪ᠎ᠦᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ》 ᠭᠡᠵᠦ᠍ ᠳᠥᠭᠥᠮᠴᠢᠯᠡᠨ᠎ᠡ)ᠡᠴᠡ ᠮᠠᠨ᠎ᠤ ᠣᠷᠣᠨ᠎ᠳᠤ 21 ᠪᠦᠯᠦᠭ ᠤ᠋ᠨ ᠨᠡᠢ᠌ᠳᠡ 1721 ᠢᠯᠡᠴᠢᠯᠡᠨ ᠮᠡᠳᠡᠭᠦᠯᠦᠭ᠌ᠰᠡᠨ ᠬᠡᠷᠡᠭ᠎ᠢ ᠰᠢᠢᠳᠪᠦᠷᠢᠯᠡᠬᠦᠯᠬᠦ ᠪᠡᠷ ᠲᠤᠰᠢᠶᠠᠵᠠᠢ᠃ ᠲᠥᠪ᠎ᠦᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ᠎ᠤᠨ ᠠᠵᠢᠯ᠎ᠤᠨ ᠱᠠᠭᠠᠷᠳᠠᠯᠭ᠎ᠠ ᠶᠣᠰᠣᠭᠠᠷ᠂ ᠣᠳᠣᠬᠠᠨ᠎ᠳᠤ ᠪᠥᠬᠥ᠌ ᠣᠷᠣᠨ᠎ᠵᠢᠡᠷ ᠵᠢᠡᠨ ᠠᠷᠪᠠᠨ ᠭᠤᠷᠪᠠᠳᠤᠭᠠᠷ ᠪᠦᠯᠦᠭ᠎ᠦᠨ 86 ᠬᠤᠪᠢ ᠵᠠᠬᠢᠳᠠᠯ ᠰᠤᠷᠪᠤᠯᠵᠢᠯᠠᠯ᠎ᠤᠨ ᠬᠡᠷᠡᠭ᠎ᠢ ᠪᠠᠢᠴᠠᠭᠠᠨ ᠱᠢᠶ᠋ᠳᠪᠦᠷᠢᠯᠡᠵᠦ ᠪᠤᠢ᠂ ᠡᠭᠦᠨ᠎ᠳᠦ 29 ᠬᠤᠪᠢ᠎ᠶ᠋ᠢ ᠨᠢ ᠨᠢᠭᠡᠨᠲᠡ ᠱᠢᠶ᠋ᠳᠪᠦᠷᠢᠯᠡᠨ ᠳᠠᠭᠤᠰᠭᠠᠵᠤ᠂ 35 ᠬᠤᠪᠢ᠎ᠶ᠋ᠢ ᠨᠢ ᠱᠠᠲᠤᠴᠢ ᠴᠢᠨᠠᠷᠲᠠᠶ᠎ᠪᠠᠷ ᠱᠢᠶ᠋ᠳᠪᠦᠷᠢᠯᠡᠨ ᠳᠠᠭᠤᠰᠭᠠᠵᠤ᠂ 22 ᠬᠤᠪᠢ᠎ᠶ᠋ᠢ ᠨᠢ ᠬᠠᠷᠠᠬᠠᠨ ᠱᠢᠶ᠋ᠳᠪᠦᠷᠢᠯᠡᠵᠦ ᠪᠠᠷᠠᠭᠠᠳᠤᠢ᠂ 20 ᠎ᠶ᠋ᠢ ᠨᠢ ᠵᠠᠷᠯᠢᠭ᠍ᠳᠠᠨ ᠴᠡᠭ᠌ᠴᠡᠯᠡᠨ ᠰᠠᠢᠵᠢᠷᠠᠭᠤᠯᠵᠤ᠂ 3 ᠬᠥᠮᠦᠨ᠎ᠲᠡᠶ ᠪᠣᠯᠵᠣᠨ ᠶᠠᠷᠢᠯᠴᠠᠪᠠ᠃

4 ᠰᠠᠷ᠎ᠠ᠎ᠶ᠋ᠢᠨ 15 ᠎ᠤ᠋ ᠡᠳᠦᠷ ᠪᠣᠯᠲᠠᠯ᠎ᠠ᠂ ᠪᠥᠬᠥ᠌ ᠣᠷᠣᠨ᠎ᠵᠢᠡᠷ ᠵᠢᠡᠨ 1—13 ᠳ᠋ᠤᠭᠠᠷ ᠪᠦᠯᠦᠭ ᠤ᠋ᠨ 933 ᠬᠤᠪᠢ ᠵᠠᠬᠢᠳᠠᠯ ᠰᠤᠷᠪᠤᠯᠵᠢᠯᠠᠯ᠎ᠤᠨ ᠬᠡᠷᠡᠭ᠎ᠢ ᠪᠠᠢᠴᠠᠭᠠᠨ ᠱᠢᠶ᠋ᠳᠪᠦᠷᠢᠯᠡᠵᠦ ᠪᠤᠢ᠂ ᠡᠭᠦᠨ᠎ᠳᠦ 369 ᠬᠤᠪᠢ᠎ᠶ᠋ᠢ ᠨᠢ ᠨᠢᠭᠡᠨᠲᠡ ᠱᠢᠶ᠋ᠳᠪᠦᠷᠢᠯᠡᠨ ᠳᠠᠭᠤᠰᠭᠠᠵᠤ᠂ 325 ᠬᠤᠪᠢ᠎ᠶ᠋ᠢ ᠨᠢ ᠱᠠᠲᠤᠴᠢ ᠴᠢᠨᠠᠷᠲᠠᠶ᠎ᠪᠠᠷ ᠱᠢᠶ᠋ᠳᠪᠦᠷᠢᠯᠡᠨ ᠳᠠᠭᠤᠰᠭᠠᠵᠤ᠂ 239 ᠬᠤᠪᠢ᠎ᠶ᠋ᠢ ᠨᠢ ᠬᠠᠷᠠᠬᠠᠨ ᠱᠢᠶ᠋ᠳᠪᠦᠷᠢᠯᠡᠵᠦ ᠪᠠᠷᠠᠭᠠᠳᠤᠢ᠂ 355 ᠡᠷᠦᠬᠡ᠎ᠶ᠋ᠢ ᠵᠠᠷᠯᠢᠭ᠍ᠳᠠᠨ ᠴᠡᠭ᠌ᠴᠡᠯᠡᠨ ᠰᠠᠢᠵᠢᠷᠠᠭᠤᠯᠵᠤ᠂ 55᠎ᠶ᠋ᠢ ᠨᠢ ᠬᠡᠷᠡᠭ ᠪᠣᠯᠭᠠᠨ ᠳᠡᠩᠰᠡᠯᠡᠨ ᠱᠢᠢᠳᠭᠡᠵᠦ᠂ ᠵᠣᠭᠣᠰ ᠵᠢᠡᠷ ᠲᠤᠷᠭᠠᠭᠰᠠᠨ ᠮᠦᠩᠭᠦᠨ ᠤ᠋ ᠲᠣᠭ᠎ᠠ ᠨᠢ 271.90378 ᠲᠦᠮᠡᠨ ᠲᠥᠭᠥᠷᠢᠭ᠎ᠪᠠᠢᠵᠤ᠂ 26 ᠬᠡᠷᠡᠭ᠎ᠢ ᠬᠡᠷᠡᠭ ᠪᠣᠯᠭᠠᠨ ᠳᠡᠩᠰᠡᠯᠡᠵᠦ᠍ ᠲᠠᠩᠨᠠᠨ ᠪᠠᠢᠴᠠᠭᠠᠵᠤ᠂ 7 ᠬᠥᠮᠦᠨ᠎ᠢ ᠡᠷᠡᠭᠦᠦ᠍᠎ᠶ᠋ᠢᠨ ᠬᠡᠷᠡᠭ᠎ᠢᠶᠡᠷ ᠲᠦᠷ ᠬᠣᠷᠢᠵᠤ᠂ 51 ᠬᠥᠮᠦᠨ᠎ᠲᠡᠶ ᠪᠣᠯᠵᠣᠨ ᠶᠠᠷᠢᠯᠴᠠᠵᠤ᠂ 30 ᠬᠥᠮᠦᠨ᠎ᠡᠴᠡ ᠬᠠᠷᠢᠭᠤᠴᠠᠯᠭ᠎ᠠ ᠨᠡᠬᠡᠮᠵᠢᠯᠡᠪᠡ᠃

ᠲᠥᠪ᠎ᠦᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ᠎ᠤᠨ ᠱᠠᠯᠠᠪᠳᠠᠭᠤᠯᠤᠨ ᠪᠠᠢᠴᠠᠭᠠᠬᠤ᠎ᠶ᠋ᠢᠨ ᠳᠠᠭᠠᠤ ᠬᠠᠯᠠᠨ ᠰᠠᠢᠵᠢᠷᠠᠭᠤᠯᠬᠤ ᠠᠵᠢᠯ᠎ᠤᠨ ᠱᠠᠭᠠᠷᠳᠠᠯᠭ᠎ᠠ ᠶᠣᠰᠣᠭᠠᠷ ᠬᠠᠮᠢᠶ᠎ᠠ ᠪᠦᠬᠦᠢ ᠬᠡᠷᠡᠭ᠎ᠢ ᠪᠠᠢᠴᠠᠭᠠᠨ ᠱᠢᠢᠳᠪᠦᠷᠢᠯᠡᠵᠦ᠍ ᠴᠡᠭ᠌ᠴᠡᠯᠡᠨ ᠰᠠᠢᠵᠢᠷᠠᠭᠤᠯᠬᠤ ᠠᠵᠢᠯ᠎ᠢ ᠦᠷᠭᠦᠯᠵᠢᠯᠡᠨ ᠠᠬᠢᠭᠤᠯᠵᠤ ᠪᠠᠢᠨ᠎ᠠ᠃


QQ图片20220418100405.png


ᠠᠷᠪᠠᠨ ᠭᠤᠷᠪᠠᠳᠤᠭᠠᠷ ᠪᠦᠯᠦᠭ ᠤ᠋ᠨ ᠪᠦᠬᠦ ᠬᠡᠷᠡᠭ ᠢ᠋ ᠭᠦᠢᠴᠡᠳᠭᠡᠭᠰᠡᠨ ᠪᠠᠢᠳᠠᠯ ᠢ᠋ ᠤᠢᠯᠠᠭᠠᠶ᠎ᠠ ᠬᠡᠪᠡᠯ ᠬᠤᠶᠠᠷ ᠬᠡᠮᠵᠢᠯᠳᠤ ᠺᠤᠳ᠋ ᠢ᠋ ᠰᠢᠷᠪᠢᠬᠡᠷᠡᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面