ᠪᠠᠶᠢᠭᠠᠯᠢ ᠣᠷᠴᠢᠨ > ᠲᠦᠪ᠎ᠦ᠋ᠨ ᠣᠷᠴᠢᠨ ᠲᠣᠭᠣᠷᠢᠨ᠎ᠤ᠋ ᠬᠠᠮᠠᠭᠠᠯᠠᠯᠲᠠ

2022-04-19 07:56:34

ᠵᠣᠬᠢᠶᠠᠭ᠍ᠴᠢ᠄ ᠱᠤᠸᠠᠢ ᠵᠸᠩ ᠣᠩᠱᠢᠭ᠍ᠰᠠᠨ ᠣᠳᠠᠭ᠎ᠠ᠄ 3

3 ᠰᠠᠷ᠎ᠠ ᠵᠢᠨ 26 ᠤ᠋ ᠡᠳᠦᠷ ᠡᠴᠡ 4 ᠰᠠᠷ᠎ᠠ ᠵᠢᠨ 16 ᠤ᠋ ᠡᠳᠦᠷ ᠪᠤᠯᠳᠠᠯ᠎ᠠ᠂ ᠲᠦᠪ ᠤ᠋ᠨ ᠠᠮᠢ ᠠᠬᠤᠢ ᠤᠷᠴᠢᠨ ᠲᠤᠭᠤᠷᠢᠨ ᠤ᠋ ᠬᠠᠮᠠᠭᠠᠯᠠᠯᠳᠠ ᠵᠢᠨ ᠭᠤᠷᠪᠠᠳᠤᠭᠠᠷ ᠱᠠᠯᠠᠪᠳᠠᠭᠤᠯᠤᠨ ᠪᠠᠢᠴᠠᠭᠠᠬᠤ ᠲᠤᠭᠤᠢᠯᠠᠩ(ᠳᠤᠷᠤᠬᠰᠢ《ᠲᠦᠪ ᠤ᠋ᠨ ᠱᠠᠯᠠᠪᠳᠠᠭᠤᠯᠤᠨ ᠪᠠᠢᠴᠠᠭᠠᠬᠤ ᠲᠤᠭᠤᠢᠯᠠᠩ》ᠭᠡᠵᠤ ᠲᠦᠭᠦᠮᠴᠢᠯᠡᠪᠡ)ᠡᠴᠡ ᠮᠠᠨ ᠤ᠋ ᠤᠷᠤᠨ ᠳ᠋ᠦ 22 ᠪᠦᠯᠦᠭ ᠎ᠤᠨ ᠨᠡᠢᠳᠡ 1839 ᠬᠤᠪᠢ ᠢᠯᠡᠴᠢᠯᠡᠨ ᠮᠡᠳᠡᠭᠦᠯᠦᠭᠰᠡᠨ ᠬᠡᠷᠡᠭ ᠢ᠋ ᠰᠢᠢᠳᠪᠦᠷᠢᠯᠡᠭᠦᠯᠬᠦ ᠪᠡᠷ ᠲᠤᠰᠢᠶᠠᠵᠠᠢ᠃ ᠲᠦᠪ ᠤ᠋ᠨ ᠱᠠᠯᠠᠪᠳᠠᠭᠤᠯᠤᠨ ᠪᠠᠢᠴᠠᠭᠠᠬᠤ ᠲᠤᠭᠤᠢᠯᠠᠩ ᠤ᠋ᠨ ᠠᠵᠢᠯ ᠤ᠋ᠨ ᠱᠠᠭᠠᠷᠳᠠᠯᠭ᠎ᠠ ᠶᠤᠰᠤᠭᠠᠷ᠂ ᠤᠳᠤᠬᠠᠨ ᠳ᠋ᠦ ᠪᠥᠬᠥ᠌ ᠣᠷᠣᠨ ᠢ᠋ᠶ᠋ᠡᠷ ᠢ᠋ᠶ᠋ᠡᠨ ᠠᠷᠪᠠᠨ ᠲᠦᠷᠪᠡᠳᠦᠭᠡᠷ ᠪᠦᠯᠦᠭ ᠤ᠋ᠨ 100 ᠬᠤᠪᠢ ᠵᠠᠬᠢᠳᠠᠯ ᠰᠤᠷᠪᠤᠯᠵᠢᠯᠠᠯ ᠤ᠋ᠨ ᠬᠡᠷᠡᠭ ᠎ᠢ ᠪᠠᠢᠴᠠᠭᠠᠨ ᠱᠢᠶ᠋ᠳᠪᠦᠷᠢᠯᠡᠵᠦ ᠪᠤᠢ᠃ ᠡᠭᠦᠨ ᠳ᠋ᠤ᠂ 26 ᠬᠤᠪᠢ ᠵᠢ ᠨᠢ ᠨᠢᠭᠡᠨᠲᠡ ᠱᠢᠶ᠋ᠳᠪᠦᠷᠢᠯᠡᠵᠤ᠂ 41 ᠬᠤᠪᠢ ᠵᠢ ᠨᠢ ᠱᠠᠲᠤᠴᠢ ᠴᠢᠨᠠᠷᠲᠠᠶ ᠪᠡᠷ ᠱᠢᠶ᠋ᠳᠪᠦᠷᠢᠯᠡᠨ ᠳᠠᠭᠤᠰᠬᠠᠵᠤ᠂ 33 ᠬᠤᠪᠢ ᠵᠢ ᠨᠢ ᠬᠠᠷᠠᠬᠠᠨ ᠱᠢᠶ᠋ᠳᠪᠦᠷᠢᠯᠡᠵᠤ ᠪᠠᠷᠠᠭᠠᠳᠤᠢ ; 31 ᠵᠢ ᠨᠢ ᠵᠠᠷᠯᠢᠭ᠍ᠳᠠᠨ ᠴᠡᠭ᠌ᠴᠡᠯᠡᠨ ᠰᠠᠢᠵᠢᠷᠠᠭᠤᠯᠵᠤ ᠂ 6 ᠵᠢ ᠨᠢ ᠬᠡᠷᠡᠭ ᠪᠣᠯᠭᠠᠨ ᠳᠡᠩᠰᠡᠯᠡᠨ ᠱᠢᠢᠳᠭᠡᠵᠦ᠍ ᠂ ᠵᠤᠭᠤᠰ ᠵᠢᠡᠷ ᠳᠤᠷᠭᠠᠬᠰᠠᠨ ᠮᠦᠩᠬᠦᠨ ᠎ᠤ ᠳᠤᠭ᠎ᠠ 90 ᠲᠦᠮᠡᠨ ᠲᠥᠭᠥᠷᠢᠭ ᠪᠠᠢᠵᠦ᠂ 3 ᠬᠡᠷᠡᠭ ᠢ᠋ ᠬᠡᠷᠡᠭ ᠪᠣᠯᠭᠠᠨ ᠳᠡᠩᠰᠡᠯᠡᠵᠦ ᠲᠠᠩᠨᠠᠨ ᠪᠠᠢᠴᠠᠭᠠᠵᠤ᠂ 2 ᠬᠦᠮᠦᠨ ᠢ᠋ ᠡᠷᠡᠭᠦᠦ ᠶ᠋ᠢᠨ ᠬᠡᠷᠡᠭ ᠢ᠋ᠶ᠋ᠡᠷ ᠲᠦᠷ ᠬᠤᠷᠢᠵᠤ᠂ 7 ᠬᠦᠮᠦᠨ ᠲᠠᠢ ᠪᠤᠯᠵᠤᠨ ᠶᠠᠷᠢᠯᠴᠠᠵᠤ᠂ 1 ᠬᠥᠮᠦᠨ ᠡᠴᠡ ᠬᠠᠷᠢᠭᠤᠴᠠᠯᠭ᠎ᠠ ᠨᠡᠬᠡᠮᠵᠢᠯᠡᠪᠡ ᠃

4 ᠰᠠᠷ᠎ᠠ ᠶ᠋ᠢᠨ 16 ᠤ᠋ ᠡᠳᠦᠷ ᠪᠤᠯᠲᠠᠯ᠎ᠠ ᠂ ᠪᠦᠬᠦ ᠤᠷᠤᠨ ᠢ᠋ᠶ᠋ᠡᠷ ᠢ᠋ᠶ᠋ᠡᠨ 1—14 ᠳ᠋ᠤᠭᠡᠷ ᠪᠦᠯᠦᠭ ᠤ᠋ᠨ 1033 ᠬᠤᠪᠢ ᠵᠠᠬᠢᠳᠠᠯ ᠰᠤᠷᠪᠤᠯᠵᠢᠯᠠᠯ ᠤ᠋ᠨ ᠬᠡᠷᠡᠭ ᠎ᠢ ᠪᠠᠢᠴᠠᠭᠠᠨ ᠱᠢᠶ᠋ᠳᠪᠦᠷᠢᠯᠡᠵᠦ ᠪᠤᠢ᠃ ᠡᠭᠦᠨ ᠳ᠋ᠤ ᠂ 397 ᠬᠤᠪᠢ ᠵᠢ ᠨᠢ ᠨᠢᠭᠡᠨᠲᠡ ᠱᠢᠶ᠋ᠳᠪᠦᠷᠢᠯᠡᠨ ᠳᠠᠭᠤᠰᠭᠠᠵᠤ᠂ 364 ᠬᠤᠪᠢ ᠵᠢ ᠨᠢ ᠱᠠᠲᠤᠴᠢ ᠴᠢᠨᠠᠷᠲᠠᠶ ᠪᠡᠷ ᠱᠢᠶ᠋ᠳᠪᠦᠷᠢᠯᠡᠨ ᠳᠠᠭᠤᠰᠭᠠᠵᠤ ᠂ 272 ᠬᠤᠪᠢ ᠵᠢ ᠨᠢ ᠬᠠᠷᠠᠬᠠᠨ ᠱᠢᠶ᠋ᠳᠪᠦᠷᠢᠯᠡᠵᠦ ᠪᠠᠷᠠᠭᠠᠳᠤᠢ ; 387 ᠵᠢ ᠨᠢ ᠵᠠᠷᠯᠢᠭ᠍ᠳᠠᠨ ᠴᠡᠭ᠌ᠴᠡᠯᠡᠨ ᠰᠠᠢᠵᠢᠷᠠᠭᠤᠯᠵᠤ ᠪᠠᠢᠵᠦ᠂ 61 ᠵᠢ ᠨᠢ ᠬᠡᠷᠡᠭ ᠪᠣᠯᠭᠠᠨ ᠳᠡᠩᠰᠡᠯᠡᠨ ᠱᠢᠢᠳᠭᠡᠵᠦ᠍᠂ ᠵᠤᠭᠤᠰ ᠵᠢᠡᠷ ᠳᠤᠷᠭᠠᠬᠰᠠᠨ ᠮᠦᠩᠬᠦᠨ᠎ᠤ ᠳᠤᠭ᠎ᠠ 361.9037 ᠲᠦᠮᠡᠨ ᠲᠥᠭᠥᠷᠢᠭ ᠪᠠᠢᠵᠦ᠂ 29 ᠬᠡᠷᠡᠭ ᠢ᠋ ᠬᠡᠷᠡᠭ ᠪᠣᠯᠭᠠᠨ ᠳᠡᠩᠰᠡᠯᠡᠵᠦ ᠲᠠᠩᠨᠠᠨ ᠪᠠᠢᠴᠠᠭᠠᠵᠤ᠂ 9 ᠬᠦᠮᠦᠨ ᠢ᠋ ᠡᠷᠡᠭᠦᠦ ᠶ᠋ᠢᠨ ᠬᠡᠷᠡᠭ ᠢ᠋ᠶ᠋ᠡᠷ ᠲᠦᠷ ᠬᠤᠷᠢᠵᠤ᠂ 58 ᠬᠥᠮᠦᠨ ᠲᠡᠶ ᠪᠣᠯᠵᠣᠨ ᠶᠠᠷᠢᠯᠴᠠᠵᠤ ᠂ 31 ᠬᠥᠮᠦᠨ ᠡᠴᠡ ᠬᠠᠷᠢᠭᠤᠴᠠᠯᠭ᠎ᠠ ᠨᠡᠬᠡᠮᠵᠢᠯᠡᠪᠡ᠃

ᠲᠥᠪ ᠤ᠋ᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ ᠤ᠋ᠨ ᠱᠠᠯᠠᠪᠳᠠᠭᠤᠯᠤᠨ ᠪᠠᠢᠴᠠᠭᠠᠬᠤ ᠶ᠋ᠢᠨ ᠳᠠᠭᠠᠤ ᠬᠠᠯᠠᠨ ᠰᠠᠢᠵᠢᠷᠠᠭᠤᠯᠬᠤ ᠠᠵᠢᠯ ᠤ᠋ᠨ ᠱᠠᠭᠠᠷᠳᠠᠯᠭ᠎ᠠ ᠶᠣᠰᠣᠭᠠᠷ᠂ ᠬᠠᠮᠢᠶ᠎ᠠ ᠪᠦᠬᠦᠢ ᠬᠡᠷᠡᠭ ᠢ᠋ ᠪᠠᠢᠴᠠᠭᠠᠨ ᠱᠢᠢᠳᠪᠦᠷᠢᠯᠡᠵᠦ᠍ ᠴᠡᠭ᠌ᠴᠡᠯᠡᠵᠦ ᠰᠠᠢᠵᠢᠷᠠᠭᠤᠯᠬᠤ ᠠᠵᠢᠯ ᠢ᠋ ᠦᠷᠭᠦᠯᠵᠢᠯᠡᠨ ᠠᠬᠢᠭᠤᠯᠵᠤ ᠪᠠᠢᠨ᠎ᠠ ᠃


QQ图片20220419075923.png


ᠠᠷᠪᠠᠨ ᠲᠦᠷᠪᠡᠳᠦᠭᠡᠷ ᠪᠦᠯᠦᠭ ᠤ᠋ᠨ ᠪᠦᠬᠦ ᠬᠡᠷᠡᠭ ᠢ᠋ ᠭᠦᠢᠴᠡᠳᠭᠡᠭᠰᠡᠨ ᠪᠠᠢᠳᠠᠯ ᠢ᠋ ᠤᠢᠯᠠᠭᠠᠶ᠎ᠠ ᠬᠡᠪᠡᠯ ᠬᠤᠶᠠᠷ ᠬᠡᠮᠵᠢᠯᠳᠤ ᠺᠤᠳ᠋ ᠢ᠋ ᠰᠢᠷᠪᠢᠬᠡᠷᠡᠢ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面