ᠪᠠᠶᠢᠭᠠᠯᠢ ᠣᠷᠴᠢᠨ > ᠲᠦᠪ᠎ᠦ᠋ᠨ ᠣᠷᠴᠢᠨ ᠲᠣᠭᠣᠷᠢᠨ᠎ᠤ᠋ ᠬᠠᠮᠠᠭᠠᠯᠠᠯᠲᠠ

2022-04-23 19:48:23

ᠵᠣᠬᠢᠶᠠᠭ᠍ᠴᠢ᠄ ᠱᠤᠸᠠᠢ ᠵᠧᠩ ᠣᠩᠱᠢᠭ᠍ᠰᠠᠨ ᠣᠳᠠᠭ᠎ᠠ᠄ 3

4 ᠰᠠᠷ᠎ᠠ᠎ᠶ᠋ᠢᠨ 19 ᠡᠴᠡ 20 ᠎ᠤ᠋ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ ᠎ᠤ ᠪᠠᠢᠩᠭᠤ᠎ᠶ᠋ᠢᠨ ᠭᠡᠱᠢᠭᠦᠨ᠂ ᠤᠯᠤᠰ ᠲᠦᠷᠦ᠍ ᠬᠠᠤᠯᠢ ᠴᠠᠭᠠᠵᠠ᠎ᠶ᠋ᠢᠨ ᠬᠣᠷᠢᠶᠠᠨ ᠎ᠤ ᠱᠦᠵᠢ ᠳ᠋ᠢᠩ ᠱᠢᠤ ᠹᠸᠩ ᠤᠯᠠᠭᠠᠨᠬᠠᠳᠠ ᠬᠤᠳᠠ᠎ᠶ᠋ᠢᠨ ᠬᠡᠱᠢᠭ᠌ᠲᠡᠨ ᠬᠣᠱᠢᠭᠤᠨ᠎ᠳᠤ ᠭᠦᠨᠵᠡᠭᠡᠢᠷᠡᠵᠦ᠍᠂ ᠲᠥᠪ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ᠎ᠤᠨ ᠤᠯᠠᠨ ᠲᠦᠮᠡᠨ᠎ᠳᠦ ᠱᠢᠯᠵᠢᠭᠦᠯᠦᠨ ᠲᠤᠱᠢᠶᠠᠭ᠍ᠰᠠᠨ ᠵᠠᠬᠢᠳᠠᠯ ᠰᠤᠷᠪᠤᠯᠵᠢᠯᠠᠯ ᠵᠢᠡᠷ ᠢᠯᠡᠴᠢᠯᠡᠨ ᠮᠡᠳᠡᠭᠦᠯᠦᠭ᠌ᠰᠡᠨ ᠭᠣᠣᠯᠳᠠᠯᠭ᠎ᠠ᠎ᠲᠠᠶ ᠬᠡᠷᠡᠭ᠎ᠢ ᠱᠢᠢᠳᠪᠦᠷᠢᠯᠡᠬᠦ᠌ ᠠᠵᠢᠯ᠎ᠢ ᠲᠤᠬᠠᠢ᠎ᠶ᠋ᠢᠨ ᠭᠠᠵᠠᠷ᠎ᠲᠤᠨᠢ ᠱᠠᠯᠠᠪᠳᠠᠭᠤᠯᠤᠨ ᠭᠦᠢᠴᠡᠳᠭᠡᠯᠭᠡᠪᠡ᠃

ᠳ᠋ᠢᠩ ᠱᠢᠤ ᠹᠸᠩ ᠢᠯᠡᠴᠢᠯᠡᠨ ᠮᠡᠳᠡᠭᠦᠯᠦᠭ᠌ᠰᠡᠨ ᠠᠰᠠᠭᠤᠳᠠᠯ᠎ᠳᠤ ᠬᠣᠯᠪᠣᠭ᠍ᠳᠠᠭ᠍ᠰᠠᠨ ᠠᠵᠤ ᠠᠬᠤᠢᠯᠠᠯ᠂ ᠦᠶ᠋ᠯᠡᠳᠪᠦᠷᠢ ᠠᠭᠤᠷᠬᠠᠶ᠂ ᠬᠠᠳᠤᠯᠠᠩ᠎ᠢ ᠨᠢᠭᠡᠳ ᠨᠢᠭᠡ᠎ᠪᠡᠷ ᠠᠰᠠᠭᠤᠨ ᠰᠤᠷᠪᠤᠯᠵᠢᠯᠠᠵᠤ᠂ ᠣᠯᠠᠨ ᠲᠦᠮᠡᠨ᠎ᠦ ᠲᠤᠰᠭᠠᠭ᠍ᠰᠠᠨ ᠬᠠᠤᠯᠢ᠎ᠠᠴᠠ ᠵᠥᠷᠢᠴᠡᠭ᠌ᠰᠡᠨ ᠵᠢᠭᠤᠯᠴᠢᠯᠠᠯ᠎ᠤᠨ ᠨᠡᠭᠡᠭᠡᠨ ᠬᠥᠭ᠌ᠵᠢᠭᠦᠯᠦᠯᠳᠡ᠂ ᠪᠣᠬᠢᠷ ᠤᠰᠤ ᠨᠡᠪᠴᠢᠵᠦ᠍ ᠭᠣᠭᠣᠵᠢᠬᠤ᠂ ᠪᠣᠬᠢᠷᠲᠤᠯ ᠪᠣᠳᠠᠰ᠎ᠢ ᠱᠢᠶ᠋ᠳᠪᠦᠷᠢᠯᠡᠬᠦ᠌᠂ ᠬᠠᠤᠯᠢ ᠪᠤᠰᠤ᠎ᠪᠠᠷ ᠠᠭᠤᠷᠬᠠᠶ ᠮᠠᠯᠲᠠᠬᠤ᠂ ᠬᠠᠤᠯᠢ ᠪᠤᠰᠤ᠎ᠪᠠᠷ ᠡᠵᠡᠯᠡᠨ ᠬᠡᠷᠡᠭ᠌ᠯᠡᠬᠦ᠌ ᠵᠢᠴᠢ ᠨᠤᠲᠤᠭ ᠪᠡᠯᠴᠢᠭᠡᠷ᠎ᠢ ᠡᠪᠳᠡᠬᠦ᠌ ᠵᠡᠷᠭᠡ ᠠᠰᠠᠭᠤᠳᠠᠯ᠎ᠤᠨ ᠲᠣᠭᠣᠷᠢᠨ᠎ᠳᠤ ᠪᠠᠢᠴᠠᠭᠠᠨ ᠬᠠᠷᠭᠤᠭᠤᠯᠵᠤ᠂ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠬᠤ᠂ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠤᠭ᠍ᠰᠠᠨ ᠪᠠᠢᠳᠠᠯ᠎ᠢ ᠨᠠᠷᠢᠨ ᠣᠢᠯᠠᠭᠠᠪᠠ᠃

ᠳ᠋ᠢᠩ ᠱᠢᠤ ᠹᠸᠩ᠂ ᠰᠢ ᠵᠢᠨ ᠫᠢᠩ᠎ᠦᠨ ᠠᠮᠢ ᠠᠬᠤᠢ᠎ᠶ᠋ᠢᠨ ᠪᠣᠯᠪᠠᠰᠤᠨ᠎ᠤ ᠦᠵᠡᠯ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭ᠌ᠵᠢᠯᠲᠡ᠎ᠶ᠋ᠢᠨ ᠤᠢ᠍ᠢᠯᠠᠭᠠᠭ᠍ᠳᠠᠬᠤᠨ᠎ᠢ ᠪᠠᠷᠢᠮᠲᠠᠯᠠᠵᠤ ᠂ ᠤᠯᠤᠰ ᠲᠦᠷᠦ᠍᠎ᠶ᠋ᠢᠨ ᠦᠨᠳᠦᠷᠴᠡ ᠡᠴᠡ ᠲᠥᠪ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ᠎ᠤᠨ ᠲᠤᠱᠢᠶᠠᠭ᠍ᠰᠠᠨ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠬᠤ ᠠᠵᠢᠯ᠎ᠳᠤ ᠬᠠᠨᠳᠤᠵᠤ᠂ ᠬᠠᠤᠯᠢ ᠶᠣᠰᠣᠭᠠᠷ ᠴᠢᠩᠭ᠎ᠠ ᠪᠣᠳᠠᠲᠠᠢ ᠲᠦᠷᠭᠡᠨ᠎ᠢᠶᠡᠷ ᠴᠡᠭ᠌ᠴᠡᠯᠡᠨ ᠰᠠᠢᠵᠢᠷᠠᠭᠤᠯᠬᠤ᠎ᠶ᠋ᠢ ᠠᠬᠢᠭᠤᠯᠵᠤ᠂ ᠡᠷᠡᠰ ᠪᠣᠳᠠᠲᠠᠢ ᠴᠡᠭ᠌ᠴᠡᠯᠡᠨ ᠰᠠᠢᠵᠢᠷᠠᠭᠤᠯᠵᠤ ᠤᠷᠤᠨ ᠪᠠᠢᠷᠢ᠎ᠳᠤᠨᠢ ᠬᠦᠷᠭᠡᠵᠦ᠂ ᠲᠤᠢᠯᠪᠤᠷᠢᠲᠠᠢ ᠴᠡᠭ᠌ᠴᠡᠯᠡᠨ ᠰᠠᠢᠵᠢᠷᠠᠭᠤᠯᠬᠤ ᠬᠡᠷᠡᠭ᠌ᠲᠡᠢ ᠭᠡᠵᠦ ᠴᠢᠬᠤᠯᠠᠴᠢᠯᠠᠪᠠ᠃

ᠳ᠋ᠢᠩ ᠱᠢᠤ ᠹᠸᠩ᠂ ᠬᠠᠷᠢᠶ᠎ᠠ ᠭᠠᠵᠠᠷ᠎ᠤᠨ ᠬᠠᠷᠢᠭᠤᠴᠠᠯᠭ᠎ᠠ᠂ ᠠᠵᠤ ᠠᠬᠤᠢᠯᠠᠯ᠎ᠤᠨ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠂ ᠠᠵᠢᠯ ᠲᠥᠷᠥᠯ᠎ᠦᠨ ᠬᠢᠨᠠᠯᠲᠠ ᠬᠠᠮᠢᠶᠠᠷᠤᠯᠲᠠ᠎ᠶ᠋ᠢᠨ ᠬᠠᠷᠢᠭᠤᠴᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂《ᠨᠢᠭᠡ ᠶᠠᠪᠤᠳᠠᠯ᠎ᠳᠤ ᠨᠢᠭᠡ ᠪᠣᠳᠣᠯᠭ᠎ᠠ ᠠᠪᠬᠤ》᠂ 《ᠨᠢᠭᠡ ᠬᠡᠷᠡᠭ᠎ᠲᠦ ᠨᠢᠭᠡ ᠪᠣᠳᠣᠯᠭ᠎ᠠ ᠠᠪᠬᠤ》 ᠱᠠᠭᠠᠷᠳᠠᠯᠭ᠎ᠠ ᠶᠣᠰᠣᠭᠠᠷ ᠂ ᠴᠡᠭ᠌ᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠡ᠎ᠶ᠋ᠢ ᠨᠠᠷᠢᠯᠢᠬ᠍ᠵᠢᠭᠤᠯᠵᠤ᠂ ᠴᠡᠭ᠌ᠴᠡᠯᠡᠨ ᠰᠠᠢᠵᠢᠷᠠᠭᠤᠯᠬᠤ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠵᠤ᠂ ᠴᠡᠭ᠌ᠴᠡᠯᠡᠨ ᠰᠠᠢᠵᠢᠷᠠᠭᠤᠯᠤᠭ᠍ᠰᠠᠨ ᠦᠷ᠎ᠡ ᠪᠦᠲᠦᠮᠵᠢ᠎ᠶ᠋ᠢ ᠪᠠᠲᠤᠯᠠᠬᠤ ᠬᠡᠷᠡᠭ᠌ᠲᠡᠶ᠃ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠬᠤ᠎ᠪᠠᠷ ᠠᠵᠠ ᠲᠣᠬᠢᠶᠠᠯ ᠪᠣᠯᠭᠠᠵᠤ ᠂ ᠨᠢᠭᠡ᠎ᠡᠴᠡ ᠵᠦᠶ᠋ᠴᠢᠯᠡᠵᠦ᠍ ᠨᠥᠭᠥᠭᠡ᠎ᠶ᠋ᠢ ᠮᠡᠳᠡᠬᠦ᠌᠂ ᠥᠩᠭᠡᠨ ᠲᠠᠯ᠎ᠠ ᠪᠠ ᠦᠨᠳᠦᠰᠦ᠎ᠡᠴᠡ᠎ᠨᠢ ᠵᠠᠰᠠᠬᠤ᠎ᠶ᠋ᠢ ᠠᠬᠢᠭᠤᠯᠵᠤ ᠂ ᠣᠷᠳᠣ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠪᠦᠷᠢᠨᠱᠢᠭᠦᠯᠦᠨ ᠲᠡᠭᠦᠯᠳᠡᠷᠵᠢᠭᠦᠯᠵᠦ᠍᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭ᠌ᠵᠢᠬᠦᠯᠬᠦ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠡᠷᠡᠰ ᠭᠤᠢᠪᠢᠰᠢ ᠥᠬᠡᠶ ᠵᠠᠮᠨᠠᠬᠤ ᠬᠡᠷᠡᠭ᠌ᠲᠡᠶ ᠭᠡᠵᠦ ᠱᠠᠭᠠᠷᠳᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面