ᠪᠠᠶᠢᠭᠠᠯᠢ ᠣᠷᠴᠢᠨ > ᠲᠦᠪ᠎ᠦ᠋ᠨ ᠣᠷᠴᠢᠨ ᠲᠣᠭᠣᠷᠢᠨ᠎ᠤ᠋ ᠬᠠᠮᠠᠭᠠᠯᠠᠯᠲᠠ

2022-04-28 10:35:59

ᠵᠣᠬᠢᠶᠠᠭ᠍ᠴᠢ᠄ ᠱᠤᠸᠠᠢ ᠵᠧᠩ ᠣᠩᠱᠢᠭ᠍ᠰᠠᠨ ᠣᠳᠠᠭ᠎ᠠ᠄ 3

4 ᠰᠠᠷ᠎ᠠ᠎ᠶ᠋ᠢᠨ 26 ᠎ᠤ᠋ ᠡᠳᠦᠷ᠂ ᠲᠥᠪ ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠭᠤᠷᠪᠠᠳᠤᠭᠠᠷ ᠱᠠᠯᠠᠪᠳᠠᠭᠤᠯᠤᠨ ᠪᠠᠢᠴᠠᠭᠠᠬᠤ ᠳᠤᠭᠤᠢᠯᠠᠩ ᠥᠪᠥᠷ ᠮᠣᠩᠭᠣᠯ ᠎ᠤᠨ ᠥᠪᠡᠷᠲᠡᠭᠡᠨ ᠵᠠᠰᠠᠬᠤ ᠣᠷᠣᠨ᠎ᠳᠤ ᠭᠤᠴᠢᠨ ᠬᠤᠶᠠᠳᠤᠭᠠᠷ ᠪᠦᠯᠦᠭ ᠎ᠦᠨ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠳᠦ ᠬᠣᠯᠪᠣᠭ᠍ᠳᠠᠭ᠍ᠰᠠᠨ 71 ᠬᠤᠪᠢ ᠤᠯᠠᠨ ᠲᠦᠮᠡᠨ᠎ᠦ ᠢᠯᠡᠴᠢᠯᠡᠨ ᠮᠡᠳᠡᠭᠦᠯᠦᠭ᠌ᠰᠡᠨ ᠬᠡᠷᠡᠭ ᠎ᠢ ᠰᠢᠢᠳᠪᠦᠷᠢᠯᠡᠭᠦᠯᠬᠦ ᠪᠡᠷ ᠲᠤᠰᠢᠶᠠᠵᠠᠢ᠃

ᠲᠣᠭ᠎ᠠ ᠬᠡᠮᠵᠢᠶ᠎ᠡ᠎ᠪᠡᠷ ᠨᠢ ᠵᠢᠭ᠍ᠰᠠᠭᠠᠪᠠᠯ ᠂ ᠤᠯᠠᠭᠠᠨᠬᠠᠳᠠ ᠬᠤᠲᠠ᠎ᠵᠢᠨ 16 ᠬᠤᠪᠢ ᠂ ᠤᠷᠳᠤᠰ ᠬᠤᠲᠠ ᠵᠢᠨ 13 ᠬᠤᠪᠢ ᠂ ᠬᠦᠯᠦᠨ ᠪᠤᠢᠷ ᠬᠤᠲᠠ ᠵᠢᠨ 9 ᠬᠤᠪᠢ ᠂ ᠬᠦᠬᠡᠬᠤᠲᠠ ᠵᠢᠨ 8 ᠬᠤᠪᠢ ᠂ ᠬᠢᠩᠭᠠᠨ ᠠᠢᠮᠠᠭ ᠂ ᠲᠦᠩᠯᠢᠶᠣᠤ ᠬᠤᠲᠠ ᠪᠤᠯᠤᠨ ᠤᠯᠠᠭᠠᠨᠴᠠᠪ ᠬᠤᠲᠠ ᠵᠢᠨ ᠲᠤᠰ ᠲᠤᠰ 5 ᠬᠤᠪᠢ ᠂ ᠪᠤᠭᠤᠲᠤ ᠬᠤᠲᠠ ᠪᠤᠯᠤᠨ ᠪᠠᠶᠠᠨᠨᠠᠭᠤᠷ ᠬᠤᠲᠠ᠎ᠵᠢᠨ ᠲᠤᠰ ᠲᠤᠰ 4 ᠬᠤᠪᠢ ᠂ ᠱᠢᠯᠢ᠎ᠶ᠋ᠢᠨ ᠭᠤᠤᠯ ᠠᠢᠮᠠᠭ᠎ᠪᠤᠯᠤᠨ ᠦᠬᠠᠢ ᠬᠤᠳᠠ ᠵᠢᠨ ᠲᠤᠰ ᠲᠤᠰ 1 ᠬᠤᠪᠢ ᠪᠣᠶ᠃ ᠪᠣᠬᠢᠷᠲᠤᠯ ᠎ᠤᠨ ᠲᠥᠷᠥᠯ᠎ᠢᠶᠡᠷ ᠨᠢ ᠬᠤᠪᠢᠶᠠᠪᠠᠯ(ᠬᠡᠰᠡᠭ ᠬᠡᠷᠡᠭ ᠨᠢ ᠣᠯᠠᠨ ᠲᠥᠷᠥᠯ᠎ᠦᠨ ᠪᠣᠬᠢᠷᠲᠤᠯ᠎ᠳᠤ ᠬᠣᠯᠪᠣᠭ᠍ᠳᠠᠨ᠎ᠠ)᠂ ᠠᠮᠢ ᠠᠬᠤᠶ᠎ᠶ᠋ᠢ ᠡᠪᠳᠡᠭ᠌ᠰᠡᠨ ᠬᠡᠷᠡᠭ 44 ᠬᠤᠪᠢ᠂ ᠠᠭᠠᠷ ᠮᠠᠨᠳᠠᠯ ᠎ᠤᠨ ᠪᠤᠬᠢᠷᠳᠤᠯ ᠎ᠤᠨ ᠬᠡᠷᠡᠭ 18 ᠬᠤᠪᠢ ᠂ ᠱᠤᠤᠬᠢᠶᠠᠨ᠎ᠤ ᠪᠣᠬᠢᠷᠲᠤᠯ᠎ᠤᠨ ᠬᠡᠷᠡᠭ 13 ᠬᠤᠪᠢ ᠂ ᠤᠰᠤᠨ᠎ᠤ ᠪᠣᠬᠢᠷᠲᠤᠯ᠎ᠤᠨ ᠬᠡᠷᠡᠭ 8 ᠬᠤᠪᠢ᠂ ᠬᠥᠷᠥᠰᠥ᠍ ᠱᠢᠷᠣᠶ᠎ᠶ᠋ᠢᠨ ᠪᠤᠬᠢᠷᠳᠤᠯ᠎ᠤᠨ ᠬᠡᠷᠡᠭ 7 ᠬᠤᠪᠢ᠂ ᠪᠤᠰᠤᠳ ᠪᠣᠬᠢᠷᠲᠤᠯ᠎ᠤᠨ ᠬᠡᠷᠡᠭ 9 ᠬᠤᠪᠢ ᠪᠣᠶ᠃

ᠳᠡᠭᠡᠷᠡᠬᠢ ᠬᠡᠷᠡᠭ᠎ᠢ ᠴᠥᠮ ᠬᠣᠯᠪᠣᠭ᠍ᠳᠠᠯ ᠪᠦᠬᠦᠢ ᠠᠢᠮᠠᠭ ᠬᠣᠲᠠ ᠪᠣᠯᠤᠨ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠰᠠᠯᠠᠭ᠎ᠠ ᠮᠥᠴᠢᠷ᠎ᠲᠦ ᠱᠢᠯᠵᠢᠭᠦᠯᠦᠨ ᠱᠢᠶ᠋ᠳᠪᠦᠷᠢᠯᠡᠭᠦᠯᠵᠦ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面