ᠪᠠᠶᠢᠭᠠᠯᠢ ᠣᠷᠴᠢᠨ > ᠲᠦᠪ᠎ᠦ᠋ᠨ ᠣᠷᠴᠢᠨ ᠲᠣᠭᠣᠷᠢᠨ᠎ᠤ᠋ ᠬᠠᠮᠠᠭᠠᠯᠠᠯᠲᠠ

2022-04-26 10:20:57

ᠵᠣᠬᠢᠶᠠᠭ᠍ᠴᠢ᠄ ᠱᠤᠸᠠᠢ ᠵᠧᠩ ᠣᠩᠱᠢᠭ᠍ᠰᠠᠨ ᠣᠳᠠᠭ᠎ᠠ᠄ 3

3 ᠰᠠᠷ᠎ᠠ᠎ᠶ᠋ᠢᠨ 26 ᠡᠴᠡ 4 ᠰᠠᠷ᠎ᠠ᠎ᠶ᠋ᠢᠨ 23 ᠤ᠋ ᠡᠳᠦᠷ ᠪᠣᠯᠲᠠᠯ᠎ᠠ᠂ ᠲᠥᠪ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ ᠵᠢᠨ ᠭᠤᠷᠪᠠᠳᠤᠭᠠᠷ ᠱᠠᠯᠠᠪᠳᠠᠭᠤᠯᠤᠨ ᠪᠠᠢᠴᠠᠭᠠᠬᠤ ᠳᠤᠭᠤᠢᠯᠠᠩ(ᠳᠣᠷᠣᠭ᠍ᠰᠢ 《ᠲᠥᠪ᠎ᠦᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ》ᠭᠡᠵᠦ᠍ ᠳᠥᠭᠥᠮᠴᠢᠯᠡᠨ᠎ᠡ)ᠮᠠᠨ᠎ᠤ ᠣᠷᠣᠨ᠎ᠳᠤ 29 ᠪᠦᠯᠦᠭ ᠨᠡᠢᠳᠡ 2530 ᠬᠡᠷᠡᠭ᠎ᠢ ᠰᠢᠢᠳᠪᠦᠷᠢᠯᠡᠭᠦᠯᠬᠦ ᠪᠡᠷ ᠲᠤᠰᠢᠶᠠᠵᠠᠢ᠃ ᠲᠥᠪ᠎ᠦᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ᠎ᠤᠨ ᠠᠵᠢᠯ᠎ᠤᠨ ᠱᠠᠭᠠᠷᠳᠠᠯᠭ᠎ᠠ ᠶᠣᠰᠣᠭᠠᠷ᠂ ᠣᠳᠣᠬᠠᠨ᠎ᠳᠤ᠂ ᠪᠥᠬᠥ᠌ ᠣᠷᠣᠨ ᠵᠢᠡᠷ᠎ᠢᠶᠡᠨ ᠬᠣᠷᠢᠨ ᠨᠢᠭᠡᠳᠦᠭᠡᠷ ᠪᠦᠯᠦᠭ᠎ᠦᠨ 96 ᠬᠤᠪᠢ ᠵᠠᠬᠢᠳᠠᠯ ᠰᠤᠷᠪᠤᠯᠵᠢᠯᠠᠯ᠎ᠤᠨ ᠬᠡᠷᠡᠭ᠎ᠢ ᠪᠠᠢᠴᠠᠭᠠᠨ ᠱᠢᠶ᠋ᠳᠪᠦᠷᠢᠯᠡᠵᠤ ᠪᠤᠢ᠂ ᠡᠭᠦᠨ᠎ᠳᠦ 36 ᠬᠤᠪᠢ᠎ᠶ᠋ᠢ ᠨᠢ ᠨᠢᠭᠡᠨᠲᠡ ᠱᠢᠶ᠋ᠳᠪᠦᠷᠢᠯᠡᠨ ᠳᠠᠭᠤᠰᠭᠠᠵᠤ᠂ 29 ᠬᠤᠪᠢ᠎ᠶ᠋ᠢ ᠨᠢ ᠱᠠᠲᠤᠴᠢ ᠴᠢᠨᠠᠷᠲᠠᠶ᠎ᠪᠠᠷ ᠱᠢᠶ᠋ᠳᠪᠦᠷᠢᠯᠡᠨ ᠳᠠᠭᠤᠰᠭᠠᠵᠤ᠂ 31 ᠬᠤᠪᠢ᠎ᠶ᠋ᠢ ᠨᠢ ᠬᠠᠷᠠᠬᠠᠨ ᠱᠢᠶ᠋ᠳᠪᠦᠷᠢᠯᠡᠵᠤ ᠪᠠᠷᠠᠭᠠᠳᠤᠢ᠂ 10 ᠬᠤᠪᠢ ᠵᠢ ᠨᠢ ᠵᠠᠷᠯᠢᠭᠳᠡᠨ ᠴᠡᠭᠴᠡᠯᠡᠨ ᠰᠠᠢᠵᠢᠷᠠᠭᠤᠯᠵᠤ᠂ 1 ᠬᠤᠪᠢ ᠵᠢ ᠨᠢ ᠬᠡᠷᠡᠭ ᠪᠣᠯᠭᠠᠨ ᠳᠡᠩᠰᠡᠯᠡᠨ ᠰᠢᠢᠳᠭᠡᠵᠤ᠂ ᠵᠤᠭᠤᠰ᠎ᠢᠶᠡᠷ ᠲᠤᠷᠭᠠᠭᠰᠠᠨ ᠬᠡᠮᠵᠢᠶ᠎ᠡ10 ᠲᠦᠮᠡᠨ ᠲᠥᠭᠥᠷᠢᠭ ᠪᠠᠢᠵᠤ᠂ 1 ᠬᠡᠷᠡᠭ᠎ᠢ ᠬᠡᠷᠡᠭ ᠪᠣᠯᠭᠠᠨ ᠳᠡᠩᠰᠡᠯᠡᠵᠦ᠍ ᠲᠠᠩᠨᠠᠨ ᠪᠠᠢᠴᠠᠭᠠᠵᠤ᠂ 1 ᠬᠥᠮᠦᠨ᠎ᠢ ᠡᠷᠡᠭᠦᠦ᠍᠎ᠶ᠋ᠢᠨ ᠬᠡᠷᠡᠭ᠎ᠢᠶᠡᠷ ᠲᠦᠷ ᠬᠣᠷᠢᠵᠤ᠂ 2 ᠬᠥᠮᠦᠨ᠎ᠡᠴᠡ ᠬᠠᠷᠢᠭᠤᠴᠠᠯᠭ᠎ᠠ ᠨᠡᠬᠡᠮᠵᠢᠯᠡᠪᠡ᠃

4 ᠰᠠᠷ᠎ᠠ᠎ᠶ᠋ᠢᠨ 23 ᠤ᠋ ᠡᠳᠦᠷ ᠪᠣᠯᠲᠠᠯ᠎ᠠ᠂ ᠪᠥᠬᠥ᠌ ᠣᠷᠣᠨ ᠵᠢᠡᠷ ᠵᠢᠡᠨ ᠨᠢᠭᠡᠨᠲᠡ 1—21 ᠪᠦᠯᠦᠭ᠎ᠦᠨ 1721 ᠬᠤᠪᠢ ᠵᠠᠬᠢᠳᠠᠯ ᠰᠤᠷᠪᠤᠯᠵᠢᠯᠠᠯ᠎ᠤᠨ ᠬᠡᠷᠡᠭ᠎ᠢ ᠪᠠᠢᠴᠠᠭᠠᠨ ᠱᠢᠶ᠋ᠳᠪᠦᠷᠢᠯᠡᠵᠤ ᠪᠤᠢ᠂ ᠡᠭᠦᠨ᠎ᠳᠦ᠂ 636 ᠬᠤᠪᠢ᠎ᠶ᠋ᠢ ᠨᠢ ᠨᠢᠭᠡᠨᠲᠡ ᠱᠢᠶ᠋ᠳᠪᠦᠷᠢᠯᠡᠨ ᠳᠠᠭᠤᠰᠭᠠᠵᠤ᠂ 644 ᠬᠤᠪᠢ᠎ᠶ᠋ᠢ ᠨᠢ ᠱᠠᠲᠤᠴᠢ ᠴᠢᠨᠠᠷᠲᠠᠶ᠎ᠪᠠᠷ ᠱᠢᠶ᠋ᠳᠪᠦᠷᠢᠯᠡᠨ ᠳᠠᠭᠤᠰᠭᠠᠵᠤ᠂ 441 ᠬᠤᠪᠢ᠎ᠶ᠋ᠢ ᠨᠢ ᠬᠠᠷᠠᠬᠠᠨ ᠱᠢᠶ᠋ᠳᠪᠦᠷᠢᠯᠡᠵᠤ ᠪᠠᠷᠠᠭᠠᠳᠤᠢ᠂ 769 ᠬᠤᠪᠢ᠎ᠶ᠋ᠢ ᠨᠢ ᠵᠠᠷᠯᠢᠭᠳᠡᠨ ᠴᠡᠭᠴᠡᠯᠡᠨ ᠰᠠᠢᠵᠢᠷᠠᠭᠤᠯᠵᠤ᠂ 91 ᠬᠤᠪᠢ ᠵᠢ ᠨᠢ ᠬᠡᠷᠡᠭ ᠪᠣᠯᠭᠠᠨ ᠳᠡᠩᠰᠡᠯᠡᠨ ᠰᠢᠢᠳᠭᠡᠵᠤ᠂ ᠵᠤᠭᠤᠰ᠎ᠢᠶᠡᠷ ᠲᠤᠷᠭᠠᠭᠰᠠᠨ ᠬᠡᠮᠵᠢᠶ᠎ᠡ 701.3078 ᠲᠦᠮᠡᠨ ᠲᠥᠭᠥᠷᠢᠭ ᠪᠠᠢᠵᠤ᠂ 37 ᠬᠡᠷᠡᠭ᠎ᠢ ᠬᠡᠷᠡᠭ ᠪᠣᠯᠭᠠᠨ ᠳᠡᠩᠰᠡᠯᠡᠵᠦ᠍ ᠲᠠᠩᠨᠠᠨ ᠪᠠᠢᠴᠠᠭᠠᠵᠤ᠂ 12 ᠬᠥᠮᠦᠨ᠎ᠢ ᠡᠷᠡᠭᠦᠦ᠍᠎ᠶ᠋ᠢᠨ ᠬᠡᠷᠡᠭ᠎ᠢᠶᠡᠷ ᠲᠦᠷ ᠬᠣᠷᠢᠵᠤ᠂ 67 ᠬᠥᠮᠦᠨ᠎ᠲᠡᠶ ᠪᠣᠯᠵᠣᠨ ᠶᠠᠷᠢᠯᠴᠠᠵᠤ᠂ 61 ᠬᠥᠮᠦᠨ᠎ᠡᠴᠡ ᠬᠠᠷᠢᠭᠤᠴᠠᠯᠭ᠎ᠠ ᠨᠡᠬᠡᠮᠵᠢᠯᠡᠪᠡ᠃

ᠲᠥᠪ᠎ᠦᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ᠎ᠤᠨ ᠱᠠᠯᠠᠪᠳᠠᠭᠤᠯᠤᠨ ᠪᠠᠢᠴᠠᠭᠠᠬᠤ᠎ᠶ᠋ᠢᠨ ᠳᠠᠭᠠᠤ ᠴᠡᠭ᠌ᠴᠡᠯᠡᠨ ᠰᠠᠢᠵᠢᠷᠠᠭᠤᠯᠬᠤ ᠠᠵᠢᠯ᠎ᠤᠨ ᠱᠠᠭᠠᠷᠳᠠᠯᠭ᠎ᠠ ᠶᠣᠰᠣᠭᠠᠷ᠂ ᠬᠣᠯᠪᠣᠭ᠍ᠳᠠᠯ ᠪᠦᠬᠦᠢ ᠬᠡᠷᠡᠭ᠎ᠢ ᠪᠠᠢᠴᠠᠭᠠᠨ ᠱᠢᠢᠳᠪᠦᠷᠢᠯᠡᠵᠦ᠍ ᠴᠡᠭ᠌ᠴᠡᠯᠡᠨ ᠰᠠᠢᠵᠢᠷᠠᠭᠤᠯᠬᠤ ᠠᠵᠢᠯ᠎ᠢ ᠦᠷᠭᠦᠯᠵᠢᠯᠡᠨ ᠠᠬᠢᠭᠤᠯᠵᠤ ᠪᠠᠢᠨ᠎ᠠ᠃


QQ图片20220426095306.png


ᠬᠣᠷᠢᠨ ᠨᠢᠭᠡᠳᠦᠭᠡᠷ ᠪᠦᠯᠦᠭ᠎ᠦᠨ ᠪᠥᠬᠥ᠌ ᠬᠡᠷᠡᠭ᠎ᠢ ᠱᠢᠶ᠋ᠳᠪᠦᠷᠢᠯᠡᠭ᠌ᠰᠡᠨ ᠪᠠᠢᠳᠠᠯ᠎ᠢ ᠤᠢᠯᠠᠭᠠᠶ᠎ᠠ ᠭᠡᠪᠡᠯ ᠬᠣᠶᠠᠷ ᠬᠡᠮᠵᠢᠯᠳᠦ ᠺᠣᠳ᠋ ᠢ᠋ ᠱᠢᠷᠪᠢᠵᠦ᠍ ᠦᠵᠡᠭᠡᠷᠡᠶ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面