ᠪᠠᠶᠢᠭᠠᠯᠢ ᠣᠷᠴᠢᠨ > ᠲᠦᠪ᠎ᠦ᠋ᠨ ᠣᠷᠴᠢᠨ ᠲᠣᠭᠣᠷᠢᠨ᠎ᠤ᠋ ᠬᠠᠮᠠᠭᠠᠯᠠᠯᠲᠠ

2022-04-27 09:15:27

ᠵᠣᠬᠢᠶᠠᠭ᠍ᠴᠢ᠄ ᠱᠤᠸᠠᠢ ᠵᠧᠩ ᠣᠩᠱᠢᠭ᠍ᠰᠠᠨ ᠣᠳᠠᠭ᠎ᠠ᠄ 3

4 ᠰᠠᠷ᠎ᠠ᠎ᠶ᠋ᠢᠨ 25 ᠎ᠤ᠋ ᠡᠳᠦᠷ᠂ ᠲᠥᠪ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠭᠤᠷᠪᠠᠳᠤᠭᠠᠷ ᠱᠠᠯᠠᠪᠳᠠᠭᠤᠯᠤᠨ ᠪᠠᠢᠴᠠᠭᠠᠬᠤ ᠳᠤᠭᠤᠢᠯᠠᠩ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠭᠤᠴᠢᠨ ᠨᠢᠭᠡᠳᠦᠭᠡᠷ ᠪᠦᠯᠦᠭ᠎ᠦᠨ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠳᠦ ᠬᠣᠯᠪᠣᠭ᠍ᠳᠠᠭ᠍ᠰᠠᠨ 83 ᠬᠤᠪᠢ ᠤᠯᠠᠨ ᠲᠦᠮᠡᠨ᠎ᠦ ᠢᠯᠡᠴᠢᠯᠡᠨ ᠮᠡᠳᠡᠭᠦᠯᠦᠭ᠌ᠰᠡᠨ ᠬᠡᠷᠡᠭ᠎ᠢ ᠰᠢᠢᠳᠪᠦᠷᠢᠯᠡᠭᠦᠯᠬᠦ ᠪᠡᠷ ᠲᠤᠰᠢᠶᠠᠵᠠᠢ᠃

ᠲᠣᠭ᠎ᠠ ᠬᠡᠮᠵᠢᠶ᠎ᠡ᠎ᠪᠡᠷ ᠨᠢ ᠵᠢᠭ᠍ᠰᠠᠭᠠᠪᠠᠯ᠂ ᠤᠯᠠᠭᠠᠨᠬᠠᠳᠠ ᠬᠤᠲᠠ᠎ᠵᠢᠨ 19 ᠬᠤᠪᠢ᠂ ᠤᠷᠳᠤᠰ ᠬᠤᠲᠠ ᠵᠢᠨ 13 ᠬᠤᠪᠢ᠂ ᠬᠦᠬᠡᠬᠤᠲᠠ ᠪᠤᠯᠤᠨ ᠬᠦᠯᠦᠨ ᠪᠤᠢᠷ ᠬᠤᠲᠠ ᠵᠢᠨ ᠲᠤᠰ ᠲᠤᠰ 12 ᠬᠤᠪᠢ᠂ ᠲᠦᠩᠯᠢᠶᠣᠤ ᠬᠤᠲᠠ᠎ᠵᠢᠨ 7 ᠬᠤᠪᠢ᠂ ᠪᠠᠶᠠᠨᠨᠠᠭᠤᠷ ᠬᠤᠲᠠ᠎ᠵᠢᠨ 6 ᠬᠤᠪᠢ ᠂ ᠪᠤᠭᠤᠲᠤ ᠬᠤᠲᠠ᠂ ᠱᠢᠯᠢ᠎ᠶ᠋ᠢᠨ ᠭᠤᠤᠯ ᠠᠢᠮᠠᠭ᠎ᠪᠤᠯᠤᠨ ᠤᠯᠠᠭᠠᠨᠴᠠᠪ ᠬᠤᠲᠠ ᠵᠢᠨ ᠲᠤᠰ ᠲᠤᠰ 4 ᠬᠤᠪᠢ᠂ ᠬᠢᠩᠭᠠᠨ ᠠᠢᠮᠠᠭ᠎ᠤᠨ 2 ᠬᠤᠪᠢ ᠪᠣᠶ᠃ ᠪᠣᠬᠢᠷᠲᠤᠯ᠎ᠤᠨ ᠲᠥᠷᠥᠯ᠎ᠢᠶᠡᠷ ᠨᠢ ᠬᠤᠪᠢᠶᠠᠪᠠᠯ (ᠬᠡᠰᠡᠭ ᠬᠡᠷᠡᠭ ᠨᠢ ᠣᠯᠠᠨ ᠲᠥᠷᠥᠯ᠎ᠦᠨ ᠪᠣᠬᠢᠷᠲᠤᠯ᠎ᠳᠤ ᠬᠣᠯᠪᠣᠭ᠍ᠳᠠᠨ᠎ᠠ)᠂ ᠠᠮᠢ ᠠᠬᠤᠶ᠎ᠶ᠋ᠢ ᠡᠪᠳᠡᠭ᠌ᠰᠡᠨ ᠬᠡᠷᠡᠭ 50 ᠬᠤᠪᠢ᠂ ᠠᠭᠠᠷ ᠮᠠᠨᠳᠠᠯ᠎ᠤᠨ ᠪᠤᠬᠢᠷᠳᠤᠯ᠎ᠤᠨ ᠬᠡᠷᠡᠭ 21 ᠬᠤᠪᠢ᠂ ᠤᠰᠤᠨ᠎ᠤ ᠪᠣᠬᠢᠷᠲᠤᠯ᠎ᠤᠨ ᠬᠡᠷᠡᠭ 13 ᠬᠤᠪᠢ᠂ ᠬᠥᠷᠥᠰᠥ᠍ ᠱᠢᠷᠣᠶ᠎ᠶ᠋ᠢᠨ ᠪᠤᠬᠢᠷᠳᠤᠯ᠎ᠤᠨ ᠬᠡᠷᠡᠭ 11 ᠬᠤᠪᠢ᠂ ᠱᠤᠤᠬᠢᠶᠠᠨ᠎ᠤ ᠪᠣᠬᠢᠷᠲᠤᠯ᠎ᠤᠨ ᠬᠡᠷᠡᠭ 6 ᠬᠤᠪᠢ᠂ ᠪᠤᠰᠤᠳ ᠪᠣᠬᠢᠷᠲᠤᠯ᠎ᠤᠨ ᠬᠡᠷᠡᠭ 8 ᠬᠤᠪᠢ ᠪᠣᠶ᠃

ᠳᠡᠭᠡᠷᠡᠬᠢ ᠬᠡᠷᠡᠭ᠎ᠢ ᠴᠥᠮ ᠬᠣᠯᠪᠣᠭ᠍ᠳᠠᠯ ᠪᠦᠬᠦᠢ ᠠᠢᠮᠠᠭ ᠬᠣᠲᠠ ᠪᠣᠯᠤᠨ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠰᠠᠯᠠᠭ᠎ᠠ ᠮᠥᠴᠢᠷ᠎ᠲᠦ ᠱᠢᠯᠵᠢᠭᠦᠯᠦᠨ ᠱᠢᠶ᠋ᠳᠪᠦᠷᠢᠯᠡᠭᠦᠯᠵᠦ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面