ᠪᠠᠶᠢᠭᠠᠯᠢ ᠣᠷᠴᠢᠨ > ᠲᠦᠪ᠎ᠦ᠋ᠨ ᠣᠷᠴᠢᠨ ᠲᠣᠭᠣᠷᠢᠨ᠎ᠤ᠋ ᠬᠠᠮᠠᠭᠠᠯᠠᠯᠲᠠ

2022-04-27 09:18:08

ᠵᠣᠬᠢᠶᠠᠭ᠍ᠴᠢ᠄ ᠱᠤᠸᠠᠢ ᠵᠧᠩ ᠣᠩᠱᠢᠭ᠍ᠰᠠᠨ ᠣᠳᠠᠭ᠎ᠠ᠄ 3

3 ᠰᠠᠷ᠎ᠠ᠎ᠶ᠋ᠢᠨ 26᠎ᠤ᠋ ᠡᠳᠤᠷ ᠡᠴᠡ 4 ᠰᠠᠷ᠎ᠠ᠎ᠶ᠋ᠢᠨ 24 ᠤ᠋ ᠡᠳᠦᠷ ᠪᠣᠯᠲᠠᠯ᠎ᠠ᠂ ᠲᠥᠪ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ ᠵᠢᠨ ᠭᠤᠷᠪᠠᠳᠤᠭᠠᠷ ᠱᠠᠯᠠᠪᠳᠠᠭᠤᠯᠤᠨ ᠪᠠᠢᠴᠠᠭᠠᠬᠤ ᠳᠤᠭᠤᠢᠯᠠᠩ ( ᠳᠣᠷᠣᠭ᠍ᠰᠢ 《 ᠲᠥᠪ᠎ᠦᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ 》 ᠭᠡᠵᠦ᠍ ᠳᠥᠭᠥᠮᠴᠢᠯᠡᠨ᠎ᠡ)ᠮᠠᠨ᠎ᠤ ᠣᠷᠣᠨ᠎ᠳᠤ 30 ᠪᠦᠯᠦᠭ ᠨᠡᠢᠳᠡ 2641 ᠬᠡᠷᠡᠭ᠎ᠢ ᠰᠢᠢᠳᠪᠦᠷᠢᠯᠡᠭᠦᠯᠬᠦ ᠪᠡᠷ ᠲᠤᠰᠢᠶᠠᠵᠠᠢ᠃ ᠲᠥᠪ᠎ᠦᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ᠎ᠤᠨ ᠠᠵᠢᠯ᠎ᠤᠨ ᠱᠠᠭᠠᠷᠳᠠᠯᠭ᠎ᠠ ᠶᠣᠰᠣᠭᠠᠷ᠂ ᠣᠳᠣᠬᠠᠨ᠎ᠳᠤ᠂ ᠪᠥᠬᠥ᠌ ᠣᠷᠣᠨ ᠵᠢᠡᠷ᠎ᠢᠶᠡᠨ ᠬᠣᠷᠢᠨ ᠬᠤᠶᠠᠳᠤᠭᠠᠷ ᠪᠦᠯᠦᠭ᠎ᠦᠨ 118 ᠬᠤᠪᠢ ᠵᠠᠬᠢᠳᠠᠯ ᠰᠤᠷᠪᠤᠯᠵᠢᠯᠠᠯ᠎ᠤᠨ ᠬᠡᠷᠡᠭ᠎ᠢ ᠪᠠᠢᠴᠠᠭᠠᠨ ᠱᠢᠶ᠋ᠳᠪᠦᠷᠢᠯᠡᠵᠤ ᠪᠤᠢ᠂ ᠡᠭᠦᠨ᠎ᠳᠦ 44 ᠬᠤᠪᠢ᠎ᠶ᠋ᠢ ᠨᠢ ᠨᠢᠭᠡᠨᠲᠡ ᠱᠢᠶ᠋ᠳᠪᠦᠷᠢᠯᠡᠨ ᠳᠠᠭᠤᠰᠭᠠᠵᠤ᠂ 43 ᠬᠤᠪᠢ᠎ᠶ᠋ᠢ ᠨᠢ ᠱᠠᠲᠤᠴᠢ ᠴᠢᠨᠠᠷᠲᠠᠶ᠎ᠪᠠᠷ ᠱᠢᠶ᠋ᠳᠪᠦᠷᠢᠯᠡᠨ ᠳᠠᠭᠤᠰᠭᠠᠵᠤ᠂ 31 ᠬᠤᠪᠢ᠎ᠶ᠋ᠢ ᠨᠢ ᠬᠠᠷᠠᠬᠠᠨ ᠱᠢᠶ᠋ᠳᠪᠦᠷᠢᠯᠡᠵᠤ ᠪᠠᠷᠠᠭᠠᠳᠤᠢ᠂ 8 ᠬᠤᠪᠢ ᠵᠢ ᠨᠢ ᠵᠠᠷᠯᠢᠭᠳᠡᠨ ᠴᠡᠭᠴᠡᠯᠡᠨ ᠰᠠᠢᠵᠢᠷᠠᠭᠤᠯᠵᠤ᠂ 2 ᠬᠤᠪᠢ ᠵᠢ ᠨᠢ ᠬᠡᠷᠡᠭ ᠪᠣᠯᠭᠠᠨ ᠳᠡᠩᠰᠡᠯᠡᠨ ᠰᠢᠢᠳᠭᠡᠵᠤ᠂ ᠵᠤᠭᠤᠰ᠎ᠢᠶᠡᠷ ᠲᠤᠷᠭᠠᠭᠰᠠᠨ ᠮᠦᠡᠭᠬᠦᠨ᠎ᠤ ᠲᠤᠭ᠎ᠠ ᠨᠢ 2.5 ᠲᠦᠮᠡᠨ ᠲᠥᠭᠥᠷᠢᠭ ᠪᠠᠢᠵᠤ᠂ 6 ᠬᠥᠮᠦᠨ᠎ᠡᠴᠡ ᠬᠠᠷᠢᠭᠤᠴᠠᠯᠭ᠎ᠠ ᠨᠡᠬᠡᠮᠵᠢᠯᠡᠪᠡ᠃

4 ᠰᠠᠷ᠎ᠠ᠎ᠶ᠋ᠢᠨ 24 ᠤ᠋ ᠡᠳᠦᠷ ᠪᠣᠯᠲᠠᠯ᠎ᠠ᠂ ᠪᠥᠬᠥ᠌ ᠣᠷᠣᠨ ᠵᠢᠡᠷ ᠵᠢᠡᠨ ᠨᠢᠭᠡᠨᠲᠡ 1 — 22 ᠳ᠋ᠤᠭᠠᠷ ᠪᠦᠯᠦᠭ᠎ᠦᠨ 1839 ᠬᠤᠪᠢ ᠵᠠᠬᠢᠳᠠᠯ ᠰᠤᠷᠪᠤᠯᠵᠢᠯᠠᠯ᠎ᠤᠨ ᠬᠡᠷᠡᠭ᠎ᠢ ᠪᠠᠢᠴᠠᠭᠠᠨ ᠱᠢᠶ᠋ᠳᠪᠦᠷᠢᠯᠡᠵᠤ ᠪᠤᠢ᠂ ᠡᠭᠦᠨ᠎ᠳᠦ᠂ 703 ᠬᠤᠪᠢ᠎ᠶ᠋ᠢ ᠨᠢ ᠨᠢᠭᠡᠨᠲᠡ ᠱᠢᠶ᠋ᠳᠪᠦᠷᠢᠯᠡᠨ ᠳᠠᠭᠤᠰᠭᠠᠵᠤ᠂ 671 ᠬᠤᠪᠢ᠎ᠶ᠋ᠢ ᠨᠢ ᠱᠠᠲᠤᠴᠢ ᠴᠢᠨᠠᠷᠲᠠᠶ᠎ᠪᠠᠷ ᠱᠢᠶ᠋ᠳᠪᠦᠷᠢᠯᠡᠨ ᠳᠠᠭᠤᠰᠭᠠᠵᠤ᠂ 465 ᠬᠤᠪᠢ᠎ᠶ᠋ᠢ ᠨᠢ ᠬᠠᠷᠠᠬᠠᠨ ᠱᠢᠶ᠋ᠳᠪᠦᠷᠢᠯᠡᠵᠤ ᠪᠠᠷᠠᠭᠠᠳᠤᠢ᠂ 784 ᠬᠤᠪᠢ᠎ᠶ᠋ᠢ ᠨᠢ ᠵᠠᠷᠯᠢᠭᠳᠡᠨ ᠴᠡᠭᠴᠡᠯᠡᠨ ᠰᠠᠢᠵᠢᠷᠠᠭᠤᠯᠵᠤ᠂ 98 ᠬᠤᠪᠢ ᠵᠢ ᠨᠢ ᠬᠡᠷᠡᠭ ᠪᠣᠯᠭᠠᠨ ᠳᠡᠩᠰᠡᠯᠡᠨ ᠰᠢᠢᠳᠭᠡᠵᠤ᠂ ᠵᠤᠭᠤᠰ᠎ᠢᠶᠡᠷ ᠲᠤᠷᠭᠠᠭᠰᠠᠨ ᠮᠦᠡᠭᠬᠦᠨ᠎ᠤ ᠲᠤᠭ᠎ᠠ ᠨᠢ 709.0678 ᠲᠦᠮᠡᠨ ᠲᠥᠭᠥᠷᠢᠭ ᠪᠠᠢᠵᠤ᠂ 38 ᠬᠡᠷᠡᠭ᠎ᠢ ᠬᠡᠷᠡᠭ ᠪᠣᠯᠭᠠᠨ ᠳᠡᠩᠰᠡᠯᠡᠵᠦ᠍ ᠲᠠᠩᠨᠠᠨ ᠪᠠᠢᠴᠠᠭᠠᠵᠤ᠂ 12 ᠬᠥᠮᠦᠨ᠎ᠢ ᠡᠷᠡᠭᠦᠦ᠍᠎ᠶ᠋ᠢᠨ ᠬᠡᠷᠡᠭ᠎ᠢᠶᠡᠷ ᠲᠦᠷ ᠬᠣᠷᠢᠵᠤ᠂ 68 ᠬᠥᠮᠦᠨ᠎ᠲᠡᠶ ᠪᠣᠯᠵᠣᠨ ᠶᠠᠷᠢᠯᠴᠠᠵᠤ᠂ 67 ᠬᠥᠮᠦᠨ᠎ᠡᠴᠡ ᠬᠠᠷᠢᠭᠤᠴᠠᠯᠭ᠎ᠠ ᠨᠡᠬᠡᠮᠵᠢᠯᠡᠪᠡ᠃

ᠲᠥᠪ᠎ᠦᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ᠎ᠤᠨ ᠱᠠᠯᠠᠪᠳᠠᠭᠤᠯᠤᠨ ᠪᠠᠢᠴᠠᠭᠠᠬᠤ᠎ᠶ᠋ᠢᠨ ᠳᠠᠭᠠᠤ ᠴᠡᠭ᠌ᠴᠡᠯᠡᠨ ᠰᠠᠢᠵᠢᠷᠠᠭᠤᠯᠬᠤ ᠠᠵᠢᠯ᠎ᠤᠨ ᠱᠠᠭᠠᠷᠳᠠᠯᠭ᠎ᠠ ᠶᠣᠰᠣᠭᠠᠷ᠂ ᠬᠣᠯᠪᠣᠭ᠍ᠳᠠᠯ ᠪᠦᠬᠦᠢ ᠬᠡᠷᠡᠭ᠎ᠢ ᠪᠠᠢᠴᠠᠭᠠᠨ ᠱᠢᠢᠳᠪᠦᠷᠢᠯᠡᠵᠦ᠍ ᠴᠡᠭ᠌ᠴᠡᠯᠡᠨ ᠰᠠᠢᠵᠢᠷᠠᠭᠤᠯᠬᠤ ᠠᠵᠢᠯ᠎ᠢ ᠦᠷᠭᠦᠯᠵᠢᠯᠡᠨ ᠠᠬᠢᠭᠤᠯᠵᠤ ᠪᠠᠢᠨ᠎ᠠ᠃

ᠬᠣᠷᠢᠨ ᠬᠤᠶᠠᠳᠤᠭᠠᠷ ᠪᠦᠯᠦᠭ᠎ᠦᠨ ᠪᠥᠬᠥ᠌ ᠬᠡᠷᠡᠭ᠎ᠢ ᠱᠢᠶ᠋ᠳᠪᠦᠷᠢᠯᠡᠭ᠌ᠰᠡᠨ ᠪᠠᠢᠳᠠᠯ᠎ᠢ ᠤᠢᠯᠠᠭᠠᠶ᠎ᠠ ᠭᠡᠪᠡᠯ ᠬᠣᠶᠠᠷ ᠬᠡᠮᠵᠢᠯᠳᠦ ᠺᠣᠳ᠋ ᠢ᠋ ᠱᠢᠷᠪᠢᠵᠦ᠍ ᠦᠵᠡᠭᠡᠷᠡᠶ᠃


QQ图片20220427090410.png

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面