ᠪᠠᠶᠢᠭᠠᠯᠢ ᠣᠷᠴᠢᠨ > ᠲᠦᠪ᠎ᠦ᠋ᠨ ᠣᠷᠴᠢᠨ ᠲᠣᠭᠣᠷᠢᠨ᠎ᠤ᠋ ᠬᠠᠮᠠᠭᠠᠯᠠᠯᠲᠠ

2022-04-29 10:34:45

ᠵᠣᠬᠢᠶᠠᠭ᠍ᠴᠢ᠄ ᠱᠤᠸᠠᠢ ᠵᠧᠩ ᠣᠩᠱᠢᠭ᠍ᠰᠠᠨ ᠣᠳᠠᠭ᠎ᠠ᠄ 3

3 ᠰᠠᠷ᠎ᠠ᠎ᠶ᠋ᠢᠨ 26᠎ᠤ᠋ ᠡᠳᠤᠷ ᠡᠴᠡ 4 ᠰᠠᠷ᠎ᠠ᠎ᠶ᠋ᠢᠨ 26 ᠤ᠋ ᠡᠳᠦᠷ ᠪᠣᠯᠲᠠᠯ᠎ᠠ᠂ ᠲᠥᠪ ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ ᠵᠢᠨ ᠭᠤᠷᠪᠠᠳᠤᠭᠠᠷ ᠱᠠᠯᠠᠪᠳᠠᠭᠤᠯᠤᠨ ᠪᠠᠢᠴᠠᠭᠠᠬᠤ ᠳᠤᠭᠤᠢᠯᠠᠩ ( ᠳᠣᠷᠣᠭ᠍ᠰᠢ 《 ᠲᠥᠪ᠎ᠦᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ 》 ᠭᠡᠵᠦ᠍ ᠳᠥᠭᠥᠮᠴᠢᠯᠡᠨ᠎ᠡ)ᠮᠠᠨ᠎ᠤ ᠣᠷᠣᠨ᠎ᠳᠤ 32 ᠪᠦᠯᠦᠭ ᠨᠡᠢᠳᠡ 2795 ᠬᠡᠷᠡᠭ᠎ᠢ ᠰᠢᠢᠳᠪᠦᠷᠢᠯᠡᠭᠦᠯᠬᠦ ᠪᠡᠷ ᠲᠤᠰᠢᠶᠠᠵᠠᠢ᠃ ᠲᠥᠪ ᠎ᠦᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ ᠎ᠤᠨ ᠠᠵᠢᠯ ᠎ᠤᠨ ᠱᠠᠭᠠᠷᠳᠠᠯᠭ᠎ᠠ ᠶᠣᠰᠣᠭᠠᠷ᠂ ᠣᠳᠣᠬᠠᠨ᠎ᠳᠤ᠂ ᠪᠥᠬᠥ᠌ ᠣᠷᠣᠨ ᠵᠢᠡᠷ᠎ᠢᠶᠡᠨ ᠬᠣᠷᠢᠨ ᠲᠦᠷᠪᠡᠳᠦᠭᠡᠷ ᠪᠦᠯᠦᠭ ᠎ᠦᠨ 100 ᠬᠤᠪᠢ ᠵᠠᠬᠢᠳᠠᠯ ᠰᠤᠷᠪᠤᠯᠵᠢᠯᠠᠯ᠎ᠤᠨ ᠬᠡᠷᠡᠭ ᠎ᠢ ᠪᠠᠢᠴᠠᠭᠠᠨ ᠱᠢᠶ᠋ᠳᠪᠦᠷᠢᠯᠡᠵᠤ ᠪᠤᠢ᠂ ᠡᠭᠦᠨ᠎ᠳᠦ 47 ᠬᠤᠪᠢ᠎ᠶ᠋ᠢ ᠨᠢ ᠨᠢᠭᠡᠨᠲᠡ ᠱᠢᠶ᠋ᠳᠪᠦᠷᠢᠯᠡᠨ ᠳᠠᠭᠤᠰᠭᠠᠵᠤ᠂ 33 ᠬᠤᠪᠢ᠎ᠶ᠋ᠢ ᠨᠢ ᠱᠠᠲᠤᠴᠢ ᠴᠢᠨᠠᠷᠲᠠᠶ᠎ᠪᠠᠷ ᠱᠢᠶ᠋ᠳᠪᠦᠷᠢᠯᠡᠨ ᠳᠠᠭᠤᠰᠭᠠᠵᠤ᠂ 20 ᠬᠤᠪᠢ᠎ᠶ᠋ᠢ ᠨᠢ ᠬᠠᠷᠠᠬᠠᠨ ᠱᠢᠶ᠋ᠳᠪᠦᠷᠢᠯᠡᠵᠤ ᠪᠠᠷᠠᠭᠠᠳᠤᠢ᠂ 7 ᠬᠤᠪᠢ ᠵᠢ ᠨᠢ ᠵᠠᠷᠯᠢᠭᠳᠡᠨ ᠴᠡᠭᠴᠡᠯᠡᠨ ᠰᠠᠢᠵᠢᠷᠠᠭᠤᠯᠵᠤ᠂ 3 ᠬᠤᠪᠢ ᠵᠢ ᠨᠢ ᠬᠡᠷᠡᠭ ᠪᠣᠯᠭᠠᠨ ᠳᠡᠩᠰᠡᠯᠡᠨ ᠰᠢᠢᠳᠭᠡᠵᠤ᠂ ᠵᠤᠭᠤᠰ᠎ᠢᠶᠡᠷ ᠲᠤᠷᠭᠠᠭᠰᠠᠨ ᠮᠦᠡᠭᠬᠦᠨ᠎ᠤ ᠲᠤᠭ᠎ᠠ ᠨᠢ 1.695 ᠲᠦᠮᠡᠨ ᠲᠥᠭᠥᠷᠢᠭ ᠪᠠᠢᠵᠤ᠂ 1 ᠬᠥᠮᠦᠨ ᠲᠠᠢ ᠪᠤᠯᠵᠤᠨ ᠶᠠᠷᠢᠯᠴᠠᠪᠠ᠃

4 ᠰᠠᠷ᠎ᠠ᠎ᠶ᠋ᠢᠨ 26 ᠤ᠋ ᠡᠳᠦᠷ ᠪᠣᠯᠲᠠᠯ᠎ᠠ᠂ ᠪᠥᠬᠥ᠌ ᠣᠷᠣᠨ ᠵᠢᠡᠷ ᠵᠢᠡᠨ ᠨᠢᠭᠡᠨᠲᠡ 1 — 24 ᠳ᠋ᠤᠭᠡᠷ ᠪᠦᠯᠦᠭ᠎ᠦᠨ 2027 ᠬᠤᠪᠢ ᠵᠠᠬᠢᠳᠠᠯ ᠰᠤᠷᠪᠤᠯᠵᠢᠯᠠᠯ᠎ᠤᠨ ᠬᠡᠷᠡᠭ ᠎ᠢ ᠪᠠᠢᠴᠠᠭᠠᠨ ᠱᠢᠶ᠋ᠳᠪᠦᠷᠢᠯᠡᠵᠤ ᠪᠤᠢ᠂ ᠡᠭᠦᠨ᠎ᠳᠦ᠂ 794 ᠬᠤᠪᠢ᠎ᠶ᠋ᠢ ᠨᠢ ᠨᠢᠭᠡᠨᠲᠡ ᠱᠢᠶ᠋ᠳᠪᠦᠷᠢᠯᠡᠨ ᠳᠠᠭᠤᠰᠭᠠᠵᠤ᠂ 727 ᠬᠤᠪᠢ᠎ᠶ᠋ᠢ ᠨᠢ ᠱᠠᠲᠤᠴᠢ ᠴᠢᠨᠠᠷᠲᠠᠶ᠎ᠪᠠᠷ ᠱᠢᠶ᠋ᠳᠪᠦᠷᠢᠯᠡᠨ ᠳᠠᠭᠤᠰᠭᠠᠵᠤ᠂ 506 ᠬᠤᠪᠢ᠎ᠶ᠋ᠢ ᠨᠢ ᠬᠠᠷᠠᠬᠠᠨ ᠱᠢᠶ᠋ᠳᠪᠦᠷᠢᠯᠡᠵᠤ ᠪᠠᠷᠠᠭᠠᠳᠤᠢ᠂ 797 ᠬᠤᠪᠢ᠎ᠶ᠋ᠢ ᠨᠢ ᠵᠠᠷᠯᠢᠭᠳᠡᠨ ᠴᠡᠭᠴᠡᠯᠡᠨ ᠰᠠᠢᠵᠢᠷᠠᠭᠤᠯᠵᠤ᠂ 106 ᠬᠤᠪᠢ ᠵᠢ ᠨᠢ ᠬᠡᠷᠡᠭ ᠪᠣᠯᠭᠠᠨ ᠳᠡᠩᠰᠡᠯᠡᠨ ᠰᠢᠢᠳᠭᠡᠵᠤ᠂ ᠵᠤᠭᠤᠰ᠎ᠢᠶᠡᠷ ᠲᠤᠷᠭᠠᠭᠰᠠᠨ ᠮᠦᠡᠭᠬᠦᠨ᠎ᠤ ᠲᠤᠭ᠎ᠠ ᠨᠢ 726.2426 ᠲᠦᠮᠡᠨ ᠲᠥᠭᠥᠷᠢᠭ ᠪᠠᠢᠵᠤ᠂ 38 ᠬᠡᠷᠡᠭ᠎ᠢ ᠬᠡᠷᠡᠭ ᠪᠣᠯᠭᠠᠨ ᠳᠡᠩᠰᠡᠯᠡᠵᠦ᠍ ᠲᠠᠩᠨᠠᠨ ᠪᠠᠢᠴᠠᠭᠠᠵᠤ᠂ 12 ᠬᠥᠮᠦᠨ᠎ᠢ ᠡᠷᠡᠭᠦᠦ᠍᠎ᠶ᠋ᠢᠨ ᠬᠡᠷᠡᠭ᠎ᠢᠶᠡᠷ ᠲᠦᠷ ᠬᠣᠷᠢᠵᠤ᠂ 70 ᠬᠥᠮᠦᠨ᠎ᠲᠡᠶ ᠪᠣᠯᠵᠣᠨ ᠶᠠᠷᠢᠯᠴᠠᠵᠤ᠂ 67 ᠬᠥᠮᠦᠨ᠎ᠡᠴᠡ ᠬᠠᠷᠢᠭᠤᠴᠠᠯᠭ᠎ᠠ ᠨᠡᠬᠡᠮᠵᠢᠯᠡᠪᠡ᠃

ᠲᠥᠪ᠎ᠦᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ᠎ᠤᠨ ᠱᠠᠯᠠᠪᠳᠠᠭᠤᠯᠤᠨ ᠪᠠᠢᠴᠠᠭᠠᠬᠤ᠎ᠶ᠋ᠢᠨ ᠳᠠᠭᠠᠤ ᠴᠡᠭ᠌ᠴᠡᠯᠡᠨ ᠰᠠᠢᠵᠢᠷᠠᠭᠤᠯᠬᠤ ᠠᠵᠢᠯ᠎ᠤᠨ ᠱᠠᠭᠠᠷᠳᠠᠯᠭ᠎ᠠ ᠶᠣᠰᠣᠭᠠᠷ᠂ ᠬᠣᠯᠪᠣᠭ᠍ᠳᠠᠯ ᠪᠦᠬᠦᠢ ᠬᠡᠷᠡᠭ᠎ᠢ ᠪᠠᠢᠴᠠᠭᠠᠨ ᠱᠢᠢᠳᠪᠦᠷᠢᠯᠡᠵᠦ᠍ ᠴᠡᠭ᠌ᠴᠡᠯᠡᠨ ᠰᠠᠢᠵᠢᠷᠠᠭᠤᠯᠬᠤ ᠠᠵᠢᠯ᠎ᠢ ᠦᠷᠭᠦᠯᠵᠢᠯᠡᠨ ᠠᠬᠢᠭᠤᠯᠵᠤ ᠪᠠᠢᠨ᠎ᠠ᠃

ᠬᠣᠷᠢᠨ ᠲᠦᠷᠪᠡᠳᠦᠭᠡᠷ ᠪᠦᠯᠦᠭ᠎ᠦᠨ ᠪᠥᠬᠥ᠌ ᠬᠡᠷᠡᠭ᠎ᠢ ᠱᠢᠶ᠋ᠳᠪᠦᠷᠢᠯᠡᠭ᠌ᠰᠡᠨ ᠪᠠᠢᠳᠠᠯ᠎ᠢ ᠤᠢᠯᠠᠭᠠᠶ᠎ᠠ ᠭᠡᠪᠡᠯ ᠬᠣᠶᠠᠷ ᠬᠡᠮᠵᠢᠯᠳᠦ ᠺᠣᠳ᠋ ᠢ᠋ ᠱᠢᠷᠪᠢᠵᠦ᠍ ᠦᠵᠡᠭᠡᠷᠡᠶ᠃


QQ图片20220429095039.png


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面