2022-04-30 19:56:03
4 ᠰᠠᠷ᠎ᠠ᠎ᠶ᠋ᠢᠨ 28 ᠤ᠋ ᠡᠳᠦᠷ᠂ ᠲᠥᠪ ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠭᠤᠷᠪᠠᠳᠤᠭᠠᠷ ᠱᠠᠯᠠᠪᠳᠠᠭᠤᠯᠤᠨ ᠪᠠᠢᠴᠠᠭᠠᠬᠤ ᠳᠤᠭᠤᠢᠯᠠᠩ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ᠎ᠳᠤ ᠭᠤᠴᠢᠨ ᠭᠤᠷᠪᠠᠳᠤᠭᠠᠷ ᠪᠦᠯᠦᠭ ᠦᠨ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠳᠦ ᠬᠣᠯᠪᠣᠭ᠍ᠳᠠᠭ᠍ᠰᠠᠨ 30 ᠬᠤᠪᠢ ᠤᠯᠠᠨ ᠲᠦᠮᠡᠨ᠎ᠦ ᠢᠯᠡᠴᠢᠯᠡᠨ ᠮᠡᠳᠡᠭᠦᠯᠦᠭ᠌ᠰᠡᠨ ᠬᠡᠷᠡᠭ ᠢ ᠰᠢᠢᠳᠪᠦᠷᠢᠯᠡᠭᠦᠯᠬᠦ ᠪᠡᠷ ᠲᠤᠰᠢᠶᠠᠵᠠᠢ᠃
ᠲᠣᠭ᠎ᠠ ᠬᠡᠮᠵᠢᠶ᠎ᠡ᠎ᠪᠡᠷ ᠨᠢ ᠵᠢᠭ᠍ᠰᠠᠭᠠᠪᠠᠯ᠂ ᠲᠦᠩᠯᠢᠶᠣᠤ ᠬᠤᠲᠠ ᠂ ᠤᠯᠠᠭᠠᠨᠬᠠᠳᠠ ᠬᠤᠲᠠ ᠪᠤᠯᠤᠨ ᠤᠷᠳᠤᠰ ᠬᠤᠲᠠ᠎ᠵᠢᠨ ᠲᠤᠰ ᠲᠤᠰ 4 ᠬᠤᠪᠢ᠂ ᠪᠤᠭᠤᠲᠤ ᠬᠤᠲᠠ᠂ ᠬᠢᠩᠭᠠᠨ ᠠᠢᠮᠠᠭ᠂ ᠤᠯᠠᠭᠠᠨᠴᠠᠪ ᠬᠤᠲᠠ᠂ ᠪᠠᠶᠠᠨᠨᠠᠭᠤᠷ ᠬᠤᠲᠠ᠎ᠵᠢᠨ ᠲᠤᠰ ᠲᠤᠰ 3 ᠬᠤᠪᠢ᠂ ᠬᠦᠬᠡᠬᠤᠲᠠ ᠪᠤᠯᠤᠨ ᠬᠦᠯᠦᠨ ᠪᠤᠢᠷ ᠬᠤᠲᠠ ᠵᠢᠨ ᠲᠤᠰ ᠲᠤᠰ 2 ᠬᠤᠪᠢ ᠂ ᠦᠬᠠᠢ ᠬᠤᠳᠠ ᠪᠤᠯᠤᠨ ᠠᠯᠠᠱᠠ ᠠᠢᠮᠠᠭ ᠤᠨ ᠲᠤᠰ ᠲᠤᠰ 1 ᠬᠤᠪᠢ ᠪᠣᠶ᠃ ᠪᠣᠬᠢᠷᠲᠤᠯ ᠤᠨ ᠲᠥᠷᠥᠯ᠎ᠢᠶᠡᠷ ᠨᠢ ᠬᠤᠪᠢᠶᠠᠪᠠᠯ(ᠬᠡᠰᠡᠭ ᠬᠡᠷᠡᠭ ᠨᠢ ᠣᠯᠠᠨ ᠲᠥᠷᠥᠯ᠎ᠦᠨ ᠪᠣᠬᠢᠷᠲᠤᠯ᠎ᠳᠤ ᠬᠣᠯᠪᠣᠭ᠍ᠳᠠᠨ᠎ᠠ)᠂ ᠠᠮᠢ ᠠᠬᠤᠶ᠎ᠶ᠋ᠢ ᠡᠪᠳᠡᠭ᠌ᠰᠡᠨ ᠬᠡᠷᠡᠭ 22 ᠬᠤᠪᠢ᠂ ᠠᠭᠠᠷ ᠮᠠᠨᠳᠠᠯ ᠤᠨ ᠪᠤᠬᠢᠷᠳᠤᠯ ᠤᠨ ᠬᠡᠷᠡᠭ 4 ᠬᠤᠪᠢ ᠂ ᠤᠰᠤᠨ᠎ᠤ ᠪᠣᠬᠢᠷᠲᠤᠯ᠎ᠤᠨ ᠬᠡᠷᠡᠭ 3 ᠬᠤᠪᠢ᠂ ᠱᠤᠤᠬᠢᠶᠠᠨ᠎ᠤ ᠪᠣᠬᠢᠷᠲᠤᠯ᠎ᠤᠨ ᠬᠡᠷᠡᠭ 2 ᠬᠤᠪᠢ ᠂ ᠬᠥᠷᠥᠰᠥ᠍ ᠱᠢᠷᠣᠶ᠎ᠶ᠋ᠢᠨ ᠪᠤᠬᠢᠷᠳᠤᠯ᠎ᠤᠨ ᠬᠡᠷᠡᠭ 2 ᠬᠤᠪᠢ᠂ ᠪᠤᠰᠤᠳ ᠪᠣᠬᠢᠷᠲᠤᠯ᠎ᠤᠨ ᠬᠡᠷᠡᠭ 2 ᠬᠤᠪᠢ ᠪᠣᠶ᠃
ᠳᠡᠭᠡᠷᠡᠬᠢ ᠬᠡᠷᠡᠭ᠎ᠢ ᠴᠥᠮ ᠬᠣᠯᠪᠣᠭ᠍ᠳᠠᠯ ᠪᠦᠬᠦᠢ ᠠᠢᠮᠠᠭ ᠬᠣᠲᠠ ᠪᠣᠯᠤᠨ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠰᠠᠯᠠᠭ᠎ᠠ ᠮᠥᠴᠢᠷ᠎ᠲᠦ ᠱᠢᠯᠵᠢᠭᠦᠯᠦᠨ ᠱᠢᠶ᠋ᠳᠪᠦᠷᠢᠯᠡᠭᠦᠯᠵᠦ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠤᠶᠤᠨᠲᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃