ᠪᠠᠶᠢᠭᠠᠯᠢ ᠣᠷᠴᠢᠨ > ᠲᠦᠪ᠎ᠦ᠋ᠨ ᠣᠷᠴᠢᠨ ᠲᠣᠭᠣᠷᠢᠨ᠎ᠤ᠋ ᠬᠠᠮᠠᠭᠠᠯᠠᠯᠲᠠ

2022-05-02 20:06:35

ᠵᠣᠬᠢᠶᠠᠭ᠍ᠴᠢ᠄ ᠱᠤᠸᠠᠢ ᠵᠧᠩ ᠣᠩᠱᠢᠭ᠍ᠰᠠᠨ ᠣᠳᠠᠭ᠎ᠠ᠄ 3

3 ᠰᠠᠷ᠎ᠠ᠎ᠶ᠋ᠢᠨ 26 ᠤ᠋ ᠡᠳᠦᠷ ᠡᠴᠡ 4 ᠰᠠᠷ᠎ᠠ᠎ᠶ᠋ᠢᠨ 28 ᠎ᠤ᠋ ᠡᠳᠦᠷ ᠪᠣᠯᠲᠠᠯ᠎ᠠ᠂ ᠲᠥᠪ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠭᠤᠷᠪᠠᠳᠤᠭᠠᠷ ᠱᠠᠯᠠᠪᠳᠠᠭᠤᠯᠤᠨ ᠪᠠᠢᠴᠠᠭᠠᠬᠤ ᠳᠤᠭᠤᠢᠯᠠᠩ (ᠳᠣᠷᠣᠭ᠍ᠰᠢ 《ᠲᠥᠪ᠎ᠦᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ》 ᠭᠡᠵᠦ᠍ ᠳᠥᠭᠥᠮᠴᠢᠯᠡᠨ᠎ᠡ ) ᠡᠴᠡ ᠮᠠᠨ᠎ᠤ ᠣᠷᠣᠨ᠎ᠳᠤ 33 ᠪᠦᠯᠦᠭ ᠨᠡᠢ᠌ᠳᠡ 2825 ᠢᠯᠡᠴᠢᠯᠡᠨ ᠮᠡᠳᠡᠭᠦᠯᠦᠭ᠌ᠰᠡᠨ ᠬᠡᠷᠡᠭ᠎ᠢ ᠰᠢᠢᠳᠪᠦᠷᠢᠯᠡᠬᠦᠯᠬᠦ ᠪᠡᠷ ᠲᠤᠰᠢᠶᠠᠵᠠᠢ᠃ ᠲᠥᠪ᠎ᠦᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ᠎ᠤᠨ ᠠᠵᠢᠯ᠎ᠤᠨ ᠱᠠᠭᠠᠷᠳᠠᠯᠭ᠎ᠠ ᠶᠣᠰᠣᠭᠠᠷ᠂ ᠣᠳᠣᠬᠠᠨ᠎ᠳᠤ ᠪᠥᠬᠥ᠌ ᠣᠷᠣᠨ᠎ᠵᠢᠡᠷ ᠵᠢᠡᠨ ᠬᠤᠷᠢᠨ ᠲᠤᠯᠤᠳᠤᠭᠠᠷ ᠪᠦᠯᠦᠭ᠎ᠦᠨ 119 ᠬᠤᠪᠢ ᠵᠠᠬᠢᠳᠠᠯ ᠰᠤᠷᠪᠤᠯᠵᠢᠯᠠᠯ᠎ᠤᠨ ᠬᠡᠷᠡᠭ᠎ᠢ ᠪᠠᠢᠴᠠᠭᠠᠨ ᠱᠢᠶ᠋ᠳᠪᠦᠷᠢᠯᠡᠵᠦ ᠪᠤᠢ᠂ ᠡᠭᠦᠨ᠎ᠳᠦ 48 ᠬᠤᠪᠢ᠎ᠶ᠋ᠢ ᠨᠢ ᠨᠢᠭᠡᠨᠲᠡ ᠱᠢᠶ᠋ᠳᠪᠦᠷᠢᠯᠡᠨ ᠳᠠᠭᠤᠰᠭᠠᠵᠤ᠂ 44 ᠬᠤᠪᠢ᠎ᠶ᠋ᠢ ᠨᠢ ᠱᠠᠲᠤᠴᠢ ᠴᠢᠨᠠᠷᠲᠠᠶ᠎ᠪᠠᠷ ᠱᠢᠶ᠋ᠳᠪᠦᠷᠢᠯᠡᠨ ᠳᠠᠭᠤᠰᠭᠠᠵᠤ᠂ 27 ᠬᠤᠪᠢ᠎ᠶ᠋ᠢ ᠨᠢ ᠬᠠᠷᠠᠬᠠᠨ ᠱᠢᠶ᠋ᠳᠪᠦᠷᠢᠯᠡᠵᠦ ᠪᠠᠷᠠᠭᠠᠳᠤᠢ᠂ 12 ᠡᠷᠦᠭᠡ᠎ᠶ᠋ᠢ ᠵᠠᠷᠯᠢᠭ᠍ᠳᠠᠨ ᠴᠡᠭ᠌ᠴᠡᠯᠡᠨ ᠰᠠᠢᠵᠢᠷᠠᠭᠤᠯᠵᠤ᠂ 6 ᠬᠡᠷᠡᠭ ᠢ᠋ ᠬᠡᠷᠡᠭ ᠪᠣᠯᠭᠠᠨ ᠳᠡᠩᠰᠡᠯᠡᠨ ᠱᠢᠢᠳᠭᠡᠵᠦ᠂ ᠵᠣᠭᠣᠰ ᠵᠢᠡᠷ ᠲᠤᠷᠭᠠᠭᠰᠠᠨ ᠮᠦᠩᠭᠦᠨ ᠤ᠋ ᠲᠣᠭ᠎ᠠ ᠨᠢ 36.55 ᠲᠦᠮᠡᠨ ᠲᠥᠭᠥᠷᠢᠭ᠎ᠪᠠᠢᠵᠤ᠂ 4 ᠬᠡᠷᠡᠭ᠎ᠢ ᠬᠡᠷᠡᠭ ᠪᠣᠯᠭᠠᠨ ᠳᠡᠩᠰᠡᠯᠡᠵᠦ᠍ ᠲᠠᠩᠨᠠᠨ ᠪᠠᠢᠴᠠᠭᠠᠵᠤ᠂ 2 ᠬᠥᠮᠦᠨ᠎ᠲᠡᠶ ᠪᠣᠯᠵᠣᠨ ᠶᠠᠷᠢᠯᠴᠠᠵᠤ᠂ 4 ᠬᠥᠮᠦᠨ᠎ᠡᠴᠡ ᠬᠠᠷᠢᠭᠤᠴᠠᠯᠭ᠎ᠠ ᠨᠡᠬᠡᠮᠵᠢᠯᠡᠪᠡ᠃

4 ᠰᠠᠷ᠎ᠠ᠎ᠶ᠋ᠢᠨ 29 ᠎ᠤ᠋ ᠡᠳᠦᠷ ᠪᠣᠯᠲᠠᠯ᠎ᠠ᠂ ᠪᠥᠬᠥ᠌ ᠣᠷᠣᠨ᠎ᠵᠢᠡᠷ ᠵᠢᠡᠨ 1— 27 ᠳ᠋ᠤᠭᠠᠷ ᠪᠦᠯᠦᠭ ᠤ᠋ᠨ 2309 ᠬᠤᠪᠢ ᠵᠠᠬᠢᠳᠠᠯ ᠰᠤᠷᠪᠤᠯᠵᠢᠯᠠᠯ᠎ᠤᠨ ᠬᠡᠷᠡᠭ᠎ᠢ ᠪᠠᠢᠴᠠᠭᠠᠨ ᠱᠢᠶ᠋ᠳᠪᠦᠷᠢᠯᠡᠵᠦ ᠪᠤᠢ᠂ ᠡᠭᠦᠨ᠎ᠳᠦ 940 ᠬᠤᠪᠢ᠎ᠶ᠋ᠢ ᠨᠢ ᠨᠢᠭᠡᠨᠲᠡ ᠱᠢᠶ᠋ᠳᠪᠦᠷᠢᠯᠡᠨ ᠳᠠᠭᠤᠰᠭᠠᠵᠤ᠂ 807 ᠬᠤᠪᠢ᠎ᠶ᠋ᠢ ᠨᠢ ᠱᠠᠲᠤᠴᠢ ᠴᠢᠨᠠᠷᠲᠠᠶ᠎ᠪᠠᠷ ᠱᠢᠶ᠋ᠳᠪᠦᠷᠢᠯᠡᠨ ᠳᠠᠭᠤᠰᠭᠠᠵᠤ᠂ 562 ᠬᠤᠪᠢ᠎ᠶ᠋ᠢ ᠨᠢ ᠬᠠᠷᠠᠬᠠᠨ ᠱᠢᠶ᠋ᠳᠪᠦᠷᠢᠯᠡᠵᠦ ᠪᠠᠷᠠᠭᠠᠳᠤᠢ᠂ 840 ᠡᠷᠦᠬᠡ᠎ᠶ᠋ᠢ ᠵᠠᠷᠯᠢᠭ᠍ᠳᠠᠨ ᠴᠡᠭ᠌ᠴᠡᠯᠡᠨ ᠰᠠᠢᠵᠢᠷᠠᠭᠤᠯᠵᠤ᠂ 121᠎ᠶ᠋ᠢ ᠨᠢ ᠬᠡᠷᠡᠭ ᠪᠣᠯᠭᠠᠨ ᠳᠡᠩᠰᠡᠯᠡᠨ ᠱᠢᠢᠳᠭᠡᠵᠦ᠂ ᠵᠣᠭᠣᠰ ᠵᠢᠡᠷ ᠲᠤᠷᠭᠠᠭᠰᠠᠨ ᠮᠦᠩᠭᠦᠨ ᠤ᠋ ᠲᠣᠭ᠎ᠠ ᠨᠢ 869.4198 ᠲᠦᠮᠡᠨ ᠲᠥᠭᠥᠷᠢᠭ᠎ᠪᠠᠢᠵᠤ᠂ 43 ᠬᠡᠷᠡᠭ᠎ᠢ ᠬᠡᠷᠡᠭ ᠪᠣᠯᠭᠠᠨ ᠳᠡᠩᠰᠡᠯᠡᠵᠦ᠍ ᠲᠠᠩᠨᠠᠨ ᠪᠠᠢᠴᠠᠭᠠᠵᠤ᠂ 13 ᠬᠥᠮᠦᠨ᠎ᠢ ᠡᠷᠡᠭᠦᠦ᠍᠎ᠶ᠋ᠢᠨ ᠬᠡᠷᠡᠭ᠎ᠢᠶᠡᠷ ᠲᠦᠷ ᠬᠣᠷᠢᠵᠤ᠂ 73 ᠬᠥᠮᠦᠨ᠎ᠲᠡᠶ ᠪᠣᠯᠵᠣᠨ ᠶᠠᠷᠢᠯᠴᠠᠵᠤ᠂ 71 ᠬᠥᠮᠦᠨ᠎ᠡᠴᠡ ᠬᠠᠷᠢᠭᠤᠴᠠᠯᠭ᠎ᠠ ᠨᠡᠬᠡᠮᠵᠢᠯᠡᠪᠡ᠃

ᠲᠥᠪ᠎ᠦᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ᠎ᠤᠨ ᠱᠠᠯᠠᠪᠳᠠᠭᠤᠯᠤᠨ ᠪᠠᠢᠴᠠᠭᠠᠬᠤ᠎ᠶ᠋ᠢᠨ ᠳᠠᠭᠠᠤ ᠬᠠᠯᠠᠨ ᠰᠠᠢᠵᠢᠷᠠᠭᠤᠯᠬᠤ ᠠᠵᠢᠯ᠎ᠤᠨ ᠱᠠᠭᠠᠷᠳᠠᠯᠭ᠎ᠠ ᠶᠣᠰᠣᠭᠠᠷ ᠬᠠᠮᠢᠶ᠎ᠠ ᠪᠦᠬᠦᠢ ᠬᠡᠷᠡᠭ᠎ᠢ ᠪᠠᠢᠴᠠᠭᠠᠨ ᠱᠢᠢᠳᠪᠦᠷᠢᠯᠡᠵᠦ᠍ ᠴᠡᠭ᠌ᠴᠡᠯᠡᠨ ᠰᠠᠢᠵᠢᠷᠠᠭᠤᠯᠬᠤ ᠠᠵᠢᠯ᠎ᠢ ᠦᠷᠭᠦᠯᠵᠢᠯᠡᠨ ᠠᠬᠢᠭᠤᠯᠵᠤ ᠪᠠᠢᠨ᠎ᠠ᠃

ᠬᠤᠷᠢᠨ ᠲᠤᠯᠤᠳᠤᠭᠠᠷ ᠪᠦᠯᠦᠭ ᠤ᠋ᠨ ᠪᠦᠬᠦ ᠬᠡᠷᠡᠭ ᠢ᠋ ᠭᠦᠢᠴᠡᠳᠭᠡᠭᠰᠡᠨ ᠪᠠᠢᠳᠠᠯ ᠢ᠋ ᠤᠢᠯᠠᠭᠠᠶ᠎ᠠ ᠬᠡᠪᠡᠯ ᠬᠤᠶᠠᠷ ᠬᠡᠮᠵᠢᠯᠳᠤ ᠺᠤᠳ᠋ ᠢ᠋ ᠰᠢᠷᠪᠢᠬᠡᠷᠡᠢ᠃


QQ图片20220502200708.png


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面