2022-05-05 09:31:04
3 ᠰᠠᠷ᠎ᠠ᠎ᠶ᠋ᠢᠨ 26 ᠤ᠋ ᠡᠳᠦᠷ ᠡᠴᠡ 4 ᠰᠠᠷ᠎ᠠ᠎ᠶ᠋ᠢᠨ 28 ᠤ᠋ ᠡᠳᠦᠷ ᠪᠣᠯᠲᠠᠯ᠎ᠠ᠂ ᠲᠥᠪ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠭᠤᠷᠪᠠᠳᠤᠭᠠᠷ ᠱᠠᠯᠠᠪᠳᠠᠭᠤᠯᠤᠨ ᠪᠠᠢᠴᠠᠭᠠᠬᠤ ᠳᠤᠭᠤᠢᠯᠠᠩ (ᠳᠣᠷᠣᠭ᠍ᠰᠢ《ᠲᠥᠪ᠎ᠦᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ》 ᠭᠡᠵᠦ᠍ ᠳᠥᠭᠥᠮᠴᠢᠯᠡᠨ᠎ᠡ) ᠡᠴᠡ ᠮᠠᠨ᠎ᠤ ᠣᠷᠣᠨ᠎ᠳᠤ 33 ᠪᠦᠯᠦᠭ ᠨᠡᠢ᠌ᠳᠡ 2825 ᠢᠯᠡᠴᠢᠯᠡᠨ ᠮᠡᠳᠡᠭᠦᠯᠦᠭ᠌ᠰᠡᠨ ᠬᠡᠷᠡᠭ᠎ᠢ ᠰᠢᠢᠳᠪᠦᠷᠢᠯᠡᠬᠦᠯᠬᠦ ᠪᠡᠷ ᠲᠤᠰᠢᠶᠠᠵᠠᠢ᠃ ᠲᠥᠪ᠎ᠦᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ᠎ᠤᠨ ᠠᠵᠢᠯ᠎ᠤᠨ ᠱᠠᠭᠠᠷᠳᠠᠯᠭ᠎ᠠ ᠶᠣᠰᠣᠭᠠᠷ᠂ ᠣᠳᠣᠬᠠᠨ᠎ᠳᠤ ᠪᠥᠬᠥ᠌ ᠣᠷᠣᠨ᠎ᠵᠢᠡᠷ ᠵᠢᠡᠨ ᠭᠤᠴᠢᠳᠤᠭᠠᠷ ᠪᠦᠯᠦᠭ᠎ᠦᠨ 111 ᠬᠤᠪᠢ ᠵᠠᠬᠢᠳᠠᠯ ᠰᠤᠷᠪᠤᠯᠵᠢᠯᠠᠯ᠎ᠤᠨ ᠬᠡᠷᠡᠭ᠎ᠢ ᠪᠠᠢᠴᠠᠭᠠᠨ ᠱᠢᠶ᠋ᠳᠪᠦᠷᠢᠯᠡᠵᠦ ᠪᠤᠢ᠂ ᠡᠭᠦᠨ᠎ᠳᠦ 52 ᠬᠤᠪᠢ᠎ᠶ᠋ᠢ ᠨᠢ ᠨᠢᠭᠡᠨᠲᠡ ᠱᠢᠶ᠋ᠳᠪᠦᠷᠢᠯᠡᠨ ᠳᠠᠭᠤᠰᠭᠠᠵᠤ᠂ 43 ᠬᠤᠪᠢ᠎ᠶ᠋ᠢ ᠨᠢ ᠱᠠᠲᠤᠴᠢ ᠴᠢᠨᠠᠷᠲᠠᠶ᠎ᠪᠠᠷ ᠱᠢᠶ᠋ᠳᠪᠦᠷᠢᠯᠡᠨ ᠳᠠᠭᠤᠰᠭᠠᠵᠤ᠂ 16 ᠬᠤᠪᠢ᠎ᠶ᠋ᠢ ᠨᠢ ᠬᠠᠷᠠᠬᠠᠨ ᠱᠢᠶ᠋ᠳᠪᠦᠷᠢᠯᠡᠵᠦ ᠪᠠᠷᠠᠭᠠᠳᠤᠢ᠂ 38 ᠡᠷᠦᠭᠡ᠎ᠶ᠋ᠢ ᠵᠠᠷᠯᠢᠭ᠍ᠳᠠᠨ ᠴᠡᠭ᠌ᠴᠡᠯᠡᠨ ᠰᠠᠢᠵᠢᠷᠠᠭᠤᠯᠵᠤ᠂ 7 ᠬᠡᠷᠡᠭ ᠢ᠋ ᠬᠡᠷᠡᠭ ᠪᠣᠯᠭᠠᠨ ᠳᠡᠩᠰᠡᠯᠡᠨ ᠱᠢᠢᠳᠭᠡᠵᠦ᠂ ᠵᠣᠭᠣᠰ ᠵᠢᠡᠷ ᠲᠤᠷᠭᠠᠭᠰᠠᠨ ᠮᠦᠩᠭᠦᠨ ᠤ᠋ ᠲᠣᠭ᠎ᠠ ᠨᠢ 7.5087 ᠲᠦᠮᠡᠨ ᠲᠥᠭᠥᠷᠢᠭ ᠪᠠᠢᠵᠤ᠂ 1 ᠬᠥᠮᠦᠨ᠎ᠲᠡᠶ ᠪᠣᠯᠵᠣᠨ ᠶᠠᠷᠢᠯᠴᠠᠪᠠ᠃
5 ᠰᠠᠷ᠎ᠠ᠎ᠶ᠋ᠢᠨ 2 ᠤ᠋ᠨ ᠡᠳᠦᠷ ᠪᠣᠯᠲᠠᠯ᠎ᠠ᠂ ᠪᠥᠬᠥ᠌ ᠣᠷᠣᠨ᠎ᠵᠢᠡᠷ ᠵᠢᠡᠨ 1 — 30 ᠳ᠋ᠤᠭᠠᠷ ᠪᠦᠯᠦᠭ ᠤ᠋ᠨ 2641 ᠬᠤᠪᠢ ᠵᠠᠬᠢᠳᠠᠯ ᠰᠤᠷᠪᠤᠯᠵᠢᠯᠠᠯ᠎ᠤᠨ ᠬᠡᠷᠡᠭ᠎ᠢ ᠪᠠᠢᠴᠠᠭᠠᠨ ᠱᠢᠶ᠋ᠳᠪᠦᠷᠢᠯᠡᠵᠦ ᠪᠤᠢ᠂ ᠡᠭᠦᠨ᠎ᠳᠦ 1174 ᠬᠤᠪᠢ᠎ᠶ᠋ᠢ ᠨᠢ ᠨᠢᠭᠡᠨᠲᠡ ᠱᠢᠶ᠋ᠳᠪᠦᠷᠢᠯᠡᠨ ᠳᠠᠭᠤᠰᠭᠠᠵᠤ᠂ 879 ᠬᠤᠪᠢ᠎ᠶ᠋ᠢ ᠨᠢ ᠱᠠᠲᠤᠴᠢ ᠴᠢᠨᠠᠷᠲᠠᠶ᠎ᠪᠠᠷ ᠱᠢᠶ᠋ᠳᠪᠦᠷᠢᠯᠡᠨ ᠳᠠᠭᠤᠰᠭᠠᠵᠤ᠂ 588 ᠬᠤᠪᠢ᠎ᠶ᠋ᠢ ᠨᠢ ᠬᠠᠷᠠᠬᠠᠨ ᠱᠢᠶ᠋ᠳᠪᠦᠷᠢᠯᠡᠵᠦ ᠪᠠᠷᠠᠭᠠᠳᠤᠢ᠂ 937 ᠡᠷᠦᠬᠡ᠎ᠶ᠋ᠢ ᠵᠠᠷᠯᠢᠭ᠍ᠳᠠᠨ ᠴᠡᠭ᠌ᠴᠡᠯᠡᠨ ᠰᠠᠢᠵᠢᠷᠠᠭᠤᠯᠵᠤ᠂ 151᠎ᠶ᠋ᠢ ᠨᠢ ᠬᠡᠷᠡᠭ ᠪᠣᠯᠭᠠᠨ ᠳᠡᠩᠰᠡᠯᠡᠨ ᠱᠢᠢᠳᠭᠡᠵᠦ᠂ ᠵᠣᠭᠣᠰ ᠵᠢᠡᠷ ᠲᠤᠷᠭᠠᠭᠰᠠᠨ ᠮᠦᠩᠭᠦᠨ ᠤ᠋ ᠲᠣᠭ᠎ᠠ ᠨᠢ 1063.2327 ᠲᠦᠮᠡᠨ ᠲᠥᠭᠥᠷᠢᠭᠪᠠᠢᠵᠤ᠂ 46 ᠬᠡᠷᠡᠭ᠎ᠢ ᠬᠡᠷᠡᠭ ᠪᠣᠯᠭᠠᠨ ᠳᠡᠩᠰᠡᠯᠡᠵᠦ᠍ ᠲᠠᠩᠨᠠᠨ ᠪᠠᠢᠴᠠᠭᠠᠵᠤ᠂ 13 ᠬᠥᠮᠦᠨ᠎ᠢ ᠡᠷᠡᠭᠦᠦ᠍᠎ᠶ᠋ᠢᠨ ᠬᠡᠷᠡᠭ᠎ᠢᠶᠡᠷ ᠲᠦᠷ ᠬᠣᠷᠢᠵᠤ᠂ 80 ᠬᠥᠮᠦᠨ᠎ᠲᠡᠶ ᠪᠣᠯᠵᠣᠨ ᠶᠠᠷᠢᠯᠴᠠᠵᠤ᠂ 73 ᠬᠥᠮᠦᠨ᠎ᠡᠴᠡ ᠬᠠᠷᠢᠭᠤᠴᠠᠯᠭ᠎ᠠ ᠨᠡᠬᠡᠮᠵᠢᠯᠡᠪᠡ᠃
ᠲᠥᠪ᠎ᠦᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ᠎ᠤᠨ ᠱᠠᠯᠠᠪᠳᠠᠭᠤᠯᠤᠨ ᠪᠠᠢᠴᠠᠭᠠᠬᠤ᠎ᠶ᠋ᠢᠨ ᠳᠠᠭᠠᠤ ᠬᠠᠯᠠᠨ ᠰᠠᠢᠵᠢᠷᠠᠭᠤᠯᠬᠤ ᠠᠵᠢᠯ᠎ᠤᠨ ᠱᠠᠭᠠᠷᠳᠠᠯᠭ᠎ᠠ ᠶᠣᠰᠣᠭᠠᠷ ᠬᠠᠮᠢᠶ᠎ᠠ ᠪᠦᠬᠦᠢ ᠬᠡᠷᠡᠭ ᠢ᠋ ᠪᠠᠢᠴᠠᠭᠠᠨ ᠱᠢᠢᠳᠪᠦᠷᠢᠯᠡᠵᠦ᠍ ᠴᠡᠭ᠌ᠴᠡᠯᠡᠨ ᠰᠠᠢᠵᠢᠷᠠᠭᠤᠯᠬᠤ ᠠᠵᠢᠯ᠎ᠢ ᠦᠷᠭᠦᠯᠵᠢᠯᠡᠨ ᠠᠬᠢᠭᠤᠯᠵᠤ ᠪᠠᠢᠨ᠎ᠠ᠃
ᠭᠤᠴᠢᠳᠤᠭᠠᠷ ᠪᠦᠯᠦᠭ ᠤ᠋ᠨ ᠪᠦᠬᠦ ᠬᠡᠷᠡᠭ ᠢ᠋ ᠭᠦᠢᠴᠡᠳᠭᠡᠭᠰᠡᠨ ᠪᠠᠢᠳᠠᠯ ᠢ᠋ ᠤᠢᠯᠠᠭᠠᠶ᠎ᠠ ᠬᠡᠪᠡᠯ ᠬᠤᠶᠠᠷ ᠬᠡᠮᠵᠢᠯᠳᠤ ᠺᠤᠳ᠋ ᠢ᠋ ᠰᠢᠷᠪᠢᠬᠡᠷᠡᠢ᠃

- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃