ᠪᠠᠶᠢᠭᠠᠯᠢ ᠣᠷᠴᠢᠨ > ᠲᠦᠪ᠎ᠦ᠋ᠨ ᠣᠷᠴᠢᠨ ᠲᠣᠭᠣᠷᠢᠨ᠎ᠤ᠋ ᠬᠠᠮᠠᠭᠠᠯᠠᠯᠲᠠ

2022-05-07 09:44:36

ᠵᠣᠬᠢᠶᠠᠭ᠍ᠴᠢ᠄ ᠱᠤᠸᠠᠢ ᠵᠧᠩ ᠣᠩᠱᠢᠭ᠍ᠰᠠᠨ ᠣᠳᠠᠭ᠎ᠠ᠄ 3

3 ᠰᠠᠷ᠎ᠠ᠎ᠶ᠋ᠢᠨ 26᠎ᠤ᠋ ᠡᠳᠤᠷ ᠡᠴᠡ 4 ᠰᠠᠷ᠎ᠠ᠎ᠶ᠋ᠢᠨ 28 ᠤ᠋ ᠡᠳᠦᠷ ᠪᠣᠯᠲᠠᠯ᠎ᠠ᠂ ᠲᠥᠪ ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ ᠵᠢᠨ ᠭᠤᠷᠪᠠᠳᠤᠭᠠᠷ ᠱᠠᠯᠠᠪᠳᠠᠭᠤᠯᠤᠨ ᠪᠠᠢᠴᠠᠭᠠᠬᠤ ᠳᠤᠭᠤᠢᠯᠠᠩ (ᠳᠣᠷᠣᠭ᠍ᠰᠢ 《ᠲᠥᠪ ᠎ᠦᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ》 ᠭᠡᠵᠦ᠍ ᠳᠥᠭᠥᠮᠴᠢᠯᠡᠨ᠎ᠡ ) ᠡᠴᠡ ᠮᠠᠨ᠎ᠤ ᠣᠷᠣᠨ᠎ᠳᠤ 33 ᠪᠦᠯᠦᠭ᠎ᠤᠨ ᠨᠡᠢᠳᠡ 2825 ᠬᠡᠷᠡᠭ ᠎ᠢ ᠰᠢᠢᠳᠪᠦᠷᠢᠯᠡᠭᠦᠯᠬᠦ ᠪᠡᠷ ᠲᠤᠰᠢᠶᠠᠵᠠᠢ᠃ ᠲᠥᠪ᠎ᠦᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ᠎ᠤᠨ ᠠᠵᠢᠯ᠎ᠤᠨ ᠱᠠᠭᠠᠷᠳᠠᠯᠭ᠎ᠠ ᠶᠣᠰᠣᠭᠠᠷ᠂ ᠣᠳᠣᠬᠠᠨ᠎ᠳᠤ᠂ ᠪᠥᠬᠥ᠌ ᠣᠷᠣᠨ ᠵᠢᠡᠷ᠎ᠢᠶᠡᠨ ᠭᠤᠴᠢᠨ ᠬᠤᠶᠠᠳᠤᠭᠠᠷ ᠪᠦᠯᠦᠭ᠎ᠦᠨ 70 ᠬᠤᠪᠢ ᠵᠠᠬᠢᠳᠠᠯ ᠰᠤᠷᠪᠤᠯᠵᠢᠯᠠᠯ᠎ᠤᠨ ᠬᠡᠷᠡᠭ᠎ᠢ ᠪᠠᠢᠴᠠᠭᠠᠨ ᠱᠢᠶ᠋ᠳᠪᠦᠷᠢᠯᠡᠵᠤ ᠪᠤᠢ᠂ ᠡᠭᠦᠨ᠎ᠳᠦ 33 ᠬᠤᠪᠢ᠎ᠶ᠋ᠢ ᠨᠢ ᠨᠢᠭᠡᠨᠲᠡ ᠱᠢᠶ᠋ᠳᠪᠦᠷᠢᠯᠡᠨ ᠳᠠᠭᠤᠰᠭᠠᠵᠤ᠂ 25 ᠬᠤᠪᠢ᠎ᠶ᠋ᠢ ᠨᠢ ᠱᠠᠲᠤᠴᠢ ᠴᠢᠨᠠᠷᠲᠠᠶ᠎ᠪᠠᠷ ᠱᠢᠶ᠋ᠳᠪᠦᠷᠢᠯᠡᠨ ᠳᠠᠭᠤᠰᠭᠠᠵᠤ᠂ 12 ᠬᠤᠪᠢ᠎ᠶ᠋ᠢ ᠨᠢ ᠬᠠᠷᠠᠬᠠᠨ ᠱᠢᠶ᠋ᠳᠪᠦᠷᠢᠯᠡᠵᠤ ᠪᠠᠷᠠᠭᠠᠳᠤᠢ᠂ 36 ᠬᠤᠪᠢ ᠵᠢ ᠨᠢ ᠵᠠᠷᠯᠢᠭᠳᠡᠨ ᠴᠡᠭᠴᠡᠯᠡᠨ ᠰᠠᠢᠵᠢᠷᠠᠭᠤᠯᠵᠤ᠂ 4 ᠬᠤᠪᠢ ᠵᠢ ᠨᠢ ᠬᠡᠷᠡᠭ ᠪᠣᠯᠭᠠᠨ ᠳᠡᠩᠰᠡᠯᠡᠨ ᠰᠢᠢᠳᠭᠡᠵᠤ᠂ ᠵᠤᠭᠤᠰ᠎ᠢᠶᠡᠷ ᠲᠤᠷᠭᠠᠭᠰᠠᠨ ᠮᠦᠡᠭᠬᠦᠨ᠎ᠤ ᠲᠤᠭ᠎ᠠ ᠨᠢ 9.1083 ᠲᠦᠮᠡᠨ ᠲᠥᠭᠥᠷᠢᠭ ᠪᠤᠯᠤᠨ᠎ᠠ᠃

5 ᠰᠠᠷ᠎ᠠ᠎ᠶ᠋ᠢᠨ 4 ᠤ᠋ ᠡᠳᠦᠷ ᠪᠣᠯᠲᠠᠯ᠎ᠠ᠂ ᠪᠥᠬᠥ᠌ ᠣᠷᠣᠨ ᠵᠢᠡᠷ ᠵᠢᠡᠨ 1 — 32 ᠳ᠋ᠤᠭᠠᠷ ᠪᠦᠯᠦᠭ ᠎ᠦᠨ 2795 ᠬᠤᠪᠢ ᠵᠠᠬᠢᠳᠠᠯ ᠰᠤᠷᠪᠤᠯᠵᠢᠯᠠᠯ᠎ᠤᠨ ᠬᠡᠷᠡᠭ᠎ᠢ ᠪᠠᠢᠴᠠᠭᠠᠨ ᠱᠢᠶ᠋ᠳᠪᠦᠷᠢᠯᠡᠵᠤ ᠪᠤᠢ᠂ ᠡᠭᠦᠨ᠎ᠳᠦ᠂ 1337 ᠬᠤᠪᠢ᠎ᠶ᠋ᠢ ᠨᠢ ᠨᠢᠭᠡᠨᠲᠡ ᠱᠢᠶ᠋ᠳᠪᠦᠷᠢᠯᠡᠨ ᠳᠠᠭᠤᠰᠭᠠᠵᠤ᠂ 877 ᠬᠤᠪᠢ᠎ᠶ᠋ᠢ ᠨᠢ ᠱᠠᠲᠤᠴᠢ ᠴᠢᠨᠠᠷᠲᠠᠶ᠎ᠪᠠᠷ ᠱᠢᠶ᠋ᠳᠪᠦᠷᠢᠯᠡᠨ ᠳᠠᠭᠤᠰᠭᠠᠵᠤ᠂ 581 ᠬᠤᠪᠢ᠎ᠶ᠋ᠢ ᠨᠢ ᠬᠠᠷᠠᠬᠠᠨ ᠱᠢᠶ᠋ᠳᠪᠦᠷᠢᠯᠡᠵᠤ ᠪᠠᠷᠠᠭᠠᠳᠤᠢ᠂ 986 ᠬᠤᠪᠢ᠎ᠶ᠋ᠢ ᠨᠢ ᠵᠠᠷᠯᠢᠭᠳᠡᠨ ᠴᠡᠭᠴᠡᠯᠡᠨ ᠰᠠᠢᠵᠢᠷᠠᠭᠤᠯᠵᠤ᠂ 164 ᠬᠤᠪᠢ ᠵᠢ ᠨᠢ ᠬᠡᠷᠡᠭ ᠪᠣᠯᠭᠠᠨ ᠳᠡᠩᠰᠡᠯᠡᠨ ᠰᠢᠢᠳᠭᠡᠵᠤ᠂ ᠵᠤᠭᠤᠰ᠎ᠢᠶᠡᠷ ᠲᠤᠷᠭᠠᠭᠰᠠᠨ ᠮᠦᠡᠭᠬᠦᠨ᠎ᠤ ᠲᠤᠭ᠎ᠠ ᠨᠢ 1107.57 ᠲᠦᠮᠡᠨ ᠲᠥᠭᠥᠷᠢᠭ ᠪᠠᠢᠵᠤ᠂ 50 ᠬᠡᠷᠡᠭ᠎ᠢ ᠬᠡᠷᠡᠭ ᠪᠣᠯᠭᠠᠨ ᠳᠡᠩᠰᠡᠯᠡᠨ ᠲᠠᠩᠨᠠᠨ ᠪᠠᠢᠴᠠᠭᠠᠵᠤ᠂ 15 ᠬᠥᠮᠦᠨ᠎ᠢ ᠡᠷᠡᠭᠦᠦ᠍᠎ᠶ᠋ᠢᠨ ᠬᠡᠷᠡᠭ᠎ᠢᠶᠡᠷ ᠲᠦᠷ ᠬᠣᠷᠢᠵᠤ᠂ 80 ᠬᠥᠮᠦᠨ᠎ᠲᠡᠶ ᠪᠣᠯᠵᠣᠨ ᠶᠠᠷᠢᠯᠴᠠᠵᠤ᠂ 78 ᠬᠥᠮᠦᠨ᠎ᠡᠴᠡ ᠬᠠᠷᠢᠭᠤᠴᠠᠯᠭ᠎ᠠ ᠨᠡᠬᠡᠮᠵᠢᠯᠡᠪᠡ᠃

ᠲᠥᠪ᠎ᠦᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ᠎ᠤᠨ ᠱᠠᠯᠠᠪᠳᠠᠭᠤᠯᠤᠨ ᠪᠠᠢᠴᠠᠭᠠᠬᠤ᠎ᠶ᠋ᠢᠨ ᠳᠠᠭᠠᠤ ᠴᠡᠭ᠌ᠴᠡᠯᠡᠨ ᠰᠠᠢᠵᠢᠷᠠᠭᠤᠯᠬᠤ ᠠᠵᠢᠯ᠎ᠤᠨ ᠱᠠᠭᠠᠷᠳᠠᠯᠭ᠎ᠠ ᠶᠣᠰᠣᠭᠠᠷ᠂ ᠬᠣᠯᠪᠣᠭ᠍ᠳᠠᠯ ᠪᠦᠬᠦᠢ ᠬᠡᠷᠡᠭ᠎ᠢ ᠪᠠᠢᠴᠠᠭᠠᠨ ᠱᠢᠢᠳᠪᠦᠷᠢᠯᠡᠵᠦ᠍ ᠴᠡᠭ᠌ᠴᠡᠯᠡᠨ ᠰᠠᠢᠵᠢᠷᠠᠭᠤᠯᠬᠤ ᠠᠵᠢᠯ᠎ᠢ ᠦᠷᠭᠦᠯᠵᠢᠯᠡᠨ ᠠᠬᠢᠭᠤᠯᠵᠤ ᠪᠠᠢᠨ᠎ᠠ᠃

ᠭᠤᠴᠢᠨ ᠬᠤᠶᠠᠳᠤᠭᠠᠷ ᠪᠦᠯᠦᠭ᠎ᠦᠨ ᠪᠥᠬᠥ᠌ ᠬᠡᠷᠡᠭ᠎ᠢ ᠬᠦᠢᠴᠡᠳᠬᠡᠭᠰᠡᠨ ᠪᠠᠢᠳᠠᠯ᠎ᠢ ᠤᠢᠯᠠᠭᠠᠶ᠎ᠠ ᠭᠡᠪᠡᠯ ᠬᠣᠶᠠᠷ ᠬᠡᠮᠵᠢᠯᠳᠦ ᠺᠣᠳ᠋ ᠢ᠋ ᠱᠢᠷᠪᠢᠭᠡᠷᠡᠶ᠃


QQ图片20220507094425.png


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面