2022-06-07 09:18:19
6 ᠰᠠᠷ᠎ᠠ᠎ᠶᠢᠨ 6 ᠤ᠋ ᠡᠳᠦᠷ᠂ ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶᠢ ᠬᠠᠮᠠᠭᠠᠯᠠᠬᠤ ᠲᠢᠩᠬᠢᠮ ᠡᠴᠡ ᠣᠢᠯᠠᠭᠠᠭᠰᠠᠨ ᠵᠢᠡᠷ᠂ ᠶᠡᠬᠡ ᠳᠡᠭᠡᠳᠦ ᠰᠤᠷᠭᠠᠭᠤᠯᠢ᠎ᠳᠤ ᠰᠤᠷᠤᠭᠴᠢ ᠡᠯᠰᠡᠬᠦ ᠤᠯᠤᠰ᠎ᠤᠨ ᠨᠢᠬᠡᠳᠦᠯᠳᠡᠢ ᠰᠢᠯᠭᠠᠯᠲᠠ᠎ᠶᠢᠨ ᠬᠤᠭᠤᠴᠠᠭᠠᠨ᠎ᠳᠤ᠂ ᠪᠦᠬᠦ ᠣᠷᠣᠨ᠎ᠤ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ᠎ᠶᠢᠨ ᠬᠢᠨ ᠬᠠᠮᠤᠭ᠎ᠤᠨ ᠥᠨᠳᠥᠷ ᠪᠠᠷᠢᠮᠵᠢᠶ᠎ᠠ᠂ ᠬᠠᠮᠤᠭ᠎ᠤᠨ ᠴᠢᠩᠭ᠎ᠠ ᠪᠠᠢᠷᠢᠯᠠᠭᠤᠯᠤᠯᠲᠠ᠎ᠶᠢ ᠪᠠᠷᠢᠮᠲᠠᠯᠠᠵᠤ᠂ ᠶᠡᠬᠡ ᠳᠡᠭᠡᠳᠦ ᠰᠤᠷᠭᠠᠭᠤᠯᠢ᠎ᠳᠤ ᠰᠤᠷᠤᠭᠴᠢ ᠡᠯᠰᠡᠬᠦ ᠤᠯᠤᠰ᠎ᠤᠨ ᠨᠢᠬᠡᠳᠦᠯᠳᠡᠢ ᠰᠢᠯᠭᠠᠯᠲᠠ ᠳ᠋ᠤ ᠰᠠᠢᠳᠤᠷ ᠦᠢᠯᠡᠴᠢᠯᠡᠨ᠎ᠡ᠃
ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶᠢ ᠬᠠᠮᠠᠭᠠᠯᠠᠬᠤ ᠲᠢᠩᠬᠢᠮ᠎ᠦᠨ ᠨᠢᠭᠤᠴᠠ ᠮᠡᠳᠡᠭᠡ ᠵᠢ ᠵᠢᠯᠤᠭᠣᠳᠬᠤ ᠲᠥᠪ ᠨᠢ 《ᠬᠥᠮᠥᠨ᠎ᠦ ᠬᠦᠴᠦᠨ + ᠰᠢᠨᠵᠢᠯᠡᠬᠦ ᠤᠬᠠᠭᠠᠨ ᠲᠧᠭᠨᠢᠭ ᠮᠡᠷᠭᠡᠵᠢᠯ》 ᠤ᠋ᠨ ᠠᠷᠭ᠎ᠠ ᠪᠡᠷ ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ ᠨᠢᠭᠡᠳᠦᠯᠲᠡᠢ ᠰᠢᠯᠭᠠᠯᠲᠠ᠎ᠶᠢ ᠬᠠᠷᠰᠢᠯᠠᠬᠤ ᠪᠤᠶᠤ ᠡᠪᠳᠡᠬᠦᠡᠯᠡ ᠵᠦᠢᠯ᠎ᠦᠨ ᠴᠤᠬᠤᠶ᠋ᠢᠯᠲᠠ᠎ᠶᠢᠨ ᠴᠢᠨᠠᠷᠲᠠᠢ᠂ ᠴᠢᠭᠯᠡᠯ᠎ᠳᠤ ᠴᠢᠨᠠᠷᠲᠠᠢ᠂ ᠤᠷᠢᠳᠴᠢᠯᠠᠨ ᠰᠡᠷᠡᠮᠵᠢᠯᠡᠭᠦᠯᠬᠦ ᠴᠢᠨᠠᠷᠲᠠᠢ ᠮᠡᠳᠡᠭᠡ ᠵᠠᠩᠭᠢ᠎ᠶᠢ ᠴᠤᠭᠯᠠᠭᠤᠯᠤᠨ ᠰᠤᠳᠤᠯᠤᠨ ᠮᠠᠭᠠᠳᠯᠠᠵᠤ᠂ ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ ᠤᠯᠤᠰ᠎ᠤᠨ ᠨᠢᠭᠡᠳᠦᠯᠲᠡᠢ ᠰᠢᠯᠭᠠᠯᠲᠠ᠎ᠶᠢ ᠨᠥᠯᠥᠭᠡᠯᠡᠬᠦ ᠠᠶᠤᠯ ᠲᠦᠭᠰᠢᠭᠦᠷᠢ ᠶᠢᠨ ᠳᠠᠯᠳᠠ ᠬᠡᠮ᠎ᠢ ᠡᠩ ᠲᠡᠷᠢᠭᠦᠨ᠎ᠳᠦ ᠬᠠᠷᠭᠤᠭᠤᠯᠤᠨ ᠪᠠᠢᠴᠠᠭᠠᠵᠤ ᠰᠢᠢᠳᠪᠦᠷᠢᠯᠡᠨ᠎ᠡ᠃ ᠡᠭᠦᠨ᠎ᠦ ᠬᠠᠮᠲᠤ᠂ ᠲᠣᠭᠣᠷᠢᠨ ᠴᠠᠭᠳᠠᠵᠤ ᠰᠡᠷᠭᠡᠢᠯᠡᠨ ᠡᠵᠡᠮᠳᠡᠬᠦ᠎ᠶᠢ ᠴᠢᠩᠭᠠᠳᠬᠠᠵᠤ᠂ ᠰᠢᠯᠭᠠᠯᠲᠠ᠎ᠶᠢᠨ ᠲᠠᠯᠠᠪᠠᠢ ᠵᠢᠨ ᠡᠷᠬᠢᠨ ᠲᠣᠭᠣᠷᠢᠨ᠎ᠳᠤ ᠴᠠᠭᠳᠠᠭ᠎ᠠ᠎ᠶᠢᠨ ᠴᠡᠭ ᠪᠠᠢᠭᠤᠯᠤᠨ᠂ ᠲᠣᠭᠲᠠᠭᠰᠠᠨ ᠴᠡᠭ᠎ᠲᠦ ᠵᠢᠵᠢᠭᠦᠷᠯᠡᠨ ᠰᠠᠬᠢᠵᠤ᠂ ᠵᠡᠪᠰᠡᠭᠲᠦ ᠴᠠᠭᠳᠠᠯᠲᠠ᠂ ᠸᠢᠳᠢᠤ᠋᠎ᠪᠠᠷ ᠲᠣᠭᠣᠷᠢᠨ ᠪᠠᠢᠴᠠᠭᠠᠬᠤ᠎ᠶᠢ ᠬᠠᠷᠢᠯᠴᠠᠨ ᠤᠶᠠᠯᠳᠤᠭᠤᠯᠵᠤ᠂ ᠲᠣᠭᠣᠷᠢᠨ ᠴᠠᠭᠳᠠᠬᠤ ᠤᠳᠠᠭ᠎ᠠ᠎ᠶᠢ ᠳᠡᠭᠡᠭᠰᠢᠯᠡᠭᠦᠯᠦᠨ᠂ ᠰᠦᠷᠳᠡᠭᠦᠯᠬᠦ ᠬᠦᠴᠦᠨ᠂ ᠡᠵᠡᠮᠳᠡᠬᠦ ᠬᠦᠴᠦᠨ᠎ᠢ ᠴᠢᠩᠭᠠᠷᠠᠭᠤᠯᠤᠨ᠎ᠠ᠃
ᠪᠥᠬᠥ ᠣᠷᠣᠨ᠎ᠤ ᠡᠯ᠎ᠡ ᠱᠠᠲᠤᠨ᠎ᠤ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ᠎ᠨᠤᠭᠤᠳ ᠰᠤᠷᠭᠠᠨ ᠬᠥᠮᠦᠵᠢᠯ ᠵᠡᠷᠭᠡ ᠰᠠᠯᠠᠭ᠎ᠠ ᠮᠥᠴᠢᠷ᠎ᠲᠠᠢ ᠢᠳᠡᠪᠬᠢᠲᠡᠢ ᠬᠠᠮᠲᠤᠷᠠᠨ᠂ ᠰᠢᠯᠭᠠᠯᠲᠠ᠎ᠶᠢᠨ ᠴᠡᠭ ᠤ᠋ᠨ ᠡᠷᠬᠢᠨ ᠲᠣᠭᠣᠷᠢᠨ᠎ᠤ ᠲᠦᠷᠢᠶᠡᠰᠦᠨ ᠭᠡᠷ᠂ ᠰᠦᠯᠵᠢᠶᠡᠨ᠎ᠦ ᠪᠠᠭᠠᠷ᠂ ᠪᠥᠭᠡᠮ ᠬᠦᠴᠢᠯ ᠦᠨ ᠪᠠᠢᠴᠠᠭᠠᠨ ᠬᠡᠮᠵᠢᠬᠦ ᠴᠡᠭ ᠵᠡᠷᠭᠡ ᠲᠠᠯᠠᠪᠤᠷ᠎ᠲᠤ ᠠᠮᠤᠷ ᠲᠦᠪᠰᠢᠨ᠎ᠦ ᠪᠠᠢᠴᠠᠭᠠᠯᠲᠠ ᠬᠢᠵᠦ ᠴᠡᠭᠴᠡᠯᠡᠨ ᠵᠠᠰᠠᠵᠤ᠂ ᠲᠠᠭᠤ ᠱᠤᠤᠭᠢᠶᠠᠨ ᠡᠭᠦᠰᠬᠡᠵᠦ ᠰᠢᠯᠭᠠᠯᠳᠠ ᠵᠢ ᠬᠠᠷᠰᠢᠯᠠᠵᠤ ᠮᠡᠳᠡᠬᠦ ᠠᠵᠤ ᠠᠬᠤᠢᠯᠠᠯ ᠤ᠋ᠨ ᠨᠢᠭᠡᠴᠢ᠎ᠳᠦ ᠤᠷᠢᠳᠴᠢᠯᠠᠨ ᠰᠡᠷᠡᠮᠵᠢᠯᠡᠭᠦᠯᠪᠡ᠃ 《ᠵᠠᠭᠤᠨ ᠲᠦᠮᠡᠨ ᠴᠠᠭᠳᠠᠭ᠎ᠠ ᠶᠢ ᠮᠢᠩᠭᠠᠨ ᠲᠦᠮᠡᠨ ᠡᠷᠦᠬᠡ᠎ᠳᠦ ᠬᠦᠷᠭᠡᠬᠦ》 ᠠᠵᠢᠯᠯᠠᠭ᠎ᠠ᠎ᠲᠠᠢ ᠤᠶᠠᠯᠳᠤᠭᠤᠯᠤᠨ᠂《ᠭᠤᠷᠪᠠ ᠶᠢ ᠪᠠᠢᠴᠠᠭᠠᠵᠤ ᠨᠢᠭᠡ᠎ᠶᠢ ᠡᠵᠡᠮᠳᠡᠬᠦ》ᠲᠤᠰᠬᠠᠢ ᠠᠵᠢᠯ᠎ᠳᠤ ᠲᠦᠰᠢᠭᠯᠡᠨ᠂ ᠭᠦᠨᠵᠡᠭᠡᠢ ᠵᠢᠭ᠍ᠰᠠᠭᠠᠨ ᠪᠠᠢᠴᠠᠭᠠᠵᠤ ᠵᠥᠷᠢᠴᠡᠯ᠎ᠢ ᠰᠢᠢᠳᠪᠦᠷᠢᠯᠡᠪᠡ᠃ ᠰᠤᠷᠭᠠᠭᠤᠯᠢ᠎ᠶᠢᠨ ᠬᠦᠷᠢᠶᠡᠨ᠎ᠦ ᠡᠷᠬᠢᠨ ᠲᠣᠭᠣᠷᠢᠨ᠂ ᠴᠢᠮᠡᠭᠡ ᠬᠣᠯᠪᠣᠭ᠎ᠠ᠎ᠶᠢᠨ ᠡᠯᠧᠺᠲᠷᠣᠨ ᠵᠠᠬ᠎ᠠ ᠳᠡᠯᠭᠡᠭᠦᠷ ᠪᠠ ᠡᠯᠧᠺᠲᠷᠣᠨ ᠬᠤᠳᠠᠯᠳᠤᠭᠠᠨ᠎ᠤ ᠲᠠᠪᠴᠠᠩ᠎ᠳᠤ ᠲᠤᠰᠬᠠᠢ ᠴᠡᠭᠴᠡᠯᠡᠨ ᠵᠠᠰᠠᠯᠲᠠ ᠥᠷᠨᠢᠭᠦᠯᠵᠦ᠂ ᠬᠡᠮ ᠦᠢᠯᠡᠳᠬᠦ ᠪᠠᠭᠠᠵᠢ ᠬᠡᠷᠡᠭᠰᠡᠯ ᠪᠣᠷᠣᠯᠠᠭᠤᠯᠬᠤ᠎ᠳᠤ ᠬᠣᠯᠪᠣᠭᠳᠠᠭᠰᠠᠨ ᠬᠠᠤᠯᠢ ᠲᠣᠭᠲᠠᠭᠠᠯ ᠠ᠋ᠴᠠ ᠵᠥᠷᠢᠴᠡᠭᠰᠡᠨ ᠦᠶ᠋ᠯᠡ ᠠᠵᠢᠯᠯᠠᠭ᠎ᠠ᠎ᠶᠢ ᠬᠠᠤᠯᠢ ᠶᠣᠰᠣᠭᠠᠷ ᠪᠠᠢᠴᠠᠭᠠᠨ ᠰᠢᠢᠳᠪᠦᠷᠢᠯᠡᠪᠡ᠃ ᠰᠢᠯᠭᠠᠭᠤᠯᠤᠭ᠍ᠰᠠᠳ ᠤ᠋ᠨ ᠪᠡᠶ᠎ᠠ ᠵᠢᠨ ᠦᠨᠡᠮᠯᠡᠯ᠎ᠦᠨ ᠬᠤᠭᠤᠴᠠᠭ᠎ᠠ ᠨᠢ ᠦᠩᠬᠡᠷᠡᠭᠰᠡᠨ᠂ ᠮᠠᠷᠲᠠᠵᠤ ᠤᠷᠬᠢᠬᠳᠠᠭᠤᠯᠤᠭᠰᠠᠨ ᠵᠡᠷᠭᠡ ᠭᠡᠨᠡᠳᠲᠡ᠎ᠶᠢᠨ ᠪᠠᠢᠳᠠᠯ᠎ᠳᠤ ᠴᠢᠭᠯᠡᠭᠦᠯᠦᠨ᠂ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ᠎ᠶᠢᠨ ᠬᠢᠨ ᠰᠠᠭᠤᠭᠠᠯᠢ ᠠᠷᠠᠳ᠎ᠤᠨ ᠪᠡᠶ᠎ᠡ᠎ᠶᠢᠨ ᠦᠨᠡᠮᠯᠡᠯ ᠵᠢᠡᠨ ᠲᠦᠷᠭᠡᠨ ᠭᠤᠶᠤᠴᠢᠯᠠᠨ ᠠᠪᠬᠤ᠂ ᠰᠣᠯᠢᠵᠤ ᠠᠪᠬᠤ《ᠰᠠᠭᠠᠳ ᠦᠭᠡᠢ ᠨᠡᠪᠲᠡᠷᠡᠬᠦ ᠵᠠᠮ》 ᠢ᠋ ᠤᠷᠢᠳᠴᠢᠯᠠᠨ ᠨᠡᠬᠡᠬᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠤᠶᠤᠯᠲᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃