2022-06-07 09:33:16
ᠤᠯᠤᠰ᠎ᠤᠨ ᠨᠢᠬᠡᠳᠦᠯᠳᠡᠢ ᠰᠢᠯᠭᠠᠯᠲᠠ᠎ᠶᠢᠨ ᠬᠤᠭᠤᠴᠠᠭᠠᠨ᠎ᠳᠤ᠂ ᠬᠦᠬᠡᠬᠤᠳᠠ ᠵᠢᠨ ᠬᠢᠨ ᠡᠯ᠎ᠠ ᠵᠦᠢᠯ᠎ᠤᠨ ᠪᠡᠯᠡᠳᠬᠡᠯ ᠠᠵᠢᠯ ᠵᠢᠡᠨ ᠰᠠᠢᠳᠤᠷ ᠬᠢᠵᠦ᠂ ᠪᠤᠶ ᠪᠦᠬᠦᠢ ᠰᠢᠯᠭᠠᠭᠤᠯᠤᠭ᠍ᠴᠢ ᠶ᠋ᠢᠨ ᠠᠮᠤᠷ ᠲᠦᠪᠰᠢᠨ ᠤᠷᠤᠭᠰᠢᠲᠠᠢ᠎ᠪᠠᠷ ᠰᠢᠯᠭᠠᠯᠲᠠ᠎ᠳᠤ ᠣᠷᠤᠯᠴᠠᠬᠤ ᠶ᠋ᠢ ᠪᠠᠲᠤᠯᠠᠪᠠ᠃ ᠡᠨᠡ ᠵᠢᠯ ᠬᠦᠬᠡᠬᠤᠳᠠ ᠨᠡᠶ᠋ᠢᠲᠡ 9 ᠰᠢᠯᠭᠠᠯᠲᠠ᠎ᠶᠢᠨ ᠲᠣᠭᠣᠷᠢᠭ᠋᠂ 20 ᠰᠢᠯᠭᠠᠯᠲᠠ᠎ᠶᠢᠨ ᠴᠡᠭ᠂ 611 ᠰᠢᠯᠭᠠᠯᠲᠠ ᠵᠢᠨ ᠲᠠᠯᠠᠪᠠᠢ ᠳᠤᠬᠢᠷᠠᠭᠤᠯᠵᠦ᠂ 17697 ᠰᠤᠷᠤᠭᠴᠢ ᠰᠢᠯᠭᠠᠯᠳᠠ ᠳ᠋ᠤ ᠤᠷᠤᠯᠴᠠᠨ᠎ᠠ᠃ ᠡᠭᠦᠨ ᠳ᠋ᠤ᠂ ᠡᠯ᠎ᠡ ᠬᠣᠰᠢᠭᠤ ᠰᠢᠶᠠᠨ ᠲᠣᠭᠣᠷᠢᠭ᠋᠎ᠤᠨ ᠬᠢᠨ ᠲᠣᠰ ᠪᠦᠷᠢ ᠪᠡᠯᠡᠳᠬᠡᠯ ᠰᠢᠯᠭᠠᠯᠳᠠ ᠵᠢᠨ ᠴᠡᠭ ᠳᠤᠬᠢᠷᠠᠭᠤᠯᠤᠭᠰᠠᠨ ᠪᠠᠢᠨ᠎ᠠ᠃
ᠤᠢᠯᠠᠭᠠᠭᠰᠠᠨ ᠵᠢᠡᠷ᠂ ᠬᠦᠬᠡᠬᠤᠳᠠ ᠰᠢᠯᠭᠠᠯᠲᠠ᠎ᠶᠢᠨ ᠴᠡᠭ᠂ ᠰᠢᠯᠭᠠᠯᠲᠠ᠎ᠶᠢᠨ ᠲᠠᠯᠠᠪᠠᠢ ᠵᠢᠨ ᠲᠤᠨᠤᠭ ᠲᠥᠬᠦᠭᠡᠷᠦᠮᠵᠢ᠎ᠶᠢ ᠤᠭᠰᠠᠷᠠᠵᠤ ᠲᠤᠷᠰᠢᠨ ᠲᠣᠬᠢᠷᠠᠭᠤᠯᠬᠤᠠᠵᠢᠯᠢ 5 ᠰᠠᠷ᠎ᠠ᠎ᠶᠢᠨ ᠰᠡᠭᠦᠯᠴᠢ᠎ᠡᠴᠡ ᠡᠬᠢᠯᠡᠬᠦᠯᠵᠦ᠂ ᠪᠦᠬᠦᠨ᠎ᠢ ᠵᠢᠭᠰᠠᠭᠠᠨ ᠪᠠᠢᠴᠠᠭᠠᠵᠤ ᠨᠠᠢᠳᠠᠪᠤᠷᠢᠵᠢᠭᠤᠯᠵᠥ ᠪᠤᠢ; ᠰᠢᠯᠭᠠᠯᠲᠠ᠎ᠶᠢᠨ ᠬᠠᠭᠤᠳᠠᠰᠤ ᠵᠢ ᠵᠤᠬᠢᠶᠠᠨ ᠪᠠᠢᠭᠤᠯᠬᠤ᠂ ᠬᠢᠵᠢᠭ᠌ ᠢ᠋ ᠰᠡᠷᠭᠡᠢᠯᠡᠬᠦ᠂ ᠪᠠᠴᠢᠮ ᠪᠠᠢᠳᠠᠯ ᠢ᠋ ᠠᠷᠭᠠᠴᠠᠭᠠᠬᠤ ᠠᠵᠢᠯᠲᠠᠨ ᠢ᠋ ᠰᠣᠩᠭᠣᠨ ᠲᠣᠬᠢᠷᠠᠭᠤᠯᠬᠤ᠂ ᠪᠤᠯᠪᠠᠰᠤᠷᠠᠯ ᠬᠦᠷᠳᠡᠬᠡᠬᠦ ᠠᠵᠢᠯ ᠢ᠋ ᠪᠣᠳᠠᠲᠠᠢᠵᠢᠭᠤᠯᠵᠥ ᠪᠤᠢ; ᠰᠢᠯᠭᠠᠯᠳᠠ ᠵᠢᠨ ᠠᠵᠢᠯ᠎ᠢ ᠵᠤᠬᠢᠶᠠᠨ ᠪᠠᠢᠭᠤᠯᠤᠭᠴᠢ ᠵᠢᠨ ᠬᠢᠵᠢᠭ᠌᠎ᠢ ᠰᠡᠷᠭᠡᠢᠯᠡᠬᠦ ᠠᠵᠢᠯ᠎ᠤ᠋ᠨ ᠬᠡᠷᠡᠭᠵᠢᠭᠦᠯᠬᠦ ᠲᠥᠰᠥᠯ᠂ ᠪᠠᠴᠢᠮ ᠪᠠᠢᠳᠠᠯ ᠢ᠋ ᠠᠷᠭᠠᠴᠠᠭᠠᠬᠤ ᠲᠥᠰᠥᠯ ᠢ᠋ ᠲᠣᠭᠲᠠᠭᠠᠵᠤ᠂ ᠪᠣᠳᠠᠲᠠᠢ ᠳ᠋ᠤ ᠨᠠᠢᠳᠠᠪᠤᠷᠢᠵᠢᠭᠤᠯᠵᠤ᠂ ᠬᠢᠵᠢᠭ᠌᠎ᠢ ᠰᠡᠷᠭᠡᠢᠯᠡᠬᠦ ᠳᠡᠳ᠋ ᠭᠣᠣᠯ ᠰᠢᠯᠭᠠᠭᠴᠢ ᠲᠣᠬᠢᠷᠠᠭᠤᠯᠵᠤ᠂ ᠬᠢᠵᠢᠭ᠌᠎ᠲᠦ ᠬᠣᠯᠪᠣᠭᠳᠠᠭᠰᠠᠨ ᠡᠩ᠎ᠦᠨ ᠠᠵᠢᠯ ᠪᠠ ᠬᠢᠵᠢᠭ᠌᠎ᠢ ᠰᠡᠷᠭᠡᠢᠯᠡᠬᠦ ᠭᠡᠨᠡᠳᠲᠡ᠎ᠶᠢᠨ ᠪᠠᠢᠳᠠᠯ᠎ᠢ ᠲᠤᠰᠬᠠᠢᠯᠠᠨ ᠰᠤᠳᠤᠯᠤᠨ ᠰᠢᠢᠳᠪᠦᠷᠢᠯᠡᠵᠦ᠂ ᠰᠢᠯᠭᠠᠭᠤᠯᠤᠭ᠍ᠴᠢ᠎ᠶᠢᠨ《ᠰᠢᠯᠭᠠᠯᠲᠠ ᠳᠤ ᠪᠦᠬᠦᠨ᠎ᠢ ᠤᠷᠤᠯᠴᠠᠭᠤᠯᠬᠤ》 ᠶ᠋ᠢ ᠦᠨᠡᠨ ᠬᠦ᠌ ᠪᠠᠲᠤᠯᠠᠵᠥ ᠪᠤᠢ; ᠡᠯ᠎ᠡ ᠰᠢᠯᠭᠠᠯᠲᠠ᠎ᠶᠢᠨ ᠲᠣᠭᠣᠷᠢᠭ᠋᠎ᠲᠤ ᠡᠯ᠎ᠡ ᠪᠦᠷᠢᠯᠳᠦᠭᠦᠨ ᠨᠢᠭᠡᠴᠢ᠎ᠶᠢᠨ ᠬᠠᠮᠲᠤᠷᠠᠨ ᠠᠵᠢᠯᠯᠠᠬᠤ ᠲᠣᠭᠲᠠᠴᠠ᠎ᠶᠢ ᠪᠠᠢᠭᠤᠯᠵᠤ᠂ ᠨᠢᠭᠡᠳᠦᠯᠲᠡᠢ ᠠᠵᠢᠯᠯᠠᠨ᠂ ᠲᠥᠪᠯᠡᠷᠡᠭᠦᠯᠦᠨ ᠲᠣᠬᠢᠷᠠᠭᠤᠯᠤᠨ᠂ ᠡᠯ᠎ᠡ ᠬᠦᠷᠢᠶ᠎ᠡ ᠴᠠᠷᠠᠭ᠎ᠠ᠎ᠳᠤ ᠥᠴᠥᠬᠡᠨ ᠴᠦ᠍ ᠠᠯᠳᠠᠰᠢ ᠭᠠᠷᠭᠠᠬᠤ ᠦᠭᠡᠢ ᠪᠠᠢᠬᠤ᠎ᠶᠢ ᠦᠨᠡᠨᠬᠦ ᠪᠠᠳᠤᠯᠠᠵᠥ ᠪᠤᠢ; ᠰᠢᠯᠭᠠᠯᠲᠠ᠎ᠳᠤ ᠬᠣᠯᠪᠣᠭᠳᠠᠭᠰᠠᠨ ᠨᠢᠭᠤᠴᠠ᠎ᠶᠢ ᠬᠠᠮᠠᠭᠠᠯᠠᠬᠤ ᠰᠠᠬᠢᠯᠭ᠎ᠠ ᠪᠠᠲᠤ᠂ ᠳᠦᠷᠢᠮ ᠲᠤᠬᠳᠠᠭᠠᠯ᠎ᠢ ᠪᠣᠳᠠᠲᠠᠢ᠎ᠳᠤ ᠨᠠᠢᠳᠠᠪᠤᠷᠢᠵᠢᠭᠤᠯᠵᠥ ᠪᠤᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠤᠶᠤᠯᠲᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃