ᠤᠯᠤᠰ᠎ᠤᠨ ᠰᠢᠯᠭᠠᠯᠲᠠ > ᠨᠢᠭᠡᠲᠦᠯᠲᠡᠢ ᠰᠢᠯᠭᠠᠯᠲᠠ᠎ᠶ᠋ᠢᠨ ᠬᠠᠯᠠᠭᠤᠨ ᠮᠡᠳᠡᠭᠡ

2022-06-07 17:23:31

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

2022 ᠣᠨ᠎ᠤ ᠶᠡᠭᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ᠌ ᠱᠢᠯᠭᠠᠯᠲᠠ ᠵᠢᠩᠬᠢᠨᠢ ᠎ᠪᠡᠷ ᠡᠬᠢᠯᠡᠯ᠎ᠠ᠃ ᠮᠠᠨ᠎ᠤ ᠣᠷᠣᠨ᠎ᠳᠤ ᠨᠡᠢᠲᠡ 105 ᠱᠢᠯᠭᠠᠯᠲᠠ ᠎ᠶ᠋ᠢᠨ ᠲᠣᠭᠣᠷᠢᠭ᠂ 175 ᠱᠢᠯᠭᠠᠯᠲᠠ᠎ᠶ᠋ᠢᠨ ᠴᠡᠭ᠂ 5141 ᠱᠢᠯᠭᠠᠯᠲᠠ᠎ᠶ᠋ᠢᠨ ᠲᠠᠯᠠᠪᠠᠢ ᠲᠤᠬᠢᠷᠠᠭᠤᠯᠵᠠᠢ᠃

ᠶᠡᠭᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ᠌ ᠨᠢᠭᠡᠳᠦᠯᠲᠡᠶ ᠱᠢᠯᠭᠠᠯᠲᠠ᠎ᠶ᠋ᠢᠨ ᠬᠤᠭᠤᠴᠠᠭᠠᠨ᠎ᠳᠤ᠂ ᠵᠡᠭᠦᠨ ᠬᠣᠢᠲᠤ᠎ᠶ᠋ᠢᠨ ᠬᠦᠶ᠋ᠲᠡᠨ ᠠᠭᠤᠷ ᠠᠮᠢᠰᠬᠤᠯ᠎ᠤᠨ ᠨᠥᠯᠥᠭᠡ ᠎ᠪᠡᠷ᠂ ᠥᠪᠥᠷ ᠮᠣᠩᠭᠣᠯ᠎ᠤᠨ ᠳᠤᠮᠳᠠ ᠪᠠᠶ᠎ᠠ ᠵᠢᠨ ᠵᠡᠭᠦᠨ ᠬᠡᠰᠡᠭ ᠪᠠ ᠵᠡᠭᠦᠨ ᠬᠡᠰᠡᠭ᠎ᠦᠨ ᠣᠯᠠᠩᠬᠢ ᠭᠠᠵᠠᠷ ᠣᠷᠣᠨ᠎ᠳᠦ ᠪᠣᠷᠣᠭᠠᠨ ᠪᠤᠶᠤ ᠠᠶᠤᠩᠭᠠᠲᠤ ᠪᠣᠷᠣᠭᠠᠨ ᠣᠷᠣᠬᠤ᠎ᠶ᠋ᠢᠨ ᠬᠠᠮᠲᠤ ᠣᠬᠣᠷ ᠬᠤᠭᠤᠴᠠᠭᠠᠨ᠎ᠤ ᠱᠢᠷᠦᠭᠦᠨ ᠪᠣᠷᠣᠭᠠᠨ᠂ ᠠᠶᠤᠩᠭᠠᠲᠤ ᠪᠣᠷᠣᠭᠠᠨ᠂ ᠶᠡᠬᠡ ᠰᠠᠯᠬᠢ ᠰᠠᠯᠬᠢᠯᠠᠬᠤ ᠵᠡᠷᠭᠡ ᠬᠦᠴᠦᠲᠡᠶ ᠰᠣᠯᠢᠭ ᠤᠷᠤᠰᠭᠠᠯ ᠎ᠤᠨ ᠴᠠᠭ ᠠᠭᠤᠷ ᠳᠠᠪᠬᠤᠴᠠᠵᠤ᠂ ᠵᠡᠭᠦᠨ ᠡᠮᠦᠨᠡᠲᠦ ᠬᠡᠰᠡᠭ᠎ᠦᠨ ᠭᠠᠵᠠᠷ ᠣᠷᠣᠨ᠎ᠤ ᠬᠤᠷ᠎ᠠ ᠲᠤᠨᠳᠠᠰᠤ ᠨᠡᠯᠢᠶᠡᠳ ᠢᠯᠡᠷᠬᠡᠶ ᠪᠠᠢᠵᠤ᠂ ᠪᠥᠬᠥ᠌ ᠣᠷᠣᠨ᠎ᠤ ᠶᠡᠬᠡᠩᠬᠢ ᠭᠠᠵᠠᠷ᠎ᠲᠤ 3᠂ 4 ᠲᠠᠰ᠎ᠤᠨ ᠰᠠᠯᠬᠢ ᠰᠠᠯᠬᠢᠯᠠᠨ᠎ᠠ᠃ 6 ᠰᠠᠷ᠎ᠠ᠎ᠶ᠋ᠢᠨ 7 ᠎ᠤ ᠡᠳᠦᠷ ᠪᠠᠷᠠᠭᠤᠨ ᠪᠠᠶ᠎ᠠ ᠵᠢᠨ ᠵᠡᠭᠦᠨ ᠭᠡᠰᠡᠭ ᠂ ᠳᠤᠮᠳᠠ ᠪᠠᠶ᠎ᠠ ᠵᠢᠨ ᠬᠣᠢᠲᠤ ᠭᠡᠰᠡᠭ ᠲᠸ᠋ ᠰᠠᠯᠬᠢᠨ᠎ᠤ ᠬᠦᠴᠦ᠍ ᠨᠡᠯᠢᠶᠡᠳ ᠶᠡᠬᠡ᠃

·6 ᠰᠠᠷ᠎ᠠ᠎ᠶ᠋ᠢᠨ 8 ᠎ᠤ ᠡᠳᠦᠷ ᠪᠠᠷᠠᠭᠤᠨ ᠪᠠᠶ᠎ᠠ ᠵᠢᠨ ᠬᠣᠢᠲᠤ ᠬᠡᠰᠡᠭ᠎ᠲᠦ ᠰᠠᠯᠬᠢᠨ᠎ᠤ ᠬᠦᠴᠦ᠍ ᠨᠡᠯᠢᠶᠡᠳ ᠶᠡᠬᠡ ᠪᠤᠯᠤᠨ᠎ᠠ᠃

·6 ᠰᠠᠷ᠎ᠠ᠎ᠶ᠋ᠢᠨ 9 ᠎ᠦ ᠡᠳᠦᠷ ᠪᠠᠷᠠᠭᠤᠨ ᠪᠠᠶ᠎ᠠ ᠵᠢᠨ ᠵᠡᠭᠦᠨ ᠭᠡᠰᠡᠭ ᠪᠠ ᠳᠤᠮᠳᠠ ᠪᠡᠶ᠎ᠠ ᠵᠢᠨ ᠪᠠᠷᠠᠭᠤᠨ ᠭᠡᠰᠡᠭ ᠎ᠤᠨ ᠰᠠᠯᠬᠢᠨ᠎ᠤ ᠬᠦᠴᠦ᠍ ᠨᠡᠯᠢᠶᠡᠳ ᠶᠡᠬᠡ ᠃

·ᠳᠤᠮᠳᠠ ᠪᠠᠷᠠᠭᠤᠨ ᠬᠡᠰᠡᠭ᠎ᠦᠨ ᠭᠠᠵᠠᠷ ᠣᠷᠣᠨ᠎ᠤ ᠠᠭᠠᠷ᠎ᠤᠨ ᠳᠤᠯᠠᠭᠠᠨ ᠤᠷᠢᠳᠠᠪᠠᠷ ᠳᠣᠷᠣᠭ᠍ᠰᠢᠯᠠᠵᠤ ᠳᠠᠷᠠᠭ᠎ᠠ ᠨᠢ ᠳᠡᠭᠡᠭ᠌ᠰᠢᠯᠡᠵᠦ᠍᠂ 6᠎ᠰᠠᠷ᠎ᠠ᠎ᠶ᠋ᠢᠨ9 ᠎ᠦ ᠡᠳᠦᠷ ᠵᠡᠭᠦᠨ ᠬᠣᠢᠲᠤ ᠬᠡᠰᠡᠭ᠎ᠦᠨ ᠭᠠᠵᠠᠷ ᠣᠷᠣᠨ᠎ᠤ ᠠᠭᠠᠷ᠎ᠤᠨ ᠳᠤᠯᠠᠭᠠᠨ ᠳᠣᠷᠣᠭ᠍ᠰᠢᠯᠠᠨ᠎ᠠ᠃

ᠶᠡᠬᠡ ᠰᠤᠷᠭᠠᠭᠤᠯᠢ᠎ᠶ᠋ᠢᠨ ᠱᠢᠯᠭᠠᠯᠲᠠ᠎ᠶ᠋ᠢᠨ ᠢᠳᠡᠭᠡᠨ ᠤᠮᠳᠠᠭᠠᠨ

ᠱᠢᠯᠭᠠᠯᠲᠠ᠎ᠶ᠋ᠢᠨ ᠬᠤᠭᠤᠴᠠᠭᠠᠨ᠎ᠳᠤ᠂ ᠭᠡᠷ᠎ᠦᠨ ᠠᠬᠠᠮᠠᠳ ᠬᠡᠦᠬᠡᠳ᠎ᠲᠦ᠍᠎ᠪᠡᠨ ᠭᠦᠩᠭᠡᠨ ᠬᠤᠭᠤᠯᠠ ᠤᠮᠳᠡ ᠪᠡᠯᠡᠳᠭᠡᠬᠦ᠌᠎ᠶ᠋ᠢᠨ ᠬᠠᠮᠲᠤ ᠱᠢᠮ᠎ᠡ ᠲᠡᠵᠢᠭᠡᠯ᠎ᠦᠨ ᠲᠡᠩᠴᠡᠭᠦᠷᠢ᠎ᠶ᠋ᠢ ᠪᠠᠲᠤᠯᠠᠬᠤ ᠬᠡᠷᠡᠭ᠌ᠲᠡᠢ᠃

ᠵᠢᠭᠠᠰᠤ᠂ ᠰᠠᠮ᠂ ᠲᠠᠬᠢᠶᠠᠨ ᠥᠨᠳᠡᠭᠡ ᠂ ᠦᠨᠢᠶᠡᠨ ᠰᠦ ᠂ ᠮᠢᠬᠠᠨ᠎ᠤ ᠵᠦᠶ᠋ᠯ ᠵᠡᠷᠭᠡ ᠴᠢᠨᠠᠷ ᠰᠠᠢᠲᠠᠶ ᠤᠭᠤᠷᠠᠭ ᠡᠯᠪᠡᠭ ᠠᠭᠤᠯᠤᠭ᠍ᠳᠠᠬᠤ ᠢᠳᠡᠭᠡᠨ᠎ᠢ ᠰᠣᠩᠭᠣᠵᠤ᠂ ᠵᠢᠮᠢᠰ ᠪᠠ ᠢᠳᠡᠱᠢᠨ ᠨᠣᠭᠣᠭ᠎ᠠ ᠢᠯᠡᠭᠦᠦ ᠢᠳᠡᠵᠦ᠍᠂ ᠳᠡᠩᠳᠡᠭᠦᠦ ᠲᠣᠰᠣᠯᠢᠭ᠂ ᠭᠤᠱᠤᠭᠤᠨ ᠰᠡᠳᠦᠯᠲᠡ ᠶᠡᠬᠡᠳᠡᠢ ᠢᠳᠡᠭᠡᠨ ᠪᠢᠳᠡᠭᠡᠢ ᠢᠳᠡᠬᠦᠯᠦᠬᠡᠷᠡᠢ! ᠬᠡᠦᠬᠡᠳ᠎ᠦᠨ ᠡᠩ᠎ᠦᠨ ᠦᠶ᠎ᠡ᠎ᠳᠦ ᠳᠡᠮᠡᠶ ᠢᠳᠡᠳᠡᠭ ᠥᠬᠡᠶ ᠢᠳᠡᠭᠡᠨ᠎ᠢ ᠢᠳᠡᠭᠦᠯᠵᠤ ᠪᠣᠯᠬᠤ ᠥᠬᠡᠶ᠃

ᠶᠡᠬᠡ ᠰᠤᠷᠭᠠᠭᠤᠯᠢ᠎ᠶ᠋ᠢᠨ ᠱᠢᠯᠭᠠᠯᠲᠠ᠎ᠶ᠋ᠢᠨ ᠤᠷᠮ᠎ᠠ ᠰᠡᠳᠭᠢᠯᠭᠡ

ᠶᠡᠭᠡ ᠳᠡᠭᠡᠳᠦ ᠰᠤᠷᠭᠠᠭᠤᠯᠢ᠎ᠳᠤ ᠰᠤᠷᠤᠭ᠍ᠴᠢ ᠡᠯᠰᠡᠬᠦ᠌ ᠱᠢᠯᠭᠠᠯᠲᠠ ᠭᠡᠬᠦ᠌ ᠡᠨᠡ ᠬᠦ᠌ ᠬᠥᠮᠦᠨ᠎ᠦ ᠠᠮᠢᠳᠤᠷᠠᠯ᠎ᠤᠨ ᠵᠠᠩᠭᠢᠯᠠᠭ᠎ᠠ᠎ᠶ᠋ᠢᠨ ᠱᠠᠲᠤᠨ᠎ᠳᠤ ᠪᠠᠴᠢᠮᠳᠠᠬᠤ ᠨᠢ ᠵᠠᠢᠯᠠᠰᠢ ᠦᠭᠡᠢ ᠶᠤᠮ᠂ ᠨᠥᠬᠥᠳ᠎ᠦᠳ ᠶᠠᠭᠠᠬᠢᠭ᠍ᠰᠠᠨ ᠴᠤ᠌ ᠪᠢᠳᠡᠭᠡᠢ ᠠᠶᠤᠵᠦ ᠪᠠᠯᠢᠳᠠᠭᠠᠷᠠᠢ᠃ ᠪᠢᠳᠡ ᠬᠡᠷᠬᠢᠨ ᠱᠢᠯᠭᠠᠯᠲᠠ᠎ᠶ᠋ᠢᠨ ᠡᠮᠦᠨᠡᠬᠢ ᠪᠠᠴᠢᠮᠳᠠᠯ᠎ᠢ ᠨᠠᠮᠳᠠᠭᠤᠯᠬᠤ ᠪᠣᠶ?ᠡᠩ ᠲᠡᠷᠢᠭᠦᠨ᠎ᠳᠦ ᠲᠡᠭᠦᠨ᠎ᠢ ᠬᠦᠯᠢᠶᠡᠨ ᠠᠪᠴᠤ᠌ ᠂ ᠰᠡᠳᠭᠢᠯ ᠰᠠᠨᠠᠭ᠎ᠠ ᠪᠠᠨ ᠲᠠᠢᠪᠤᠱᠢᠷᠠᠭᠤᠯᠵᠤ ᠥᠪᠡᠷ᠎ᠦᠨ ᠬᠢᠷᠢ ᠬᠡᠮᠵᠢᠶ᠎ᠡ᠎ᠪᠡᠨ ᠪᠠᠳᠠᠷᠠᠭᠤᠯᠤᠨ᠎ᠠ᠃ ᠳᠠᠷᠠᠭᠠᠯᠠᠪᠠᠯ᠂ ᠠᠵᠢᠯᠯᠠᠵᠤ ᠠᠮᠠᠷᠠᠬᠤ ᠴᠠᠭ᠎ᠢᠶᠠᠨ ᠲᠣᠬᠢᠷᠠᠭᠤᠯᠵᠤ᠂ ᠱᠢᠯᠭᠠᠯᠲᠠ᠎ᠶ᠋ᠢᠨ ᠬᠤᠭᠤᠴᠠᠭᠠᠨ᠎ᠳᠤ ᠣᠶᠤᠨ ᠴᠢᠳᠠᠯ᠎ᠢᠶᠠᠨ ᠬᠠᠮᠤᠭ᠎ᠤᠨ ᠰᠠᠢᠨ ᠪᠠᠢᠯᠭᠠᠬᠤ ᠬᠡᠷᠡᠭ᠌ᠲᠡᠶ᠃ ᠭᠤᠷᠪᠠᠳᠤᠭᠠᠷ᠎ᠲᠤ᠂ ᠬᠡᠷ᠎ᠦᠨ ᠠᠬᠠᠮᠠᠳ᠎ᠨᠠᠷ ᠰᠡᠳᠭᠢᠯ ᠰᠠᠨᠠᠭ᠎ᠠ᠎ᠪᠠᠨ ᠲᠣᠭ᠍ᠲᠠᠭᠤᠨ ᠪᠠᠢᠯᠭᠠᠵᠤ᠂ ᠵᠣᠷᠢᠭ᠍ᠵᠢᠭᠤᠯᠬᠤ᠎ᠪᠠᠷ ᠭᠤᠤᠯ ᠪᠣᠯᠭᠠᠨ᠂ ᠰᠤᠷᠤᠭ᠍ᠴᠢᠳ᠎ᠤᠨ ᠰᠡᠳᠭᠢᠯ ᠠᠮᠤᠷ ᠥᠬᠡᠶ ᠪᠠᠢᠬᠤ ᠪᠠᠢᠳᠠᠯ᠎ᠢ ᠨᠠᠮᠳᠠᠭᠤᠯᠬᠤ ᠬᠡᠷᠡᠭ᠌ᠲᠡᠶ᠃

ᠢᠷᠡᠵᠦ᠍ ᠪᠤᠴᠠᠬᠤ᠎ᠳᠠᠭᠠᠨ ᠬᠤᠪᠢ ᠬᠥᠮᠦᠨ᠎ᠦ ᠰᠡᠷᠭᠡᠢᠯᠡᠯᠲᠡ ᠬᠠᠮᠠᠭᠠᠯᠠᠯᠲᠠ᠎ᠪᠠᠨ ᠰᠠᠢᠲᠤᠷ ᠬᠢᠬᠦ᠌᠎ᠶ᠋ᠢ ᠠᠩᠬᠠᠷᠴᠤ᠌᠂ ᠬᠥᠮᠦᠨ ᠣᠯᠠᠨ ᠭᠠᠵᠠᠷ ᠣᠷᠣᠵᠤ ᠭᠠᠷᠬᠤ ᠥᠬᠡᠶ ᠪᠠᠢᠬᠤ ᠬᠡᠷᠡᠭ᠌ᠲᠡᠶ᠃ ᠭᠡᠷ᠎ᠦᠨ ᠠᠬᠠᠮᠠᠳ ᠱᠢᠯᠭᠠᠯᠲᠠ᠎ᠶ᠋ᠢᠨ ᠴᠡᠭ᠎ᠲᠦ ᠣᠷᠣᠵᠤ ᠪᠣᠯᠬᠤ ᠦᠭᠡᠢ᠂ ᠱᠢᠯᠭᠠᠯᠲᠠ᠎ᠶ᠋ᠢᠨ ᠴᠡᠭ᠎ᠦᠨ ᠭᠠᠳᠠᠨ᠎ᠠ ᠴᠤᠭ᠍ᠯᠠᠷᠠᠵᠤ ᠪᠣᠯᠬᠤ ᠦᠭᠡᠢ᠃

ᠢᠷᠡᠯᠳᠡ᠄ ᠦᠪᠤᠷ ᠮᠤᠩᠭᠤᠯ ᠎ᠤᠨ ᠡᠳᠤᠷ ᠎ᠤᠨ ᠰᠤᠨᠢᠨ ᠎ᠤ ᠵᠢᠷᠬᠢᠶ᠎ᠠ ᠵᠢᠨ ᠲᠠᠪᠴᠠᠩ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面