2022-06-07 09:37:27
6 ᠰᠠᠷ᠎ᠠ ᠵᠢᠨ 6 ᠤ᠋ ᠡᠳᠦᠷ᠂ ᠰᠤᠷᠪᠤᠯᠵᠢᠯᠠᠬᠴᠢ ᠬᠦᠬᠡᠬᠤᠳᠠ ᠵᠢᠨ ᠲᠤᠳᠤᠭᠠᠳᠤ ᠵᠢ ᠬᠠᠮᠠᠭᠠᠯᠠᠬᠤ ᠲᠤᠪᠴᠢᠶ᠎ᠠ ᠵᠢᠨ ᠵᠠᠮ ᠬᠠᠷᠢᠯᠴᠠᠭᠠᠨ ᠤ᠋ ᠬᠠᠮᠢᠶᠠᠷᠤᠯᠳᠠ ᠵᠢᠨ ᠰᠠᠯᠪᠤᠷᠢ ᠠᠩᠬᠢ ᠡᠴᠨ ᠤᠢᠯᠠᠭᠠᠬᠰᠠᠨ ᠵᠢᠡᠷ᠂ ᠤᠯᠤᠰ ᠤ᠋ᠨ ᠨᠢᠬᠡᠳᠦᠯᠳᠡᠢ ᠰᠢᠯᠭᠠᠯᠳᠠ ᠵᠢᠨ ᠬᠤᠭᠤᠴᠠᠭᠠᠨᠳᠤ ᠬᠦᠬᠡᠬᠤᠳᠠ ᠵᠢᠨ ᠲᠤᠳᠤᠭᠠᠳᠤ ᠵᠢ ᠬᠠᠮᠠᠭᠠᠯᠠᠬᠤ ᠲᠤᠪᠴᠢᠶ᠎ᠠ ᠵᠢᠨ ᠵᠠᠮ ᠬᠠᠷᠢᠯᠴᠠᠭᠠᠨ ᠤ᠋ ᠬᠠᠮᠢᠶᠠᠷᠤᠯᠳᠠ ᠵᠢᠨ ᠰᠠᠯᠪᠤᠷᠢ ᠠᠩᠬᠢ ᠤᠷᠢᠳᠴᠢᠯᠠᠨ ᠵᠠᠮ ᠬᠠᠷᠢᠯᠴᠠᠭ᠎ᠠ ᠵᠢ ᠪᠠᠳᠤᠯᠠᠬᠤ ᠠᠵᠢᠯ ᠢ᠋ ᠰᠠᠢᠳᠤᠷ ᠬᠢᠵᠦ᠂ ᠰᠢᠯᠭᠠᠭᠤᠯᠤᠬᠴᠢ ᠵᠢ ᠬᠦᠷᠬᠡᠵᠦ ᠲᠤᠰᠬᠤ ᠮᠠᠰᠢᠨ ᠲᠡᠷᠬᠡ ᠵᠢᠨ ᠤᠷᠤᠬᠰᠢᠳᠠᠢ ᠨᠡᠪᠳᠡᠷᠡᠬᠦ ᠵᠢ ᠪᠠᠳᠤᠯᠠᠬᠤ ᠵᠢᠨ ᠲᠦᠯᠦᠭᠡ 1.8 ᠲᠦᠮᠡᠨ ᠵᠤᠷᠪᠤᠰ《ᠨᠤᠭᠤᠭᠠᠨ ᠪᠦᠴᠡ》 ᠪᠡᠯᠡᠳᠬᠡᠵᠦ᠂ ᠮᠠᠰᠢᠨ ᠲᠡᠷᠬᠡ ᠵᠢᠯᠤᠭᠤᠳᠴᠤ ᠰᠢᠯᠭᠠᠭᠤᠯᠤᠬᠴᠢ ᠵᠢ ᠬᠦᠷᠬᠡᠵᠦ ᠲᠤᠰᠬᠤᠳᠤ ᠲᠦᠭᠦᠮ ᠦᠵᠡᠬᠦᠯᠵᠥ ᠪᠤᠢ᠃
ᠤᠢᠯᠠᠭᠠᠬᠰᠠᠨ ᠵᠢᠡᠷ᠂ ᠬᠡᠷ ᠤ᠋ᠨ ᠠᠬᠠᠮᠠᠳ ᠪᠤᠶᠤ ᠰᠢᠯᠭᠠᠭᠤᠯᠤᠬᠴᠢ ᠵᠢ ᠬᠦᠷᠬᠡᠵᠦ ᠲᠤᠰᠬᠤ ᠬᠦᠮᠦᠰ ᠬᠤᠪᠢ ᠬᠥᠮᠥᠨᠤ ᠪᠡᠶ᠎ᠡ ᠵᠢᠨ ᠦᠨᠡᠮᠯᠡᠯ ᠵᠢᠡᠨ ᠠᠪᠴᠤ ᠰᠢᠯᠭᠠᠯᠳᠠ ᠵᠢᠨ ᠲᠠᠯᠠᠪᠠᠢ ᠵᠢᠨ ᠤᠢᠷᠠᠯᠴᠠᠭᠠᠬᠢ ᠵᠠᠮ ᠬᠠᠷᠢᠯᠴᠠᠭᠠᠨ ᠤ᠋ ᠴᠠᠬᠳᠠᠭ᠎ᠠ ᠵᠢᠨ ᠬᠠᠷᠠᠭᠤᠯ ᠤ᠋ᠨ ᠭᠠᠵᠠᠷ᠂ ᠦᠪᠦᠷ ᠮᠤᠩᠭᠤᠯ ᠪᠠᠩᠬᠢ ᠵᠢᠨ ᠡᠯ᠎ᠡ ᠰᠦᠯᠵᠢᠶᠡᠨ ᠤ᠋ ᠴᠡᠭ ᠪᠤᠶᠤ ᠬᠦᠬᠡᠬᠤᠳᠠ ᠵᠢᠨ ᠲᠤᠳᠤᠭᠠᠳᠤ ᠵᠢ ᠬᠠᠮᠠᠭᠠᠯᠠᠬᠤ ᠲᠤᠪᠴᠢᠶ᠎ᠠ ᠵᠢᠨ ᠵᠠᠮ ᠬᠠᠷᠢᠯᠴᠠᠭᠠᠨᠤ ᠬᠠᠮᠢᠶᠠᠷᠤᠯᠳᠠ ᠵᠢᠨ ᠰᠠᠯᠪᠤᠷᠢ ᠠᠩᠬᠢ ᠳ᠋ᠤ ᠬᠦᠷᠴᠦ ᠳᠤᠰ 《ᠨᠤᠭᠤᠭᠠᠨ ᠪᠦᠴᠡ》ᠵᠢ ᠠᠪᠴᠤ ᠪᠤᠯᠤᠨ᠎ᠠ᠃ ᠬᠦᠬᠡᠬᠤᠳᠠ ᠵᠢᠨ ᠲᠤᠳᠤᠭᠠᠳᠤ ᠵᠢ ᠬᠠᠮᠠᠭᠠᠯᠠᠬᠤ ᠲᠤᠪᠴᠢᠶ᠎ᠠ ᠵᠢᠨ ᠵᠠᠮ ᠬᠠᠷᠢᠯᠴᠠᠭᠠᠨᠤ ᠬᠠᠮᠢᠶᠠᠷᠤᠯᠳᠠ ᠵᠢᠨ ᠰᠠᠯᠠᠭ᠎ᠠ ᠮᠦᠴᠢᠷ ᠨᠢᠬᠡᠨᠳᠡ ᠲᠠᠷᠠᠭᠠᠯᠠᠨ 11 ᠵᠢᠯ ᠨᠤᠭᠤᠭᠠᠨ ᠪᠦᠴᠡ ᠪᠡᠷ ᠤᠯᠤᠰ ᠤ᠋ᠨ ᠨᠢᠬᠡᠳᠦᠯᠳᠡᠢ ᠰᠢᠯᠭᠠᠯᠳᠠ ᠳ᠋ᠤ ᠬᠦᠴᠦᠨ ᠨᠡᠮᠡᠷᠢᠯᠡᠬᠦ ᠠᠵᠢᠯᠯᠠᠭ᠎ᠠ ᠦᠷᠨᠢᠬᠦᠯᠵᠦ᠂ ᠰᠢᠯᠭᠠᠭᠤᠯᠤᠬᠴᠢ ᠵᠢ ᠬᠦᠷᠬᠡᠵᠦ ᠲᠤᠰᠬᠤ ᠬᠡᠷ ᠤ᠋ᠨ ᠠᠬᠠᠮᠠᠳ ᠨᠤᠭᠤᠭᠠᠨ ᠪᠦᠴᠡ ᠵᠢ ᠮᠠᠰᠢᠨ ᠲᠡᠷᠬᠡᠨ ᠲᠡᠭᠡᠷ᠎ᠡ ᠪᠠᠨ ᠤᠶᠠᠵᠤ᠂ ᠰᠢᠯᠭᠠᠭᠤᠯᠤᠬᠴᠢ ᠵᠢ ᠬᠦᠷᠬᠡᠬᠦ ᠵᠠᠮ ᠲᠡᠭᠡᠷ᠎ᠡ ᠡᠯ᠎ᠡ ᠵᠠᠮ ᠤ᠋ᠨ ᠠᠭᠤᠯᠵᠠᠷ ᠤ᠋ᠨ ᠵᠠᠮ ᠬᠠᠷᠢᠯᠴᠠᠭᠠᠨ ᠤ᠋ ᠴᠠᠬᠳᠠᠭ᠎ᠠ ᠨᠠᠷ ᠨᠤᠭᠤᠭᠠᠨ ᠪᠦᠴᠡ ᠲᠠᠢ ᠮᠠᠰᠢᠨ ᠲᠡᠷᠬᠡ ᠵᠢ ᠤᠯᠵᠤ ᠦᠵᠡᠪᠡᠯ ᠤᠷᠢᠳᠠᠪᠡᠷ ᠨᠡᠪᠳᠡᠷᠡᠭᠦᠯᠵᠦ᠂ ᠰᠢᠯᠭᠠᠭᠤᠯᠤᠬᠴᠢ ᠵᠢᠨ ᠴᠠᠬ ᠲᠠᠭᠠᠨ ᠰᠢᠯᠭᠠᠯᠳᠠ ᠵᠢᠨ ᠲᠠᠯᠠᠪᠠᠢ ᠳ᠋ᠤ ᠬᠦᠷᠬᠦ ᠵᠢ ᠪᠠᠳᠤᠯᠠᠵᠥ ᠪᠤᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠤᠶᠤᠯᠲᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃