ᠤᠯᠤᠰ᠎ᠤᠨ ᠰᠢᠯᠭᠠᠯᠲᠠ > ᠨᠢᠭᠡᠲᠦᠯᠲᠡᠢ ᠰᠢᠯᠭᠠᠯᠲᠠ᠎ᠶ᠋ᠢᠨ ᠬᠠᠯᠠᠭᠤᠨ ᠮᠡᠳᠡᠭᠡ

2022-06-08 09:52:42

ᠵᠣᠬᠢᠶᠠᠭ᠍ᠴᠢ᠄ ​ᠰᠢᠨᠡᠪᠢᠯᠢᠭ ᠣᠩᠱᠢᠭ᠍ᠰᠠᠨ ᠣᠳᠠᠭ᠎ᠠ᠄ 3

ᠤᠯᠤᠰ ᠤ᠋ᠨ ᠨᠢᠬᠡᠳᠦᠯᠳᠡᠢ ᠰᠢᠯᠭᠠᠯᠳᠠ ᠵᠢᠨ ᠠᠡᠭᠬᠠᠨ᠎ᠤ ᠡᠳᠦᠷ᠂ ᠰᠢᠯᠭᠠᠭᠤᠯᠤᠬᠰᠠᠳ ᠤᠷᠭᠤᠬᠤ ᠨᠠᠷᠠᠨ ᠢ᠋ ᠤᠬᠳᠤᠨ ᠰᠢᠯᠭᠠᠯᠳᠠ ᠵᠢᠨ ᠲᠠᠯᠠᠪᠠᠢ ᠵᠢ ᠵᠤᠷᠢᠨ᠎ᠠ᠃ 6 ᠰᠠᠷ᠎ᠠ ᠵᠢᠨ 7 ᠤ᠋ ᠦᠳᠡ᠎ᠶ᠋ᠢᠨ ᠡᠮᠦᠨᠡᠬᠢ 8 ᠴᠠᠭ 46 ᠮᠢᠨᠦ᠋ᠲ᠎ᠦᠨ ᠦᠶ᠎ᠡ᠎ᠪᠡᠷ ᠂ ᠬᠥᠬᠡᠬᠣᠲᠠ᠎ᠶ᠋ᠢᠨ ᠨᠢᠭᠡᠨ ᠱᠢᠯᠭᠠᠭᠤᠯᠤᠭ᠍ᠴᠢ ᠰᠡᠩᠳᠡ ᠮᠡᠩᠳᠡ ᠲᠦᠷᠢᠶᠡᠰᠦᠨ ᠮᠠᠱᠢᠨ ᠲᠡᠷᠭᠡᠨ᠎ᠡᠴᠡ ᠪᠠᠭᠤᠵᠤ ᠢᠷᠡᠭᠡᠳ᠂ ᠡᠮᠦᠨ᠎ᠡ ᠬᠣᠶᠠᠳᠤᠭᠠᠷ ᠲᠤᠭᠤᠷᠢᠯ ᠵᠠᠮ ᠪᠣᠯᠤᠨ ᠵᠣᠣ ᠤᠳᠠ ᠡᠮᠥᠨ᠎ᠠ ᠵᠠᠮ᠎ᠤᠨ ᠠᠭᠤᠯᠵᠠᠷ᠎ᠲᠤ ᠵᠢᠵᠢᠭᠦᠷᠯᠡᠵᠦ ᠪᠠᠢᠭ᠎ᠠ ᠬᠥᠬᠡᠬᠣᠲᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ᠎ᠶ᠋ᠢᠨ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠰᠠᠯᠪᠤᠷᠢ ᠠᠩᠭᠢ᠎ᠶ᠋ᠢᠨ ᠰᠠᠢᠬᠠᠨ ᠶᠡᠬᠡ ᠠᠩᠭᠢ᠎ᠶ᠋ᠢᠨ ᠲᠤᠰᠠᠯᠠᠬᠤ ᠴᠠᠭ᠍ᠳᠠᠭ᠎ᠠ ᠶᠠᠩ ᠰᠢᠶᠤᠤ ᠪᠢᠨ ᠡᠴᠨ ᠲᠤᠰᠠᠯᠠᠮᠵᠢ ᠬᠥᠰᠡᠵᠥ᠂ ᠱᠢᠯᠭᠠᠯᠲᠠ᠎ᠶ᠋ᠢᠨ ᠲᠠᠯᠠᠪᠠᠶ ᠨᠢ ᠬᠣᠲᠣᠩ ᠠᠷᠠᠳ᠎ᠤᠨ ᠲᠣᠭᠣᠷᠢᠭ᠎ᠤᠨ ᠠᠷᠪᠠᠨ ᠵᠢᠷᠭᠤᠳ᠋ᠤᠭᠠᠷ ᠳᠤᠮᠳᠠᠳᠤ ᠰᠤᠷᠭᠠᠭᠤᠯᠢ ᠳ᠋ᠤ ᠪᠠᠢᠵᠤ᠂ ᠵᠠᠮ ᠬᠠᠷᠢᠯᠴᠠᠭᠠᠨ᠎ᠤ ᠲᠥᠭᠵᠢᠷᠡᠯ᠎ᠤᠨ ᠤᠷᠬᠢᠯ ᠦᠶ᠎ᠡ ᠪᠤᠯᠬᠤᠷ ᠲᠦᠷᠢᠶᠡᠰᠦᠨ ᠮᠠᠱᠢᠨ ᠳ᠋ᠤ ᠰᠠᠭᠤᠪᠠᠯ ᠱᠢᠯᠭᠠᠯᠲᠠ᠎ᠶ᠋ᠢᠨ ᠲᠠᠯᠠᠪᠠᠶ᠎ᠳᠤ ᠴᠠᠭ᠎ᠲᠠᠭᠠᠨ ᠬᠦᠷᠴᠦ᠍ ᠳᠡᠢᠯᠬᠦ᠌ ᠥᠬᠡᠶ ᠡᠴᠨ ᠰᠠᠨᠠᠭ᠎ᠠ ᠪᠤᠯᠵᠥ ᠪᠠᠢᠨ᠎ᠠ ᠭᠡᠵᠡᠶ᠃ ᠶᠠᠩ ᠱᠢᠶᠤᠤ ᠪᠢᠨ ᠲᠡᠷᠡ ᠳᠠᠷᠤᠶ᠎ᠳᠤᠨᠢ ᠵᠠᠮ ᠳᠠᠭᠠᠤ᠎ᠶ᠋ᠢᠨ ᠴᠠᠬᠳᠠᠭ᠎ᠠ ᠨᠠᠷ ᠲᠠᠢ ᠬᠠᠷᠢᠯᠴᠠᠵᠤ ᠵᠠᠮ᠎ᠤᠨ ᠲᠤᠬᠢᠶᠠᠨ ᠳ᠋ᠸᠩ ᠢ᠋ ᠡᠵᠡᠮᠳᠡᠨ ᠨᠡᠪᠳᠡᠷᠡᠬᠦᠯᠵᠦ᠂ ᠴᠠᠭ᠍ᠳᠠᠭᠠᠨ᠎ᠤ ᠮᠣᠲ᠋ᠣᠷ ᠲᠡᠷᠭᠡ᠎ᠤᠨᠤᠵᠦ ᠰᠢᠯᠭᠠᠯᠳᠠ ᠵᠢᠨ ᠲᠠᠯᠠᠪᠠᠢ ᠵᠢ ᠵᠤᠷᠢᠪᠠ᠃ ᠵᠠᠮ ᠳᠠᠭᠠᠤ ᠶᠠᠷᠢᠯᠴᠠᠭᠤᠷ᠎ᠢᠶᠠᠷ ᠬᠣᠯᠪᠣᠭ᠎ᠠ ᠠᠪᠴᠤ᠌ ᠰᠠᠭᠠᠳ ᠥᠬᠡᠶ ᠨᠡᠪᠳᠡᠷᠡᠬᠦ ᠵᠢ ᠪᠠᠳᠤᠯᠠᠵᠦ᠂ ᠤᠤᠯ᠎ᠤᠨ 30 ᠭᠠᠷᠤᠶ ᠮᠢᠨᠦ᠋ᠲ ᠬᠡᠷᠡᠭ᠌ᠰᠡᠬᠦ᠌ ᠵᠠᠮ᠎ᠢ 15 ᠮᠢᠨᠦ᠋ᠲ ᠬᠡᠷᠡᠭᠰᠡᠨ ᠲᠤᠰ ᠱᠢᠯᠭᠠᠭᠤᠯᠤᠭ᠍ᠴᠢ᠎ᠶ᠋ᠢ ᠱᠢᠯᠭᠠᠯᠲᠠ ᠡᠬᠢᠯᠡᠬᠦ᠌᠎ᠡᠴᠡ ᠡᠮᠦᠨ᠎ᠡ ᠱᠢᠯᠭᠠᠯᠲᠠ᠎ᠶ᠋ᠢᠨ ᠲᠠᠯᠠᠪᠠᠶ᠎ᠳᠤᠨᠢ ᠬᠦᠷᠭᠡᠪᠡ᠃

ᠦᠳᠡ᠎ᠶ᠋ᠢᠨ ᠡᠮᠦᠨᠡᠬᠢ 7 ᠴᠠᠭ 50 ᠮᠢᠨᠦ᠋ᠲ᠎ᠦᠨ ᠦᠶ᠎ᠡ᠎ᠪᠡᠷ᠂ ᠬᠥᠬᠡᠬᠣᠲᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ᠎ᠶ᠋ᠢᠨ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠰᠠᠯᠪᠤᠷᠢ ᠠᠩᠭᠢ᠎ᠶ᠋ᠢᠨ ᠰᠠᠢᠬᠠᠨ ᠶᠡᠬᠡ ᠠᠩᠭᠢ᠎ᠶ᠋ᠢᠨ ᠴᠠᠭ᠍ᠳᠠᠭ᠎ᠠ ᠦᠪᠦᠷ ᠮᠤᠩᠭᠤᠯ ᠤ᠋ᠨ ᠪᠠᠭ᠍ᠰᠢ᠎ᠶ᠋ᠢᠨ ᠶᠡᠬᠡ ᠰᠤᠷᠭᠠᠭᠤᠯᠢ᠎ᠶ᠋ᠢᠨ ᠬᠠᠷᠢᠶᠠᠲᠤ ᠳᠤᠮᠳᠠᠳᠤ ᠰᠤᠷᠭᠠᠭᠤᠯᠢ᠎ᠶ᠋ᠢᠨ ᠱᠢᠯᠭᠠᠯᠲᠠ᠎ᠶ᠋ᠢᠨ ᠴᠡᠭ᠎ᠲᠦ ᠵᠠᠮ ᠬᠠᠷᠢᠯᠴᠠᠭᠠᠨ᠎ᠤ ᠡᠮᠬᠢ ᠵᠢᠷᠤᠮ᠎ᠢ ᠬᠠᠮᠠᠭᠠᠯᠠᠵᠤ ᠪᠠᠢᠬᠤ ᠳ᠋ᠤ᠂ ᠬᠦᠷᠳᠦᠲᠦ ᠰᠠᠨᠳᠠᠯᠢ ᠳᠡᠭᠡᠷ᠎ᠡ ᠰᠠᠭᠤᠬᠰᠠᠨ《ᠣᠨᠴᠠᠭᠠᠶ ᠱᠢᠯᠭᠠᠭᠤᠯᠤᠭ᠍ᠴᠢ》ᠲᠡᠳᠡᠨ᠎ᠦ ᠠᠩᠬᠠᠷᠤᠯ᠎ᠢ ᠲᠠᠲᠠᠪᠠ᠃ ᠲᠤᠰ ᠰᠢᠯᠭᠠᠭᠤᠯᠤᠬᠴᠢ᠎ᠶᠢᠨ ᠪᠠᠢᠳᠠᠯ᠎ᠢ ᠮᠡᠳᠡᠮᠡᠭᠴᠡ ᠳᠠᠷᠤᠶ ᠲᠦᠷᠭᠡᠨ ᠬᠠᠵᠠᠭᠤ ᠳ᠋ᠤᠨᠢ ᠬᠦᠷᠴᠦ᠂ ᠱᠢᠯᠭᠠᠭᠤᠯᠤᠭ᠍ᠴᠢ᠎ᠶ᠋ᠢ ᠬᠠᠪᠰᠤᠷᠤᠨ ᠪᠡᠶ᠎ᠡ᠎ᠶ᠋ᠢᠨ ᠬᠠᠯᠠᠭᠤᠨ᠎ᠤ ᠪᠠᠢᠴᠠᠭᠠᠯᠲᠠ ᠬᠢᠯᠭᠡᠵᠦ᠂ ᠱᠢᠯᠭᠠᠭᠤᠯᠤᠭ᠍ᠴᠢ᠎ᠶ᠋ᠢ ᠵᠠᠮ ᠲᠤᠵᠢ ᠬᠠᠪᠰᠤᠷᠤᠨ ᠬᠠᠮᠠᠭᠠᠯᠠᠨ ᠱᠢᠯᠭᠠᠯᠲᠠ᠎ᠶ᠋ᠢᠨ ᠲᠠᠯᠠᠪᠠᠢ ᠳ᠋ᠤᠨᠢ ᠬᠦᠷᠬᠡᠪᠠ᠃ ᠲᠣᠰ ᠵᠠᠮ ᠬᠠᠷᠢᠯᠴᠠᠭᠠᠨ᠎ᠤ ᠴᠠᠭ᠍ᠳᠠᠭ᠎ᠠ᠄《ᠤᠯᠤᠰ ᠤ᠋ᠨ ᠨᠢᠬᠡᠳᠦᠯᠳᠡᠢ ᠰᠢᠯᠭᠠᠯᠳᠠ ᠪᠤᠯ ᠰᠤᠷᠤᠬᠴᠢᠳ᠎ᠤᠨ ᠠᠮᠢᠳᠤᠷᠠᠯ᠎ᠤᠨ ᠤᠷᠳᠤ ᠠᠶᠠᠨ ᠳ᠋ᠡᠬᠢ ᠶᠡᠬᠡ ᠶᠠᠪᠤᠳᠠᠯ ᠮᠥᠨ᠂ ᠪᠢᠳᠡ ᠪᠤᠳᠠᠳᠤ ᠠᠵᠢᠯᠯᠠᠭ᠎ᠠ ᠪᠡᠷ ᠵᠢᠡᠨ ᠰᠤᠷᠤᠬᠴᠢᠳ ᠢ᠋ ᠬᠠᠪᠰᠤᠷᠴᠤ ᠪᠠᠢᠭ᠎ᠠ ᠳ᠋ᠠᠭᠠᠨ ᠪᠠᠶᠠᠷᠳᠠᠢ ᠪᠠᠢᠨ᠎ᠠ》 ᠬᠡᠵᠦ ᠶᠠᠷᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面