ᠤᠯᠤᠰ᠎ᠤᠨ ᠰᠢᠯᠭᠠᠯᠲᠠ > ᠨᠢᠭᠡᠲᠦᠯᠲᠡᠢ ᠰᠢᠯᠭᠠᠯᠲᠠ᠎ᠶ᠋ᠢᠨ ᠬᠠᠯᠠᠭᠤᠨ ᠮᠡᠳᠡᠭᠡ

2022-06-07 17:35:27

ᠵᠣᠬᠢᠶᠠᠭ᠍ᠴᠢ᠄ ᠪᠤᠤ ᠴᠢᠩ ᠱᠸᠩ᠂ ᠸ·ᠭᠡᠷᠡᠯᠳᠦ᠂ ᠨᠠᠪᠴᠢ᠂ ᠪᠢᠯᠢᠭᠪᠡᠭᠠᠳᠤᠷ᠂ ᠳᠡᠭᠦᠰᠪᠢᠯᠢᠭ᠂ ᠸᠠᠩ ᠲᠠᠨ᠎ᠠ ᠣᠩᠱᠢᠭ᠍ᠰᠠᠨ ᠣᠳᠠᠭ᠎ᠠ᠄ 3

ᠮᠠᠨ᠎ᠤ ᠤᠷᠤᠨ᠎ᠤ 14.5ᠳᠦᠮᠠᠨ ᠰᠢᠯᠭᠠᠭᠤᠯᠤᠭᠴᠢ ᠡᠨᠡ ᠡᠳᠦᠷ ᠤᠯᠤᠰ᠎ᠤᠨ ᠨᠢᠭᠡᠳᠦᠯᠳᠠᠢ ᠰᠢᠯᠭᠠᠯᠳᠠ ᠳ᠋ᠦ ᠤᠷᠤᠯᠴᠠᠵᠠᠢ


6 ᠰᠠᠷ᠎ᠠ᠎ᠶᠢᠨ 7᠎ᠤ᠋ ᠡᠳᠦᠷ᠂ 2022 ᠣᠨ᠎ᠤ ᠶᠡᠬᠡ ᠳᠡᠭᠡᠳᠦ ᠰᠤᠷᠭᠠᠭᠤᠯᠢ᠎ᠳᠤ ᠰᠤᠷᠤᠭᠴᠢ ᠡᠯᠰᠡᠬᠦ ᠤᠯᠤᠰ᠎ᠤᠨ ᠨᠢᠭᠡᠳᠦᠯᠲᠡᠢ ᠰᠢᠯᠭᠠᠯᠲᠠ ᠡᠬᠢᠯᠡᠯ᠎ᠠ᠃

ᠡᠨᠡ ᠵᠢᠯ᠂ ᠮᠠᠨ᠎ᠤ ᠣᠷᠣᠨ᠎ᠤ ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ ᠤᠯᠤᠰ᠎ᠤᠨ ᠨᠢᠭᠡᠳᠦᠯᠲᠡᠢ ᠰᠢᠯᠭᠠᠯᠲᠠ ᠳ᠋ᠸ᠋ ᠨᠡᠷ᠎ᠡ ᠮᠡᠳᠡᠬᠦᠯᠦᠭᠰᠡᠳ18.5 ᠲᠦᠮᠡ᠎ᠳᠦ ᠬᠦᠷᠴᠦ᠂ᠡᠬᠥᠨ᠎ᠳᠤ᠂ ᠳᠡᠭᠡᠳᠦ ᠵᠡᠷᠭᠡ᠎ᠶᠢᠨ ᠠᠵᠢᠯ ᠮᠡᠷᠭᠡᠵᠢᠯ᠎ᠦᠨ ᠰᠤᠷᠭᠠᠭᠤᠯᠢ ᠵᠢᠨ ᠳᠤᠰᠠᠭᠠᠷ ᠡᠯᠰᠡᠬᠦ ᠰᠢᠯᠭᠠᠯᠳᠠ ᠳ᠋ᠤ ᠤᠷᠤᠯᠴᠠᠭᠰᠠᠨ 4 ᠲᠦᠮᠡ ᠭᠠᠷᠤᠢ ᠰᠤᠷᠤᠭᠴᠢ ᠡᠴᠡ ᠭᠠᠳᠠᠨ᠎ᠠ 14.5 ᠲᠦᠮᠡᠨ ᠰᠤᠷᠤᠭᠴᠢ ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ ᠤᠯᠤᠰ᠎ᠤᠨ ᠨᠢᠭᠡᠳᠦᠯᠲᠡᠢ ᠰᠢᠯᠭᠠᠯᠲᠠ᠎ᠳᠤ ᠤᠷᠤᠯᠴᠠᠨ᠎ᠠ᠃


微信图片_20220607121211.jpg

ᠪᠥᠬᠥ ᠣᠷᠣᠨ᠎ᠳᠤ ᠨᠡᠶ᠋ᠢᠲᠡ 105 ᠰᠢᠯᠭᠠᠯᠲᠠ᠎ᠶᠢᠨ ᠲᠣᠭᠣᠷᠢᠭ᠋᠂ 175 ᠡᠩ᠎ᠦᠨ ᠰᠢᠯᠭᠠᠯᠲᠠ᠎ᠶᠢᠨ ᠴᠡᠭ᠂ 5141 ᠡᠩ᠎ᠦᠨ ᠰᠢᠯᠭᠠᠯᠲᠠ᠎ᠶᠢᠨ ᠲᠠᠯᠠᠪᠠᠢ᠂ 155 ᠪᠡᠯᠡᠳᠬᠡᠯ ᠰᠢᠯᠭᠠᠯᠲᠠ᠎ᠶᠢᠨ ᠴᠡᠭ᠂ 666 ᠪᠡᠯᠡᠳᠬᠡᠯ ᠲᠤᠰᠠᠭᠠᠷᠯᠠᠯ ᠎ᠤᠨ ᠰᠢᠯᠭᠠᠯᠲᠠ᠎ᠶᠢᠨ ᠲᠠᠯᠠᠪᠠᠢ ᠭᠠᠷᠭᠠᠵᠤ᠂ ᠰᠢᠯᠭᠠᠯᠲᠠ᠎ᠶᠢ ᠴᠥᠮ ᠪᠠᠷᠢᠮᠵᠢᠶᠠᠵᠢᠭᠤᠯᠤᠭᠰᠠᠨ ᠰᠢᠯᠭᠠᠯᠲᠠ᠎ᠶᠢᠨ ᠲᠠᠯᠠᠪᠠᠢ ᠳ᠋ᠤ ᠶᠠᠪᠤᠭᠳᠠᠭᠤᠯᠤᠨ᠎ᠠ᠃

考完.jpg

ᠬᠦᠬᠡᠬᠤᠳᠠ᠄ ᠡᠨᠡ ᠵᠢᠯ ᠤᠯᠤᠰ᠎ᠤᠨ ᠨᠢᠭᠡᠳᠦᠯᠳᠠᠢ ᠰᠢᠯᠭᠠᠯᠳᠠ ᠳ᠋ᠦ ᠨᠡᠷ᠎ᠠ ᠮᠡᠳᠡᠭᠦᠯᠦᠭᠰᠡᠨ ᠭᠦᠮᠦᠨ᠎ᠤ ᠳᠤᠭ᠎ᠠ 23611 ᠭᠦᠮᠦᠨ᠂ ᠨᠢᠳᠤᠨᠤᠨ᠎ᠤ ᠡᠴᠡ 2873 ᠭᠦᠮᠦᠨ ᠬᠠᠰᠤᠭᠳᠠᠵᠤ᠂ ᠤᠯᠤᠰ᠎ᠤᠨ ᠰᠢᠯᠭᠠᠯᠳᠠ ᠳ᠋ᠦ ᠤᠷᠤᠯᠴᠠᠭᠰᠠᠨ ᠭᠦᠮᠦᠨ᠎ᠤ ᠳᠤᠭ᠎ᠠ 17697 ᠭᠦᠮᠦᠨ ᠪᠤᠯᠵᠠᠢ᠃ ᠡᠨᠡ ᠵᠢᠯ ᠭᠦᠭᠡᠬᠤᠳᠠ ᠨᠡᠢᠳᠠ 9 ᠰᠢᠯᠭᠠᠯᠳᠠ ᠵᠢᠨ ᠳᠤᠭᠤᠷᠢᠭ᠂ 20 ᠰᠢᠯᠭᠠᠯᠳᠠ ᠵᠢᠨ ᠴᠡᠭ᠂ 611 ᠰᠢᠯᠭᠠᠯᠳᠠ ᠵᠢᠨ ᠳᠠᠯᠠᠪᠠᠢ ᠳᠤᠭᠢᠷᠠᠭᠤᠯᠤᠭᠰᠠᠨ ᠪᠠᠢᠨ᠎ᠠ᠃


考完4.jpg

娜6.jpg


娜3.jpg


娜4.jpg


ᠪᠤᠭᠤᠲᠤ ᠬᠤᠳᠠ᠄ ᠡᠨᠡ ᠵᠢᠯ ᠤᠯᠤᠰ᠎ᠤᠨ ᠰᠢᠯᠭᠠᠯᠳᠠ ᠳ᠋ᠤ ᠨᠡᠷ᠎ᠠ ᠮᠡᠳᠡᠭᠦᠯᠦᠭᠰᠡᠨ ᠬᠦᠮᠦᠨ᠎ᠤ ᠲᠤᠭ᠎ᠠ 15724 ᠬᠦᠮᠦᠨ ᠪᠠᠢᠵᠦ᠂ ᠤᠯᠤᠰ᠎ᠤᠨ ᠰᠢᠯᠭᠠᠯᠳᠠ ᠵᠢᠨ ᠨᠢᠭᠡᠳᠦᠯᠳᠠᠢ ᠰᠢᠯᠭᠠᠯᠳᠠ ᠳ᠋ᠤ ᠤᠷᠤᠯᠴᠠᠬᠰᠠᠨ ᠬᠦᠮᠦᠨ᠎ᠤ ᠲᠤᠭ᠎ᠠ 12409 ᠬᠦᠮᠦᠨ ᠪᠠᠢᠨ᠎ᠠ᠃ ᠪᠦᠬᠦ ᠬᠤᠳᠠ ᠪᠡᠷ ᠵᠢᠡᠨ 10 ᠰᠢᠯᠭᠠᠯᠳᠠ ᠵᠢᠨ ᠲᠤᠭᠤᠷᠢᠭ ᠭᠠᠷᠭᠠᠵᠦ᠂ ᠨᠡᠢᠳᠡ 16 ᠰᠢᠯᠭᠠᠯᠳᠠ ᠵᠢᠨ ᠴᠡᠭ᠂ 431 ᠵᠢᠩᠬᠢᠨᠢ ᠰᠢᠯᠭᠠᠯᠳᠠ ᠵᠢᠨ ᠲᠠᠯᠠᠪᠤᠷ ᠪᠤᠯᠤᠨ 48 ᠪᠡᠯᠡᠳᠬᠡᠯ ᠲᠤᠰᠠᠭᠠᠷᠯᠠᠬᠰᠠᠨ ᠰᠢᠯᠭᠠᠯᠳᠠ ᠵᠢᠨ ᠲᠠᠯᠠᠪᠤᠷ ᠭᠠᠷᠭᠠᠵᠦ᠂ ᠰᠢᠯᠭᠠᠯᠳᠠ ᠨᠢ ᠪᠦᠷ ᠪᠠᠷᠢᠮᠵᠢᠶᠠᠵᠢᠬᠰᠠᠨ ᠰᠢᠯᠭᠠᠯᠳᠠ ᠵᠢᠨ ᠲᠠᠯᠠᠪᠤᠷ ᠲᠦ᠍ ᠶᠠᠪᠤᠬᠳᠠᠬᠰᠠᠨ ᠪᠠᠢᠨ᠎ᠠ᠃


IMG_0058.JPG

IMG_7292(20220607-084506).JPG


ᠰᠢᠯᠢ ᠵᠢᠨ ᠭᠤᠤᠯ ᠠᠢᠮᠠᠭ᠄ 2022 ᠤᠨ᠎ᠤ ᠶᠡᠬᠡ ᠲᠡᠭᠡᠳᠤ ᠰᠤᠷᠭᠠᠭᠤᠯᠢ ᠵᠢᠨ ᠤᠯᠤᠰ᠎ᠤᠨ ᠨᠢᠭᠡᠳᠦᠯᠳᠡᠢ ᠰᠢᠯᠭᠠᠯᠳᠠ ᠳ᠋ᠤ ᠨᠡᠢᠳᠡ 6176 ᠬᠦᠮᠦᠨ ᠤᠷᠤᠯᠴᠠᠪᠠ᠃ ᠪᠦᠬᠦ ᠠᠢᠮᠠᠭ᠎ᠤᠨ 13 ᠬᠤᠰᠢᠭᠤ ᠰᠢᠶᠠᠨ ᠬᠤᠳᠠ (ᠲᠤᠭᠤᠷᠢᠭ)᠎ᠲᠦ ᠨᠡᠢᠳᠡ 15 ᠰᠢᠯᠭᠠᠯᠳᠠ ᠵᠢᠨ ᠴᠡᠭ ᠲᠤᠬᠢᠷᠠᠭᠤᠯᠵᠤ᠂ ᠡᠨᠡ ᠨᠢ 269 ᠰᠢᠯᠭᠠᠯᠳᠠ ᠵᠢᠨ ᠲᠠᠯᠠᠪᠠᠢ ᠪᠤᠯᠤᠨ 60 ᠳᠤᠰᠠᠭ᠋ᠠᠷᠯᠠᠬᠤ ᠪᠡᠯᠡᠳᠭᠡᠯ ᠰᠢᠯᠭᠠᠯᠳᠠ ᠵᠢᠨ ᠲᠠᠯᠠᠪᠠᠢ ᠵᠢ ᠪᠠᠭᠳᠠᠭᠠᠵᠤ ᠪᠠᠢᠨ᠎ᠠ᠃

6 ᠰᠠᠷ᠎ᠠ ᠵᠢᠨ 6᠎ᠤ ᠡᠳᠦᠷ᠎ᠤᠨ ᠦᠳᠡ ᠪᠤᠯᠳᠠᠯ᠎ᠠ᠂ ᠲᠤᠰ ᠠᠢᠮᠠᠭ ᠨᠡᠢᠳᠡ 13 ᠪᠡᠯᠡᠳᠭᠡᠯ ᠰᠢᠯᠭᠠᠯᠳᠠ ᠵᠢᠨ ᠴᠡᠭ ᠪᠠ 312 ᠪᠡᠯᠡᠳᠭᠡᠯ ᠰᠢᠯᠭᠠᠯᠳᠠ ᠵᠢᠨ ᠲᠠᠯᠠᠪᠠᠢ ᠲᠤᠬᠢᠷᠠᠭᠤᠯᠵᠤ᠂ ᠪᠡᠯᠡᠳᠭᠡᠯ ᠰᠢᠯᠭᠠᠯᠳᠠ ᠵᠢᠨ ᠴᠡᠭ ᠪᠠ ᠪᠡᠯᠡᠳᠭᠡᠯ ᠰᠢᠯᠭᠠᠯᠳᠠ ᠵᠢᠨ ᠲᠤᠭ᠎ᠠ ᠬᠡᠮᠵᠢᠶ᠎ᠡ ᠵᠢ ᠬᠢᠵᠢᠭ᠎ᠤᠨ ᠪᠠᠢᠳᠠᠯ᠎ᠢ ᠦᠨᠳᠦᠰᠤᠯᠨᠨ ᠲᠤᠬᠠᠢ ᠵᠢᠨ ᠴᠠᠭ ᠲᠤᠨᠢ ᠨᠡᠮᠡᠨ ᠲᠤᠬᠢᠷᠠᠭᠤᠯᠬᠤ ᠪᠡᠷ ᠪᠤᠢ᠃

贝7.jpg

贝9.jpg


贝8.jpg


ᠳᠦᠡᠭᠯᠢᠶᠦᠦ ᠬᠤᠳᠠ᠄ 2022 ᠣᠨ᠎ᠳᠤ ᠲᠤᠰ ᠬᠣᠲᠠ᠎ᠶ᠋ᠢᠨ ᠤᠯᠤᠰ᠎ᠤᠨ ᠨᠢᠭᠡᠳᠥᠯᠲᠠᠢ ᠱᠢᠯᠭᠠᠯᠲᠠ᠎ᠳᠤ ᠨᠡᠷ᠎ᠡ ᠮᠡᠳᠡᠭᠦᠯᠦᠭ᠌ᠰᠡᠨ ᠬᠥᠮᠦᠨ᠎ᠦ ᠲᠣᠭ᠎ᠠ 25462 ᠪᠠᠢᠵᠤ᠂ ᠨᠢᠳᠤᠨᠤᠨ᠎ᠤ ᠬᠢ᠎ᠡᠴᠡ 1741 ᠬᠥᠮᠦᠨ ᠨᠡᠮᠡᠭ᠌ᠳᠡᠵᠡᠶ᠃ ᠪᠥᠬᠥ᠌ ᠬᠣᠲᠠ᠎ᠳᠤ ᠨᠡᠢᠲᠡ 8 ᠱᠢᠯᠭᠠᠯᠲᠠ᠎ᠶ᠋ᠢᠨ ᠲᠣᠭᠣᠷᠢᠭ᠂ 17 ᠱᠢᠯᠭᠠᠯᠲᠠ᠎ᠶ᠋ᠢᠨ ᠴᠡᠭ᠂ 702 ᠱᠢᠯᠭᠠᠯᠲᠠ᠎ᠶ᠋ᠢᠨ ᠲᠠᠯᠠᠪᠠᠢ ᠲᠤᠬᠢᠷᠠᠭᠤᠯᠪᠠ᠃

通辽1.jpg

通辽2.jpg

通辽3.jpg


ᠤᠯᠠᠭᠠᠠᠬᠠᠳᠠ ᠬᠤᠳᠠ᠄ 2022 ᠣᠨ᠎ᠳᠤ ᠲᠤᠰ ᠬᠣᠲᠠ᠎ᠶ᠋ᠢᠨ ᠤᠯᠤᠰ᠎ᠤᠨ ᠨᠢᠭᠡᠳᠥᠯᠲᠠᠢ ᠱᠢᠯᠭᠠᠯᠲᠠ᠎ᠳᠤ ᠨᠡᠷ᠎ᠡ ᠮᠡᠳᠡᠭᠦᠯᠦᠭ᠌ᠰᠡᠨ ᠬᠥᠮᠦᠨ᠎ᠦ ᠲᠣᠭ᠎ᠠ 29492 ᠪᠠᠢᠵᠤ᠂ ᠪᠥᠬᠥ᠌ ᠬᠣᠲᠠ᠎ᠳᠤ ᠨᠡᠢᠲᠡ 12 ᠱᠢᠯᠭᠠᠯᠲᠠ᠎ᠶ᠋ᠢᠨ ᠲᠣᠭᠣᠷᠢᠭ᠂ 35 ᠱᠢᠯᠭᠠᠯᠲᠠ᠎ᠶ᠋ᠢᠨ ᠴᠡᠭ᠂ 1018 ᠱᠢᠯᠭᠠᠯᠲᠠ᠎ᠶ᠋ᠢᠨ ᠲᠠᠯᠠᠪᠠᠢ ᠲᠤᠬᠢᠷᠠᠭᠤᠯᠵᠦ᠂ 4000ᠭᠠᠷᠤᠢ ᠠᠵᠢᠯᠳᠠᠨ ᠤᠷᠤᠯᠴᠠᠭᠰᠠᠨ ᠪᠠᠢᠨ᠎ᠠ᠃


DSC_7048.JPG


DSC_0030.JPG


DSC_0009.JPG


ᠪᠠᠶᠠᠠᠨᠠᠭᠤᠷ ᠬᠤᠳᠠ᠄ ᠦᠨᠦᠳᠦᠷ ᠪᠠᠶᠠᠠᠨᠠᠭᠤᠷ ᠬᠣᠲᠠ᠎ᠶ᠋ᠢᠨ 8829 ᠰᠢᠯᠭᠠᠭᠤᠯᠤᠭᠴᠢ ᠰᠢᠯᠭᠠᠯᠳᠠ᠎ᠵᠢᠨ ᠳᠠᠯᠠᠪᠠᠢ᠎ᠳᠦ ᠤᠷᠤᠵᠦ᠂ 2022 ᠤᠨ᠎ᠤ ᠤᠯᠤᠰ᠎ᠤᠨ ᠨᠢᠬᠡᠳᠦᠯᠳᠡᠢ ᠰᠢᠯᠭᠠᠯᠳᠠ᠎ᠳᠦ ᠤᠷᠤᠯᠴᠠᠵᠠᠢ᠃ ᠳᠡᠳᠡ ᠠᠷᠪᠠᠨ ᠵᠢᠯ ᠠᠷᠠᠳ᠎ᠤᠨ ᠰᠤᠷᠭᠠᠭᠤᠯᠢ᠎ᠵᠢᠨ ᠰᠤᠶᠤᠯ᠎ᠤᠨ ᠮᠦᠷ ᠬᠦᠬᠡᠬᠡᠭᠰᠡᠨ ᠬᠠᠮᠤᠭ᠎ᠤᠨ ᠴᠢᠬᠤᠯᠠ ᠰᠢᠯᠭᠠᠯᠳᠠ ᠪᠡᠨ ᠡᠢᠨᠬᠦ ᠵᠤᠷᠢᠭ ᠳᠡᠬᠦᠯᠳᠡᠷ ᠤᠭᠳᠤᠯ᠎ᠠ᠃

巴盟1.jpg

巴盟2.jpg


巴盟3.jpg


《ᠡᠷᠡᠭᠦᠯ ᠡᠩᠬᠡ᠎ᠤᠯᠤᠰ᠎ᠤᠨ ᠨᠢᠬᠡᠳᠦᠯᠳᠡᠢ ᠰᠢᠯᠭᠠᠯᠲᠠ》 《ᠠᠮᠤᠷ ᠲᠦᠪᠰᠢᠨ ᠤᠯᠤᠰ᠎ᠤᠨ ᠨᠢᠬᠡᠳᠦᠯᠳᠡᠢ ᠰᠢᠯᠭᠠᠯᠲᠠ》 ᠵᠢᠨ ᠬᠠᠷᠠᠯᠲᠠ᠎ᠶᠢ ᠪᠡᠶᠡᠯᠡᠭᠦᠯᠬᠦ᠎ᠶᠢ ᠦᠨᠡᠨ ᠬᠦ᠌ ᠪᠠᠲᠤᠯᠠᠬᠤ᠎ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠠ᠋ᠴᠠ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠪᠠ ᠰᠣᠷᠣᠭ᠍ᠴᠢ ᠡᠯᠰᠡᠬᠦ ᠰᠢᠯᠭᠠᠯᠳᠠ ᠵᠢᠨ ᠠᠮᠤᠷ ᠲᠦᠪᠰᠢᠨ᠎ᠦ ᠠᠵᠢᠯ᠎ᠢ ᠨᠢᠭᠡᠳᠦᠯᠲᠡᠢ ᠲᠥᠯᠥᠪᠯᠡᠵᠦ᠂ ᠬᠤᠷᠢᠭ᠎ᠠ ᠱᠤᠭᠤᠮ᠎ᠤᠨ ᠰᠡᠳᠬᠢᠬᠦᠢ᠎ᠶᠢ ᠪᠠᠷᠢᠮᠲᠠᠯᠠᠨ᠂ ᠬᠢᠵᠢᠭ᠌᠎ᠢ ᠰᠡᠷᠭᠡᠢᠯᠡᠬᠦ ᠪᠠ ᠰᠢᠯᠭᠠᠯᠳᠠ ᠵᠢ ᠵᠤᠬᠢᠶᠠᠨ ᠪᠠᠢᠭᠤᠯᠬᠤ ᠵᠢ ᠨᠢᠭᠡ ᠴᠣᠭᠴᠠᠵᠢᠭᠤᠯᠤᠨ ᠬᠠᠮᠢᠶᠠᠷᠤᠨ ᠡᠵᠡᠮᠳᠡᠵᠦ᠂ ᠰᠢᠯᠭᠠᠯᠳᠠ ᠵᠢ ᠵᠤᠬᠢᠶᠠᠨ ᠪᠠᠢᠭᠤᠯᠬᠤ ᠪᠠ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠠᠵᠢᠯ᠎ᠤᠨ ᠲᠥᠰᠥᠯ ᠵᠢᠴᠢ ᠪᠠᠴᠢᠮ ᠪᠠᠢᠳᠠᠯ᠎ᠢ ᠠᠷᠭᠠᠴᠠᠭᠠᠨ ᠰᠢᠢᠳᠪᠦᠷᠢᠯᠡᠬᠦ ᠨᠠᠷᠢᠨ ᠲᠥᠰᠥᠯ᠎ᠢ ᠲᠣᠭᠲᠠᠭᠠᠪᠠ᠃ ᠬᠣᠰᠢᠭᠤ ᠰᠢᠶᠠᠨ᠎ᠤ ᠰᠢᠯᠭᠠᠯᠲᠠ᠎ᠶᠢᠨ ᠲᠣᠭᠣᠷᠢᠭ᠋ ᠨᠢᠭᠡ ᠪᠦᠷᠢ᠎ᠳᠦ ᠨᠠᠭᠠᠲᠤ ᠵᠠᠬ᠎ᠠ᠎ᠳᠠᠭᠠᠨ 1 ᠪᠡᠯᠡᠳᠬᠡᠯ ᠰᠢᠯᠭᠠᠯᠲᠠ᠎ᠶᠢᠨ ᠴᠡᠭ ᠭᠠᠷᠭᠠᠵᠤ᠂ ᠰᠢᠯᠭᠠᠯᠲᠠ᠎ᠶᠢᠨ ᠴᠡᠭ ᠨᠢᠭᠡ ᠪᠦᠷᠢ᠎ᠳᠦ 10᠄1 ᠪᠡᠷ ᠪᠡᠯᠡᠳᠬᠡᠯ ᠲᠤᠰᠠᠭᠠᠷᠯᠠᠨ ᠰᠢᠯᠭᠠᠬᠤ ᠲᠠᠯᠠᠪᠠᠶ ᠭᠠᠷᠭᠠᠵᠤ᠂ ᠰᠢᠯᠭᠠᠯᠲᠠ᠎ᠶᠢᠨ ᠴᠡᠭ ᠤ᠋ᠨ ᠬᠢᠵᠢᠭ᠌᠎ᠢ ᠰᠡᠷᠭᠡᠢᠯᠡᠬᠦ ᠲᠤᠰᠬᠠᠢ ᠨᠡᠪᠲᠡᠷᠡᠬᠦ ᠵᠠᠮ᠂ ᠲᠤᠰᠠᠭᠠᠷᠯᠠᠨ ᠠᠵᠢᠭ᠍ᠯᠠᠬᠤ ᠲᠠᠰᠤᠭ᠎ᠢ ᠰᠢᠨᠵᠢᠯᠡᠬᠦ ᠤᠬᠠᠭᠠᠨᠴᠢ᠎ᠪᠠᠷ ᠲᠣᠬᠢᠷᠠᠭᠤᠯᠤᠨ᠂ ᠬᠢᠵᠢᠭ᠌᠎ᠢ ᠰᠡᠷᠭᠡᠢᠯᠡᠬᠦ ᠡᠳ᠋ ᠪᠠᠷᠠᠭ᠎ᠠ᠎ᠶᠢ ᠭᠦᠢᠴᠡᠳ ᠲᠣᠬᠢᠷᠠᠭᠤᠯᠪᠠ᠃ ᠡᠷᠢᠶᠡᠨ ᠬᠣᠲᠠ ᠵᠡᠷᠭᠡ ᠬᠢᠵᠢᠭ᠌᠎ᠲᠦ ᠬᠣᠯᠪᠣᠭᠳᠠᠭᠰᠠᠨ ᠭᠠᠵᠠᠷ ᠣᠷᠣᠨ᠎ᠤ᠋ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠪᠠ ᠰᠢᠯᠭᠠᠯᠳᠠ ᠳ᠋ᠤ ᠲᠣᠬᠢᠷᠠᠭᠤᠯᠤᠯᠲᠠ ᠬᠢᠵᠦ᠂ ᠬᠢᠵᠢᠭ ᠲᠤ᠌ ᠨᠥᠯᠥᠭᠡᠯᠡᠭᠳᠡᠭᠰᠡᠨ ᠰᠢᠯᠭᠠᠭᠤᠯᠤᠭ᠍ᠴᠢ᠂ ᠰᠢᠯᠭᠠᠯᠲᠠ᠎ᠶᠢᠨ ᠠᠵᠢᠯᠲᠠᠨ᠎ᠳᠤ《ᠴᠡᠭ᠎ᠡᠴᠡ ᠴᠡᠭ᠎ᠲᠦ ᠬᠦᠷᠬᠦ》ᠠᠮᠤᠷ ᠲᠦᠪᠰᠢᠨ᠎ᠦ ᠰᠡᠷᠭᠡᠢᠯᠡᠨ ᠬᠠᠮᠠᠭᠠᠯᠠᠬᠤ ᠪᠠᠲᠤᠯᠠᠭ᠎ᠠ᠎ᠶᠢᠨ ᠠᠷᠭ᠎ᠠ ᠬᠡᠮᠵᠢᠶ᠎ᠡ᠎ᠶᠢ ᠲᠥᠷᠥᠯ ᠬᠤᠪᠢᠶᠠᠨ ᠲᠣᠭᠲᠠᠭᠠᠵᠤ᠂ ᠰᠢᠯᠭᠠᠯᠲᠠ᠎ᠶᠢᠨ ᠴᠡᠭ᠎ᠢ ᠳᠠᠬᠢᠨ ᠳᠤᠬᠢᠷᠠᠭᠤᠯᠵᠤ᠂ ᠰᠢᠯᠭᠠᠯᠲᠠ᠎ᠳᠤ ᠤᠷᠤᠯᠴᠠᠭᠰᠠᠳ᠎ᠢ ᠪᠦᠬᠦᠨ᠎ᠢ ᠤᠷᠤᠯᠴᠠᠭᠤᠯᠬᠤ ᠵᠢ ᠦᠨᠡᠨ ᠬᠦ᠌ ᠪᠠᠲᠤᠯᠠᠵᠥ ᠪᠤᠢ᠃


考完6.jpg


ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠰᠣᠷᠣᠭ᠍ᠴᠢ ᠡᠯᠰᠡᠬᠦ ᠰᠢᠯᠭᠠᠯᠲᠠ᠎ᠶᠢᠨ ᠲᠥᠪ ᠨᠢ ᠰᠢᠯᠭᠠᠭᠤᠯᠤᠭ᠍ᠴᠢ ᠵᠢᠨ ᠡᠷᠡᠭᠦᠯ ᠮᠡᠨᠳᠦ᠎ᠶᠢᠨ ᠮᠡᠳᠡᠭᠡ ᠵᠠᠩᠭᠢ᠎ᠶᠢ ᠴᠤᠭᠯᠠᠭᠤᠯᠬᠤ ᠰᠢᠰᠲᠧᠮ᠎ᠢ ᠨᠡᠬᠡᠬᠡᠵᠦ᠂ ᠮᠡᠳᠡᠭᠡ ᠵᠠᠩᠭᠢ᠎ᠶᠢᠨ ᠮᠡᠷᠭᠡᠵᠢᠯ ᠪᠠ ᠲᠣᠮᠣ᠌ ᠳ᠋ᠠᠢᠲ᠋ᠠ᠎ᠶᠢᠨ ᠵᠠᠳᠠᠯᠤᠯᠲᠠ᠎ᠶᠢ ᠬᠡᠷᠡᠭᠯᠡᠨ᠂ ᠰᠢᠯᠭᠠᠭᠤᠯᠤᠭ᠍ᠴᠢ᠎ᠶᠢᠨ ᠪᠠᠢᠳᠠᠯ᠎ᠢ ᠣᠨᠣᠪᠴᠢᠲᠠᠶ ᠡᠵᠡᠮᠰᠢᠵᠦ᠂ ᠰᠢᠯᠭᠠᠭᠤᠯᠤᠭ᠍ᠴᠢ᠎ᠶᠢᠨ ᠡᠷᠡᠭᠦᠯ ᠮᠡᠨᠳᠦ᠎ᠶᠢᠨ ᠪᠠᠢᠳᠠᠯ᠎ᠢ ᠴᠠᠭ ᠲᠤᠬᠠᠢ ᠳ᠋ᠤᠨᠢ ᠬᠢᠨᠠᠨ ᠰᠢᠯᠭᠠᠵᠤ᠂ ᠣᠷᠣᠨ᠎ᠤ ᠭᠠᠳᠠᠨ᠎ᠠ ᠪᠠᠢᠭ᠎ᠠ ᠰᠢᠯᠭᠠᠭᠤᠯᠤᠭ᠍ᠰᠠᠳ ᠢ᠋ ᠢᠳᠬᠠᠨ ᠪᠤᠴᠠᠬᠤ ᠠᠵᠢᠯ᠎ᠢ ᠪᠡᠶᠡᠯᠡᠭᠦᠯᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面