ᠤᠯᠤᠰ᠎ᠤᠨ ᠰᠢᠯᠭᠠᠯᠲᠠ > ᠨᠢᠭᠡᠲᠦᠯᠲᠡᠢ ᠰᠢᠯᠭᠠᠯᠲᠠ᠎ᠶ᠋ᠢᠨ ᠬᠠᠯᠠᠭᠤᠨ ᠮᠡᠳᠡᠭᠡ

2022-06-07 09:46:30

ᠵᠣᠬᠢᠶᠠᠭ᠍ᠴᠢ᠄ ​ᠨᠠᠪᠴᠢ ᠣᠩᠱᠢᠭ᠍ᠰᠠᠨ ᠣᠳᠠᠭ᠎ᠠ᠄ 3

ᠤᠯᠤᠰ᠎ᠤᠨ ᠨᠢᠬᠡᠳᠦᠯᠳᠡᠢ ᠰᠢᠯᠭᠠᠯᠲᠠ ᠡᠬᠢᠯᠡᠬᠦ ᠳᠠᠰᠢᠷᠠᠮ ᠵᠢᠡᠷ᠂ ᠬᠦᠬᠡᠬᠤᠳᠠ ᠵᠢᠨ ᠬᠢᠨ ᠡᠯ᠎ᠠ ᠵᠦᠢᠯ᠎ᠤᠨ ᠪᠡᠯᠡᠳᠬᠡᠯ ᠠᠵᠢᠯ ᠵᠢᠡᠨ ᠰᠠᠢᠳᠤᠷ ᠬᠢᠵᠦ᠂ ᠪᠤᠶ ᠪᠦᠬᠦᠢ ᠰᠢᠯᠭᠠᠭᠤᠯᠤᠭ᠍ᠴᠢ ᠶ᠋ᠢᠨ ᠠᠮᠤᠷ ᠲᠦᠪᠰᠢᠨ ᠤᠷᠤᠭᠰᠢᠲᠠᠢ᠎ᠪᠠᠷ ᠰᠢᠯᠭᠠᠯᠲᠠ᠎ᠳᠤ ᠣᠷᠤᠯᠴᠠᠬᠤ ᠶ᠋ᠢ ᠪᠠᠲᠤᠯᠠᠵᠦ ᠪᠠᠢᠨ᠎ᠠ᠃ ᠡᠨᠡ ᠵᠢᠯ ᠬᠦᠬᠡᠬᠤᠳᠠ ᠨᠡᠶ᠋ᠢᠲᠡ9 ᠰᠢᠯᠭᠠᠯᠲᠠ᠎ᠶᠢᠨ ᠲᠣᠭᠣᠷᠢᠭ᠋᠂ 20 ᠰᠢᠯᠭᠠᠯᠲᠠ᠎ᠶᠢᠨ ᠴᠡᠭ᠂ 611 ᠰᠢᠯᠭᠠᠯᠲᠠ᠎ᠶᠢᠨ ᠲᠠᠯᠠᠪᠠᠢ ᠳᠤᠬᠢᠷᠠᠭᠤᠯᠵᠦ᠂ 17697 ᠰᠤᠷᠤᠭᠴᠢ ᠰᠢᠯᠭᠠᠯᠳᠠ ᠳ᠋ᠤ ᠤᠷᠤᠯᠴᠠᠨ᠎ᠠ᠃ ᠡᠭᠦᠨ ᠳ᠋ᠤ᠂ ᠡᠯ᠎ᠡ ᠬᠣᠰᠢᠭᠤ ᠰᠢᠶᠠᠨ ᠲᠣᠭᠣᠷᠢᠭ᠋᠎ᠤᠨ ᠬᠢᠨ ᠲᠣᠰᠪᠦᠷᠢ ᠪᠡᠯᠡᠳᠬᠡᠯ ᠰᠢᠯᠭᠠᠯᠳᠠ ᠵᠢᠨ ᠴᠡᠭ ᠳᠤᠬᠢᠷᠠᠭᠤᠯᠤᠭᠰᠠᠨ ᠪᠠᠢᠨ᠎ᠠ᠃

ᠤᠢᠯᠠᠭᠠᠭᠰᠠᠨ ᠵᠢᠡᠷ᠂ ᠬᠦᠬᠡᠬᠤᠳᠠ ᠤᠯᠤᠰ᠎ᠤᠨ ᠨᠢᠬᠡᠳᠦᠯᠳᠡᠢ ᠰᠢᠯᠭᠠᠯᠳᠠ ᠵᠢᠨ ᠤᠷᠤᠭᠰᠢᠳᠠᠢ ᠶᠠᠪᠤᠭᠳᠠᠬᠤ ᠵᠢ ᠪᠠᠳᠤᠯᠠᠬᠤ ᠵᠢᠨ ᠲᠦᠯᠦᠬᠡ 6 ᠲᠠᠯ᠎ᠠ ᠵᠢᠨ ᠠᠵᠢᠯ᠎ᠢ ᠰᠠᠢᠳᠤᠷ ᠬᠢᠭᠰᠡᠨ ᠪᠠᠢᠨ᠎ᠠ᠃

ᠨᠢᠬᠡ ᠳ᠋ᠤ᠂ ᠰᠢᠯᠭᠠᠯᠲᠠ᠎ᠶᠢᠨ ᠴᠡᠭ᠂ ᠰᠢᠯᠭᠠᠯᠲᠠ᠎ᠶᠢᠨ ᠲᠠᠯᠠᠪᠠᠢ ᠵᠢᠨ ᠲᠤᠨᠤᠭ ᠲᠥᠬᠦᠭᠡᠷᠦᠮᠵᠢ᠎ᠶᠢ ᠤᠭᠰᠠᠷᠠᠵᠤ ᠲᠤᠷᠰᠢᠨ ᠲᠣᠬᠢᠷᠠᠭᠤᠯᠬᠤ᠎ᠠᠵᠢᠯ᠎ᠢ 5ᠰᠠᠷ᠎ᠠ᠎ᠶᠢᠨ ᠰᠡᠭᠦᠯᠴᠢ᠎ᠡᠴᠡ ᠡᠬᠢᠯᠡᠬᠦᠯᠵᠦ᠂ ᠪᠦᠬᠦᠨ ᠎ᠢ ᠵᠢᠭᠰᠠᠭᠠᠨ ᠪᠠᠢᠴᠠᠭᠠᠵᠤ ᠨᠠᠢᠳᠠᠪᠤᠷᠢᠵᠢᠭᠤᠯᠪᠠ᠃

ᠬᠤᠶᠠᠷ ᠲᠤ᠌᠂ ᠰᠢᠯᠭᠠᠯᠲᠠ ᠵᠢ ᠵᠤᠬᠢᠶᠠᠨ ᠪᠠᠢᠭᠤᠯᠬᠤ᠂ ᠬᠢᠵᠢᠭ᠌ ᠢ᠋ ᠰᠡᠷᠭᠡᠢᠯᠡᠬᠦ᠂ ᠪᠠᠴᠢᠮ ᠪᠠᠢᠳᠠᠯ ᠢ᠋ ᠠᠷᠭᠠᠴᠠᠭᠠᠬᠤ ᠠᠵᠢᠯᠲᠠᠨ ᠢ᠋ ᠰᠣᠩᠭᠣᠨ ᠲᠣᠬᠢᠷᠠᠭᠤᠯᠬᠤ᠂ ᠪᠤᠯᠪᠠᠰᠤᠷᠠᠯ ᠬᠦᠷᠳᠡᠬᠡᠬᠦ ᠠᠵᠢᠯ ᠢ᠋ ᠪᠣᠳᠠᠲᠠᠢᠵᠢᠭᠤᠯᠪᠠ᠃

ᠭᠤᠷᠪᠠ᠎ᠳᠤ᠂ ᠰᠢᠯᠭᠠᠯᠳᠠ ᠵᠢᠨ ᠠᠵᠢᠯ᠎ᠢ ᠵᠤᠬᠢᠶᠠᠨ ᠪᠠᠢᠭᠤᠯᠤᠭᠴᠢ ᠵᠢᠨ ᠬᠢᠵᠢᠭ᠌᠎ᠢ ᠰᠡᠷᠭᠡᠢᠯᠡᠬᠦ ᠠᠵᠢᠯ᠎ᠤ᠋ᠨ ᠬᠡᠷᠡᠭᠵᠢᠭᠦᠯᠬᠦ ᠲᠥᠰᠥᠯ᠂ ᠪᠠᠴᠢᠮ ᠪᠠᠢᠳᠠᠯ ᠢ᠋ ᠠᠷᠭᠠᠴᠠᠭᠠᠬᠤ ᠲᠥᠰᠥᠯ ᠢ᠋ ᠲᠣᠭᠲᠠᠭᠠᠵᠤ᠂ ᠪᠣᠳᠠᠲᠠᠢ ᠳ᠋ᠤ ᠨᠠᠢᠳᠠᠪᠤᠷᠢᠵᠢᠭᠤᠯᠵᠤ᠂ ᠬᠢᠵᠢᠭ᠌᠎ᠢ ᠰᠡᠷᠭᠡᠢᠯᠡᠬᠦ ᠳᠡᠳ᠋ ᠭᠣᠣᠯ ᠰᠢᠯᠭᠠᠭᠴᠢ ᠲᠣᠬᠢᠷᠠᠭᠤᠯᠵᠤ᠂ ᠬᠢᠵᠢᠭ᠌᠎ᠲᠦ ᠬᠣᠯᠪᠣᠭᠳᠠᠭᠰᠠᠨ ᠡᠩ᠎ᠦᠨ ᠠᠵᠢᠯ ᠪᠠ ᠬᠢᠵᠢᠭ᠌᠎ᠢ ᠰᠡᠷᠭᠡᠢᠯᠡᠬᠦ ᠭᠡᠨᠡᠳᠲᠡ᠎ᠶᠢᠨ ᠪᠠᠢᠳᠠᠯ᠎ᠢ ᠲᠤᠰᠬᠠᠢᠯᠠᠨ ᠰᠤᠳᠤᠯᠤᠨ ᠰᠢᠢᠳᠪᠦᠷᠢᠯᠡᠵᠦ᠂ ᠰᠢᠯᠭᠠᠭᠤᠯᠤᠭ᠍ᠴᠢ᠎ᠶᠢᠨ《ᠰᠢᠯᠭᠠᠯᠲᠠ᠎ᠳᠤ ᠪᠦᠬᠦᠨ᠎ᠢ ᠤᠷᠤᠯᠴᠠᠭᠤᠯᠬᠤ》 ᠶ᠋ᠢ ᠦᠨᠡᠨ ᠬᠦ᠌ ᠪᠠᠲᠤᠯᠠᠪᠠ᠃

ᠳᠥᠷᠪᠡ᠎ᠳᠦ᠂ ᠡᠯ᠎ᠡ ᠰᠢᠯᠭᠠᠯᠲᠠ᠎ᠶᠢᠨ ᠲᠣᠭᠣᠷᠢᠭ᠋᠎ᠲᠤ ᠡᠯ᠎ᠡ ᠪᠦᠷᠢᠯᠳᠦᠭᠦᠨ ᠨᠢᠭᠡᠴᠢ᠎ᠶᠢᠨ ᠬᠠᠮᠲᠤᠷᠠᠨ ᠠᠵᠢᠯᠯᠠᠬᠤ ᠲᠣᠭᠲᠠᠴᠠ᠎ᠶᠢ ᠪᠠᠢᠭᠤᠯᠵᠤ᠂ ᠨᠢᠭᠡᠳᠦᠯᠲᠡᠢ ᠠᠵᠢᠯᠯᠠᠨ᠂ ᠲᠥᠪᠯᠡᠷᠡᠭᠦᠯᠦᠨ ᠲᠣᠬᠢᠷᠠᠭᠤᠯᠤᠨ᠂ ᠡᠯ᠎ᠡ ᠬᠦᠷᠢᠶ᠎ᠡ ᠴᠠᠷᠠᠭ᠎ᠠ᠎ᠳᠤ ᠥᠴᠥᠬᠡᠨ ᠴᠦ᠍ ᠠᠯᠳᠠᠰᠢ ᠭᠠᠷᠭᠠᠬᠤ ᠦᠭᠡᠢ ᠪᠠᠢᠬᠤ᠎ᠶᠢ ᠦᠨᠡᠨ᠎ᠬᠦ ᠪᠠᠳᠤᠯᠠᠪᠠ᠃

ᠲᠠᠪᠤ᠎ᠳᠤ᠂ ᠬᠦᠬᠡᠬᠤᠳᠠ ᠵᠢᠨ ᠰᠤᠷᠭᠠᠨ ᠬᠥᠮᠦᠵᠢᠯ᠎ᠦᠨ ᠲᠣᠪᠴᠢᠶ᠎ᠠ 9 ᠱᠠᠯᠠᠪᠳᠠᠭᠤᠯᠤᠨ ᠪᠠᠢᠴᠠᠭᠠᠬᠤ ᠳᠤᠭᠤᠢᠯᠠᠩ ᠪᠠᠢᠭᠤᠯᠵᠤ᠂ 9 ᠰᠢᠯᠭᠠᠯᠲᠠ᠎ᠶᠢᠨ ᠲᠣᠭᠣᠷᠢᠭ᠋᠎ᠤᠨ 20 ᠰᠢᠯᠭᠠᠯᠲᠠ᠎ᠶᠢᠨ ᠴᠡᠭ ᠵᠢᠴᠢ 9 ᠪᠡᠯᠡᠳᠬᠡᠯ ᠰᠢᠯᠭᠠᠯᠲᠠ᠎ᠶᠢᠨ ᠴᠡᠭ᠎ᠲᠦ ᠲᠣᠳᠣᠷᠬᠠᠢ ᠬᠠᠭᠤᠳᠠᠰᠤ ᠮᠠᠶᠢᠭ᠋᠎ᠤᠨ ᠪᠥᠬᠥ ᠬᠦᠷᠢᠶᠡᠨ᠎ᠳᠡᠬᠢ ᠰᠢᠯᠭᠠᠯᠳᠠ ᠡᠴᠡ ᠡᠮᠦᠨᠡᠬᠢ᠂ ᠰᠢᠯᠭᠠᠯᠳᠠ ᠵᠢᠨ ᠳᠤᠮᠳᠠᠬᠢ᠂ ᠰᠢᠯᠭᠠᠯᠳᠠ ᠵᠢᠨ ᠳᠠᠷᠠᠭᠠᠬᠢ ᠪᠠᠢᠴᠠᠭᠠᠯᠲᠠ ᠵᠢᠯᠣᠭᠣᠳᠤᠯᠭ᠎ᠠ ᠬᠢᠵᠦ᠂ ᠰᠢᠯᠭᠠᠯᠲᠠ᠎ᠶᠢᠨ ᠴᠡᠭ᠂ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠂ ᠰᠢᠯᠭᠠᠯᠲᠠ᠎ᠶᠢ ᠵᠣᠬᠢᠶᠠᠨ ᠪᠠᠶ᠋ᠢᠭᠤᠯᠬᠤ ᠵᠡᠷᠭᠡ ᠡᠯ᠎ᠡ ᠬᠦᠷᠢᠶᠡᠨ᠎ᠳᠦ ᠬᠢᠨᠠᠯᠲᠠ ᠲᠠᠯᠪᠢᠬᠤ ᠵᠢ ᠴᠢᠩᠭᠠᠳᠬᠠᠪᠠ᠃

ᠵᠢᠷᠭᠤᠭ᠎ᠠ᠎ᠳᠤ᠂ ᠰᠢᠯᠭᠠᠯᠲᠠ᠎ᠳᠤ ᠬᠣᠯᠪᠣᠭᠳᠠᠭᠰᠠᠨ ᠨᠢᠭᠤᠴᠠ᠎ᠶᠢ ᠬᠠᠮᠠᠭᠠᠯᠠᠬᠤ ᠰᠠᠬᠢᠯᠭ᠎ᠠ ᠪᠠᠲᠤ᠂ ᠳᠦᠷᠢᠮ᠎ᠢ ᠪᠣᠳᠠᠲᠠᠢ᠎ᠳᠤ ᠨᠠᠢᠳᠠᠪᠤᠷᠢᠵᠢᠭᠤᠯᠪᠠ᠃

ᠣᠳᠣᠬᠠᠨ᠎ᠳᠤ᠂ ᠬᠦᠬᠡᠬᠤᠳᠠ ᠵᠢᠨ ᠡᠯ᠎ᠡ ᠰᠠᠯᠠᠭ᠎ᠠ ᠮᠥᠴᠢᠷ᠎ᠦᠨ ᠬᠢᠨ ᠬᠠᠷᠢᠭᠤᠴᠠᠯᠭ᠎ᠠ᠎ᠪᠠᠨ ᠲᠠᠰᠤᠷᠠᠯᠲᠠ ᠦᠭᠡᠢ ᠴᠢᠩᠭᠠᠳᠬᠠᠵᠤ᠂ ᠠᠷᠭ᠎ᠠ ᠬᠡᠮᠵᠢᠶ᠎ᠡ᠎ᠪᠡᠨ ᠨᠠᠷᠢᠯᠢᠭ᠍ᠵᠢᠭᠤᠯᠤᠨ᠂ ᠦᠢᠯᠡᠴᠢᠯᠡᠭᠡᠨ᠎ᠦ ᠪᠠᠲᠤᠯᠠᠭ᠎ᠠ᠎ᠶᠢᠨ ᠠᠵᠢᠯ᠎ᠢ ᠪᠥᠬᠥ ᠬᠦᠴᠦᠨ᠎ᠢᠶᠡᠷ᠎ᠢᠶᠡᠨ ᠰᠠᠢᠲᠤᠷ ᠬᠢᠵᠦ᠂ ᠤᠯᠤᠰ᠎ᠤᠨ ᠨᠢᠬᠡᠳᠦᠯᠳᠡᠢ ᠰᠢᠯᠭᠠᠯᠳᠠ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠵᠤ ᠪᠤᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面