ᠤᠯᠤᠰ᠎ᠤᠨ ᠰᠢᠯᠭᠠᠯᠲᠠ > ᠨᠢᠭᠡᠲᠦᠯᠲᠡᠢ ᠰᠢᠯᠭᠠᠯᠲᠠ᠎ᠶ᠋ᠢᠨ ᠬᠠᠯᠠᠭᠤᠨ ᠮᠡᠳᠡᠭᠡ

2022-06-24 09:31:03

ᠵᠣᠬᠢᠶᠠᠭ᠍ᠴᠢ᠄ ᠨᠠᠪᠴᠢ ᠣᠩᠱᠢᠭ᠍ᠰᠠᠨ ᠣᠳᠠᠭ᠎ᠠ᠄ 3

ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠰᠣᠷᠣᠭ᠍ᠴᠢ ᠡᠯᠰᠡᠬᠦ ᠰᠢᠯᠭᠠᠯᠲᠠ᠎ᠶᠢᠨ ᠲᠥᠪ᠎ᠡᠴᠡ ᠣᠢᠯᠠᠭᠠᠭᠰᠠᠨ᠎ᠢᠶᠠᠷ᠂ 6 ᠰᠠᠷ᠎ᠠ᠎ᠶᠢᠨ 23 ᠎ᠤ᠋ ᠡᠳᠦᠷ᠂ ᠮᠠᠨ᠎ᠤ ᠤᠷᠤᠨ ᠤ᠋ 2022 ᠣᠨ᠎ᠤ ᠡᠩ᠎ᠦᠨ ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ ᠰᠢᠯᠭᠠᠯᠲᠠ᠎ᠶᠢᠨ ᠬᠢᠷᠢ ᠪᠦᠲᠦᠮᠵᠢ ᠨᠡᠢᠲᠡᠯᠡᠭᠳᠡᠭᠰᠡᠨ᠎ᠦ ᠬᠠᠮᠲᠤ ᠥᠪᠡᠷᠲᠡᠭᠡᠨ ᠵᠠᠰᠠᠬᠤ ᠣᠷᠣᠨ᠎ᠤ ᠡᠩ᠎ᠦᠨ ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ ᠰᠢᠯᠭᠠᠯᠲᠠ᠎ᠶᠢᠨ ᠬᠠᠮᠤᠭ᠎ᠤᠨ ᠳᠣᠣᠷ᠎ᠠ ᠬᠢᠵᠠᠭᠠᠷᠯᠠᠬᠤ ᠬᠤᠪᠢ ᠵᠢ ᠨᠡᠢᠳᠡᠯᠡᠪᠡ᠃

ᠨᠡᠢᠭᠡᠮ᠎ᠦᠨ ᠰᠢᠨᠵᠢᠯᠡᠬᠦ ᠤᠬᠠᠭᠠᠨ᠎ᠤ ᠵᠢᠩᠬᠢᠨᠢ ᠠᠩᠭᠢ᠎ᠶᠢᠨ ᠨᠢᠭᠡᠳᠦᠭᠡᠷ ᠪᠦᠯᠦᠭ᠎ᠦᠨ ᠬᠠᠮᠤᠭ᠎ᠤᠨ ᠳᠤᠤᠷ᠎ᠠ ᠬᠢᠵᠠᠭᠠᠷᠯᠠᠬᠤ ᠬᠤᠪᠢ 459 ᠬᠤᠪᠢ᠂ ᠵᠢᠩᠬᠢᠨᠢ ᠠᠩᠭᠢ᠎ᠶᠢᠨ ᠬᠣᠶᠠᠳᠤᠭᠠᠷ ᠪᠦᠯᠦᠭ ᠤ᠋ᠨ ᠬᠠᠮᠤᠭ᠎ᠤᠨ ᠳᠤᠤᠷ᠎ᠠ ᠬᠢᠵᠠᠭᠠᠷᠯᠠᠬᠤ ᠬᠤᠪᠢ 366 ᠬᠤᠪᠢ᠃ ᠪᠠᠢᠭᠠᠯᠢ᠎ᠶᠢᠨ ᠰᠢᠨᠵᠢᠯᠡᠬᠦ ᠤᠬᠠᠭᠠᠨ᠎ᠤ ᠵᠢᠩᠬᠢᠨᠢ ᠠᠩᠭᠢ᠎ᠶᠢᠨ ᠨᠢᠭᠡᠳᠦᠭᠡᠷ ᠪᠦᠯᠦᠭ᠎ᠦᠨ ᠬᠠᠮᠤᠭ᠎ᠤᠨ ᠳᠤᠤᠷ᠎ᠠ ᠬᠢᠵᠠᠭᠠᠷᠯᠠᠬᠤ ᠬᠤᠪᠢ 427 ᠬᠤᠪᠢ᠂ ᠵᠢᠩᠬᠢᠨᠢ ᠠᠩᠭᠢ᠎ᠶᠢᠨ ᠬᠣᠶᠠᠳᠤᠭᠠᠷ ᠪᠦᠯᠦᠭ ᠤ᠋ᠨ ᠬᠠᠮᠤᠭ᠎ᠤᠨ ᠳᠤᠤᠷ᠎ᠠ ᠬᠢᠵᠠᠭᠠᠷᠯᠠᠬᠤ ᠬᠤᠪᠢ 323 ᠬᠤᠪᠢ᠃ ᠮᠣᠩᠭᠣᠯ᠎ᠢᠶᠠᠷ ᠬᠢᠴᠢᠶᠡᠯᠯᠡᠬᠦ ᠨᠡᠢᠭᠡᠮ᠎ᠦᠨ ᠰᠢᠨᠵᠢᠯᠡᠬᠦ ᠤᠬᠠᠭᠠᠨ᠎ᠤ ᠵᠢᠩᠬᠢᠨᠢ ᠠᠩᠭᠢ᠎ᠶᠢᠨ ᠨᠢᠭᠡᠳᠦᠭᠡᠷ ᠪᠦᠯᠦᠭ᠎ᠦᠨ ᠬᠠᠮᠤᠭ᠎ᠤᠨ ᠳᠤᠤᠷ᠎ᠠ ᠬᠢᠵᠠᠭᠠᠷᠯᠠᠬᠤ ᠬᠤᠪᠢ 419 ᠬᠤᠪᠢ᠂ ᠵᠢᠩᠬᠢᠨᠢ ᠠᠩᠭᠢ᠎ᠶᠢᠨ ᠬᠣᠶᠠᠳᠤᠭᠠᠷ ᠪᠦᠯᠦᠭ ᠤ᠋ᠨ ᠬᠠᠮᠤᠭ᠎ᠤᠨ ᠳᠤᠤᠷ᠎ᠠ ᠬᠢᠵᠠᠭᠠᠷᠯᠠᠬᠤ ᠬᠤᠪᠢ 361 ᠬᠤᠪᠢ ᠪᠤᠯᠤᠨ᠎ᠠ᠃ ᠮᠣᠩᠭᠣᠯ᠎ᠢᠶᠠᠷ ᠬᠢᠴᠢᠶᠡᠯᠯᠡᠬᠦ ᠪᠠᠢᠭᠠᠯᠢ᠎ᠶᠢᠨ ᠰᠢᠨᠵᠢᠯᠡᠬᠦ ᠤᠬᠠᠭᠠᠨ᠎ᠤ ᠵᠢᠩᠬᠢᠨᠢ ᠠᠩᠭᠢ᠎ᠶᠢᠨ ᠨᠢᠭᠡᠳᠦᠭᠡᠷ ᠪᠦᠯᠦᠭ᠎ᠦᠨ ᠬᠠᠮᠤᠭ᠎ᠤᠨ ᠳᠤᠤᠷ᠎ᠠ ᠬᠢᠵᠠᠭᠠᠷᠯᠠᠬᠤ ᠬᠤᠪᠢ 365 ᠬᠤᠪᠢ᠂ ᠵᠢᠩᠬᠢᠨᠢ ᠠᠩᠭᠢ᠎ᠶᠢᠨ ᠬᠣᠶᠠᠳᠤᠭᠠᠷ ᠪᠦᠯᠦᠭ᠎ᠤ᠋ᠨ ᠬᠠᠮᠤᠭ᠎ᠤᠨ ᠳᠤᠤᠷ᠎ᠠ ᠬᠢᠵᠠᠭᠠᠷᠯᠬᠠᠤ ᠬᠤᠪᠢ 303 ᠬᠤᠪᠢ᠃ ᠡᠭᠦᠨ᠎ᠡᠴᠡ ᠭᠠᠳᠠᠨ᠎ᠠ᠂ ᠨᠡᠢᠭᠡᠮ᠎ᠦᠨ ᠰᠢᠨᠵᠢᠯᠡᠬᠦ ᠤᠬᠠᠭᠠᠨ᠂ ᠪᠠᠢᠭᠠᠯᠢ᠎ᠶᠢᠨ ᠰᠢᠨᠵᠢᠯᠡᠬᠦ ᠤᠬᠠᠭᠠᠨ᠎ᠤ ᠳᠡᠭᠡᠳᠦ ᠵᠡᠷᠭᠡ᠎ᠶᠢᠨ ᠠᠵᠢᠯ ᠮᠡᠷᠭᠡᠵᠢᠯ᠎ᠦᠨ ᠰᠤᠷᠭᠠᠭᠤᠯᠢ ᠳᠡᠭᠡᠳᠦ ᠵᠡᠷᠭᠡ᠎ᠶᠢᠨ ᠲᠤᠰᠬᠠᠢ ᠮᠡᠷᠭᠡᠵᠢᠯ᠎ᠦᠨ ᠰᠤᠷᠭᠠᠭᠤᠯᠢ᠎ᠶᠢᠨ ᠬᠠᠮᠤᠭ᠎ᠤᠨ ᠳᠤᠤᠷ᠎ᠠ ᠬᠢᠵᠠᠭᠠᠷᠯᠠᠬᠤ ᠬᠤᠪᠢ160 ᠬᠤᠪᠢ ᠪᠠᠢᠵᠤ᠂ ᠮᠣᠩᠭᠣᠯ᠎ᠢᠶᠠᠷ ᠬᠢᠴᠢᠶᠡᠯᠯᠡᠬᠦ ᠨᠡᠢᠭᠡᠮ᠎ᠦᠨ ᠰᠢᠨᠵᠢᠯᠡᠬᠦ ᠤᠬᠠᠭᠠᠨ᠂ ᠮᠣᠩᠭᠣᠯ᠎ᠢᠶᠠᠷ ᠬᠢᠴᠢᠶᠡᠯᠯᠡᠬᠦ ᠪᠠᠢᠭᠠᠯᠢ᠎ᠶᠢᠨ ᠰᠢᠨᠵᠢᠯᠡᠬᠦ ᠤᠬᠠᠭᠠᠨ᠎ᠤ ᠳᠡᠭᠡᠳᠦ ᠵᠡᠷᠭᠡ᠎ᠶᠢᠨ ᠠᠵᠢᠯ ᠮᠡᠷᠭᠡᠵᠢᠯ᠎ᠦᠨ ᠰᠤᠷᠭᠠᠭᠤᠯᠢ ᠳᠡᠭᠡᠳᠦ ᠵᠡᠷᠭᠡ᠎ᠶᠢᠨ ᠲᠤᠰᠬᠠᠢ ᠮᠡᠷᠭᠡᠵᠢᠯ᠎ᠦᠨ ᠰᠤᠷᠭᠠᠭᠤᠯᠢ᠎ᠶᠢᠨ ᠬᠠᠮᠤᠭ᠎ᠤᠨ ᠳᠤᠤᠷ᠎ᠠ ᠬᠢᠵᠠᠭᠠᠷᠯᠠᠬᠤ ᠬᠤᠪᠢ120 ᠬᠤᠪᠢ ᠪᠠᠢᠵᠤ᠂ ᠴᠥᠮ ᠨᠢᠳᠤᠨᠤᠨ᠎ᠤ ᠬᠤᠪᠢ᠎ᠶᠢᠨ ᠱᠤᠭᠤᠮ᠎ᠲᠠᠢ ᠠᠳᠠᠯᠢᠬᠠᠨ᠃

ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠰᠣᠷᠣᠭ᠍ᠴᠢ ᠡᠯᠰᠡᠬᠦ ᠰᠢᠯᠭᠠᠯᠲᠠ᠎ᠶᠢᠨ ᠲᠥᠪ᠎ᠡᠴᠡ᠂ ᠰᠢᠯᠭᠠᠭᠤᠯᠤᠭ᠍ᠴᠢ ᠬᠡᠷᠪᠡ ᠰᠢᠯᠭᠠᠯᠲᠠ᠎ᠶᠢᠨ ᠬᠢᠷᠢ ᠪᠦᠲᠦᠮᠵᠢ᠎ᠳ᠋ᠡᠬᠡᠨ ᠰᠡᠵᠢᠭ ᠲᠠᠢ ᠪᠠᠢᠪᠠᠯ᠂ ᠡᠷᠬᠡᠪᠰᠢ 6 ᠰᠠᠷ᠎ᠠ᠎ᠶᠢᠨ 23 ᠡᠴᠡ 25 ᠎ᠤ᠋ ᠡᠳᠦᠷ ᠪᠣᠯᠲᠠᠯ᠎ᠠ ᠳᠤᠰ ᠬᠦᠮᠦᠨ᠎ᠤ ᠪᠡᠶ᠎ᠡ᠎ᠶᠢᠨ ᠦᠨᠡᠮᠯᠡᠯ ᠪᠠ ᠰᠢᠯᠭᠠᠭᠤᠯᠬᠤ ᠦᠨᠡᠮᠯᠡᠯ᠎ᠢᠶᠡᠨ ᠠᠪᠴᠤ᠂ ᠬᠣᠰᠢᠭᠤ᠂ ᠰᠢᠶᠠᠨ (ᠬᠣᠲᠠ᠂ ᠲᠣᠭᠣᠷᠢᠭ᠋) ᠤ᠋ ᠰᠤᠷᠭᠠᠨ ᠬᠥᠮᠦᠵᠢᠯ᠎ᠦᠨ ᠰᠢᠯᠭᠠᠯᠲᠠ᠎ᠶᠢᠨ ᠪᠠᠢᠭᠤᠯᠤᠮᠵᠢ᠎ᠳᠤ ᠬᠦᠷᠴᠦ ᠬᠢᠷᠢ ᠪᠦᠲᠦᠮᠵᠢ᠎ᠶᠢ ᠳᠠᠬᠢᠨ ᠬᠢᠨᠠᠭᠤᠯᠬᠤ ᠭᠤᠶᠤᠴᠢᠯᠠᠯ ᠭᠠᠷᠭᠠᠬᠤ ᠬᠡᠷᠡᠭᠲᠡᠢ᠂ ᠬᠤᠭᠤᠴᠠᠭ᠎ᠠ ᠨᠢ ᠬᠡᠳᠦᠷᠡᠪᠡᠯ ᠭᠥᠯᠢᠶᠡᠨ ᠠᠪᠴᠤ ᠰᠢᠢᠳᠪᠦᠷᠢᠯᠡᠬᠦ ᠦᠭᠡᠢ ᠬᠡᠵᠦ ᠰᠠᠨᠠᠭᠤᠯᠤᠭᠰᠠᠨ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面