ᠤᠯᠤᠰ᠎ᠤᠨ ᠰᠢᠯᠭᠠᠯᠲᠠ > ᠨᠢᠭᠡᠲᠦᠯᠲᠡᠢ ᠰᠢᠯᠭᠠᠯᠲᠠ᠎ᠶ᠋ᠢᠨ ᠬᠠᠯᠠᠭᠤᠨ ᠮᠡᠳᠡᠭᠡ

2022-06-27 10:22:26

ᠵᠣᠬᠢᠶᠠᠭ᠍ᠴᠢ᠄ ᠰᠢᠨᠡᠪᠢᠯᠢᠭ ᠣᠩᠱᠢᠭ᠍ᠰᠠᠨ ᠣᠳᠠᠭ᠎ᠠ᠄ 3

ᠤᠢᠷ᠎ᠠ ᠵᠢᠨ ᠡᠳᠦᠷ᠂ ᠦᠪᠡᠷᠳᠡᠬᠡᠨ ᠵᠠᠰᠠᠬᠤ ᠤᠷᠤᠨ ᠤ᠋ ᠲᠤᠳᠤᠭᠠᠳᠤ ᠵᠢ ᠬᠠᠮᠠᠭᠠᠯᠠᠬᠤ ᠲᠢᠩᠬᠢᠮ 《2022 ᠣᠨ᠎ᠤ ᠳᠣᠲᠣᠭᠠᠳᠤ᠎ᠶ᠋ᠢ ᠬᠠᠮᠠᠭᠠᠯᠠᠬᠤ ᠶᠡᠬᠡ ᠳᠡᠭᠡᠳᠦ ᠰᠤᠷᠭᠠᠭᠤᠯᠢ᠎ᠶ᠋ᠢᠨ ᠥᠪᠥᠷ ᠮᠣᠩᠭᠣᠯ ᠣᠷᠣᠨ᠎ᠡᠴᠨ ᠰᠣᠷᠣᠭ᠍ᠴᠢ ᠡᠯᠰᠡᠬᠦ᠌ ᠤᠯᠤᠰ ᠲᠥᠷᠥ ᠶ᠋ᠢᠨ ᠱᠢᠨᠵᠢᠯᠡᠨ ᠪᠠᠢᠴᠠᠭᠠᠯᠲᠠ᠎ᠶ᠋ᠢᠨ ᠭᠣᠭ᠍ᠴᠣᠭ᠎ᠠ᠎ᠳᠠᠬᠢ ᠬᠣᠯᠪᠣᠭ᠍ᠳᠠᠯ ᠪᠥᠬᠥᠶ ᠠᠩᠬᠠᠷᠬᠤ ᠵᠦᠶ᠋ᠯᠡᠰ᠎ᠦᠨ ᠲᠤᠬᠠᠶ ᠰᠠᠨᠠᠭᠤᠯᠤᠮᠵᠢ》 ᠵᠢ ᠨᠡᠢᠳᠡᠯᠡᠪᠡ᠃

ᠥᠷᠭᠡᠨ ᠣᠯᠠᠨ ᠱᠢᠯᠭᠠᠭᠤᠯᠤᠭ᠍ᠴᠢ᠎ᠳᠤ ᠤᠯᠠᠮ ᠴᠢᠨᠠᠬᠰᠢᠳᠠ ᠲᠥᠬᠥᠮ ᠦᠵᠡᠭᠦᠯᠵᠦ᠍᠂ ᠠᠵᠢᠯ᠎ᠤᠨ ᠴᠤᠪᠤᠷᠠᠯ᠎ᠢ ᠱᠢᠯᠢᠳᠡᠭ᠌ᠵᠢᠭᠦᠯᠦᠨ᠂ 《ᠲᠣᠭ᠎ᠠ ᠪᠠᠷᠢᠮᠲᠠ᠎ᠶ᠋ᠢ ᠢᠯᠡᠭᠦᠬᠡᠨ ᠭᠦᠶᠦᠯᠭᠡᠵᠦ᠍᠂ ᠣᠯᠠᠨ ᠲᠦᠮᠡᠨ᠎ᠢ ᠳᠤᠲᠠᠭᠤ ᠭᠦᠶᠦᠯᠭᠡᠬᠦ᠌》 ᠶ᠋ᠢ ᠦᠨᠡᠨ ᠬᠦ᠌ ᠪᠡᠶᠡᠯᠡᠭᠦᠯᠬᠦ᠌᠎ᠶ᠋ᠢᠨ ᠲᠥᠯᠥᠭᠡ᠂ 2022 ᠤᠨ ᠤ᠋ ᠳᠣᠲᠣᠭᠠᠳᠤ᠎ᠶ᠋ᠢ ᠬᠠᠮᠠᠭᠠᠯᠠᠬᠤ ᠶᠡᠬᠡ ᠳᠡᠭᠡᠳᠦ ᠰᠤᠷᠭᠠᠭᠤᠯᠢ᠎ᠶ᠋ᠢᠨ ᠮᠠᠨ ᠤ᠋ ᠤᠷᠤᠨ ᠡᠴᠨ ᠰᠣᠷᠣᠭ᠍ᠴᠢ ᠡᠯᠰᠡᠬᠦ᠌ ᠤᠯᠤᠰ ᠲᠥᠷᠥ᠎ᠶ᠋ᠢᠨ ᠱᠢᠨᠵᠢᠯᠡᠨ ᠪᠠᠢᠴᠠᠭᠠᠯᠲᠠ᠎ᠶ᠋ᠢᠨ ᠠᠵᠢᠯ᠎ᠤᠨ ᠭᠣᠭ᠍ᠴᠣᠭ᠎ᠠ᠎ᠳᠤ 《ᠰᠦᠯᠵᠢᠶᠡᠨ ᠳᠡᠭᠡᠷᠡᠬᠢ ᠤᠯᠤᠰ ᠲᠥᠷᠥ᠎ᠶ᠋ᠢᠨ ᠱᠢᠨᠵᠢᠯᠡᠨ ᠪᠠᠢᠴᠠᠭᠠᠯᠲᠠ᠎ᠶ᠋ᠢᠨ ᠱᠢᠰᠲ᠋ᠧᠮ》᠎ᠢ᠋ ᠵᠢᠩᠬᠢᠨᠢ᠎ᠪᠡᠷ ᠣᠷᠣᠭᠤᠯᠤᠨ ᠠᠪᠴᠢᠷᠠᠵᠤ᠂ ᠱᠢᠯᠭᠠᠭᠤᠯᠤᠭ᠍ᠴᠢ ᠵᠢ ᠲᠤᠬᠠᠶ᠎ᠶ᠋ᠢᠨ ᠭᠠᠵᠠᠷ᠎ᠤᠨ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ᠎ᠳᠤ ᠬᠦᠷᠴᠦ᠍ ᠭᠦᠶ᠋ᠴᠡᠳᠭᠡᠬᠦ᠌᠎ᠪᠡᠷ ᠠᠰᠲᠠᠭᠠᠨ ᠱᠠᠭᠠᠷᠳᠠᠬᠤ᠎ᠪᠠᠨ ᠪᠤᠯᠢᠪᠠ᠃

ᠳᠣᠲᠣᠭᠠᠳᠤ᠎ᠶ᠋ᠢ ᠬᠠᠮᠠᠭᠠᠯᠠᠬᠤ ᠶᠡᠬᠡ ᠳᠡᠭᠡᠳᠦ ᠰᠤᠷᠭᠠᠭᠤᠯᠢ᠎ᠳᠤ ᠱᠢᠯᠭᠠᠭᠤᠯᠬᠤ ᠰᠠᠨᠠᠭ᠎ᠠ᠎ᠲᠠᠶ ᠱᠢᠯᠭᠠᠭᠤᠯᠤᠭ᠍ᠴᠢ ᠡᠷᠬᠡᠪᠰᠢ ᠲᠣᠭ᠍ᠲᠠᠭ᠍ᠰᠠᠨ ᠴᠠᠭ᠎ᠤᠨ ᠳᠣᠲᠣᠷ᠎ᠠ ( 6 ᠰᠠᠷ᠎ᠠ᠎ᠶ᠋ᠢᠨ 16᠎ᠤ᠋ ᠡᠳᠦᠷ᠎ᠦᠨ 0᠄ 00 — 6 ᠰᠠᠷ᠎ᠠ᠎ᠶ᠋ᠢᠨ 28᠎ᠤ᠋ ᠡᠳᠦᠷ᠎ᠦᠨ 17᠄30) ᠺᠣᠮᠫᠢᠦ᠋ᠲ᠋ᠧᠷ᠎ᠦᠨ PC ᠦᠵᠦᠭᠦᠷᠯᠢᠭ ᠎ᠢᠶᠡᠷ ᠳᠠᠮᠵᠢᠭᠤᠯᠤᠨ᠂ 《ᠰᠦᠯᠵᠢᠶᠡᠨ ᠳᠡᠭᠡᠷᠡᠬᠢ ᠤᠯᠤᠰ ᠲᠥᠷᠥ᠎ᠶ᠋ᠢᠨ ᠱᠢᠨᠵᠢᠯᠡᠨ ᠪᠠᠢᠴᠠᠭᠠᠯᠲᠠ᠎ᠶ᠋ᠢᠨ ᠱᠢᠰᠲ᠋ᠧᠮ》᠎ᠳ᠋ᠤ ᠭᠠᠷᠴᠤ᠌᠂ ᠬᠦᠢᠴᠡᠳᠭᠡᠬᠦ ᠳᠠᠷᠠᠭᠠᠯᠠᠯ ᠶᠣᠰᠣᠭᠠᠷ ᠬᠠᠮᠢᠶ᠎ᠠ ᠪᠥᠬᠥᠶ ᠠᠵᠢᠯᠯᠠᠭ᠎ᠠ᠎ᠪᠠᠨ ᠪᠡᠶᠡᠯᠡᠭᠦᠯᠵᠦ᠍᠂ ᠲᠣᠰ ᠬᠥᠮᠦᠨ᠎ᠦ ᠤᠯᠤᠰ ᠲᠥᠷᠥ᠎ᠶ᠋ᠢᠨ ᠪᠠᠢᠴᠠᠭᠠᠯᠲᠠ᠎ᠶ᠋ᠢᠨ ᠮᠡᠳᠡᠭᠡ ᠵᠠᠩᠭᠢ᠎ᠪᠡᠨ ᠦᠨᠡᠨ ᠮᠥᠨ᠎ᠢᠶᠡᠷ ᠲᠠᠭ᠍ᠯᠠᠨ ᠪᠢᠴᠢᠵᠦ᠂ ᠬᠢᠨᠠᠨ ᠬᠠᠷᠭᠤᠭᠤᠯᠤᠭᠤᠯᠬᠤ ᠪᠡᠷ ᠲᠡᠭᠡᠭᠰᠢ ᠲᠤᠰᠢᠶᠠᠪᠠᠯ ᠪᠤᠯᠴᠢᠬᠠᠨ᠎ᠠ᠃

ᠥᠷᠭᠡᠨ ᠣᠯᠠᠨ ᠱᠢᠯᠭᠠᠭᠤᠯᠤᠭ᠍ᠴᠢ ᠲᠣᠭ᠍ᠲᠠᠭ᠍ᠰᠠᠨ ᠴᠠᠭ᠎ᠲᠤ 《ᠰᠦᠯᠵᠢᠶᠡᠨ ᠳᠡᠭᠡᠷᠡᠬᠢ ᠤᠯᠤᠰ ᠲᠥᠷᠥ᠎ᠶ᠋ᠢᠨ ᠱᠢᠨᠵᠢᠯᠡᠨ ᠪᠠᠢᠴᠠᠭᠠᠯᠲᠠ᠎ᠶ᠋ᠢᠨ ᠱᠢᠰᠲ᠋ᠧᠮ》 ᠎ᠳ᠋ᠤ ᠭᠠᠷᠴᠤ᠌ ᠮᠡᠳᠡᠭᠡ ᠵᠠᠩᠭᠢ ᠪᠡᠨ ᠲᠠᠬᠯᠠᠨ ᠲᠤᠰᠢᠶᠠᠵᠤ᠂ ᠣᠷᠬᠢᠭ᠍ᠳᠠᠭᠤᠯᠬᠤ᠂ ᠪᠤᠷᠤᠭᠤ ᠲᠠᠭ᠍ᠯᠠᠬᠤ ᠵᠡᠷᠭᠡ ᠪᠠᠢᠳᠠᠯ ᠭᠠᠷᠬᠤ᠎ᠡᠴᠨ ᠵᠠᠢᠯᠠᠰᠭᠢᠪᠡᠯ ᠵᠤᠬᠢᠨ᠎ᠠ᠃ ᠤᠯᠤᠰ ᠲᠥᠷᠥ᠎ᠶ᠋ᠢᠨ ᠱᠢᠨᠵᠢᠯᠡᠨ ᠪᠠᠢᠴᠠᠭᠠᠯᠲᠠ᠎ᠶ᠋ᠢᠨ ᠮᠡᠳᠡᠭᠡ ᠵᠠᠩᠭᠢ᠎ᠶ᠋ᠢ ᠲᠠᠭ᠍ᠯᠠᠨ ᠮᠡᠳᠡᠭᠦᠯᠬᠦ᠌ ᠶᠠᠪᠤᠴᠠ᠎ᠳᠤ ᠬᠡᠷᠪᠡ ᠬᠠᠮᠢᠶ᠎ᠠ ᠪᠥᠬᠥᠶ ᠠᠰᠠᠭᠤᠳᠠᠯ ᠲᠤᠯᠭᠠᠷᠠᠪᠠᠯ᠂ 《ᠰᠦᠯᠵᠢᠶᠡᠨ ᠳᠡᠭᠡᠷᠡᠬᠢ ᠤᠯᠤᠰ ᠲᠥᠷᠥ᠎ᠶ᠋ᠢᠨ ᠱᠢᠨᠵᠢᠯᠡᠨ ᠪᠠᠢᠴᠠᠭᠠᠯᠲᠠ᠎ᠶ᠋ᠢᠨ ᠱᠢᠰᠲ᠋ᠧᠮ》᠎ᠳ᠋ᠤ ᠲᠣᠳᠣᠷᠬᠠᠢᠯᠠᠭ᠍ᠰᠠᠨ ᠠᠢᠮᠠᠭ ᠬᠣᠲᠠ᠎ᠶ᠋ᠢᠨ ᠳᠣᠲᠣᠭᠠᠳᠤ ᠶ᠋ᠢ ᠬᠠᠮᠠᠭᠠᠯᠠᠬᠤ ᠲᠣᠪᠴᠢᠶ᠎ᠠ᠎ᠶ᠋ᠢᠨ ᠤᠯᠤᠰ ᠲᠥᠷᠥ᠎ᠶ᠋ᠢᠨ ᠱᠢᠨᠵᠢᠯᠡᠨ ᠪᠠᠢᠴᠠᠭᠠᠯᠲᠠ᠎ᠶ᠋ᠢᠨ ᠠᠵᠢᠯ ᠬᠦᠢᠴᠡᠳᠭᠡᠭᠴᠢ᠎ᠲᠠᠶ ᠴᠠᠭ ᠲᠤᠬᠠᠶ᠎ᠳᠤᠨᠢ ᠬᠠᠷᠢᠯᠴᠠᠬᠤ ᠬᠡᠷᠡᠭ᠌ᠲᠡᠶ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面