ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ᠎ᠢ᠋ ᠱᠢᠯᠢᠳᠡᠭᠵᠢᠭᠦᠯᠦᠶ᠎᠎ᠡ > ᠥᠪᠥᠷ ᠮᠣᠩᠭᠣᠯ᠎ᠤ᠋ᠨ ᠠᠵᠢᠯᠯᠠᠭ᠎ᠠ

2022-02-07 09:54:15

ᠵᠣᠬᠢᠶᠠᠭ᠍ᠴᠢ᠄ ᠪᠤᠤ ᠴᠢᠩ ᠱᠧᠩ ᠣᠩᠱᠢᠭ᠍ᠰᠠᠨ ᠣᠳᠠᠭ᠎ᠠ᠄ 3

ᠲᠥᠩᠯᠢᠶᠤᠤ᠎ᠬᠣᠲᠠ᠎ᠬᠤᠳᠠᠯᠳᠤᠭ᠎ᠠ ᠡᠷᠬᠢᠯᠡᠬᠥ᠌ ᠣᠷᠴᠢᠨ ᠨᠥᠬᠥᠴᠡᠯ᠎ᠦᠨ ᠴᠢᠨᠠᠷ᠎ᠴᠢᠨᠰᠠᠭ᠎ᠠ ᠵᠢ ᠪᠦᠲᠦᠮᠵᠢᠲᠡᠶ ᠳᠡᠭᠡᠭ᠌ᠰᠢᠯᠡᠭᠦᠯᠬᠦ᠌᠎ᠶ᠋ᠢᠨ ᠲᠥᠯᠥᠭᠡ᠂ ᠵᠢᠯ᠎ᠦᠨ ᠡᠬᠢᠨ᠎ᠡᠴᠡ᠂ ᠪᠥᠬᠥ᠌ ᠬᠣᠲᠠ᠎ᠶ᠋ᠢᠨ ᠬᠡᠪᠴᠢᠶᠡᠨ᠎ᠳᠦ ᠠᠵᠢᠯ ᠶᠠᠪᠤᠳᠠᠯ ᠭᠦᠶ᠋ᠴᠡᠳᠭᠡᠬᠦ᠌᠎ᠳᠦ ᠬᠦᠴᠢᠷᠲᠡᠶ ᠪᠠᠢᠬᠤ ᠠᠰᠠᠭᠤᠳᠠᠯ᠎ᠢ ᠴᠡᠭ᠌ᠴᠡᠯᠡᠨ ᠵᠠᠰᠠᠬᠤ᠂ ᠠᠵᠤ ᠠᠬᠤᠢᠯᠠᠯ᠎ᠳᠤ ᠬᠣᠯᠪᠣᠭ᠍ᠳᠠᠭ᠍ᠰᠠᠨ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠦᠯᠲᠡ᠎ᠶ᠋ᠢ ᠲᠥᠷᠢᠮᠵᠢᠭᠥᠯᠬᠥ᠌᠂ ᠦᠨᠡᠨᠴᠢ ᠢᠲᠡᠭᠡᠮᠵᠢᠲᠡᠶ ᠵᠠᠰᠠᠭ᠎ᠤᠨ ᠣᠷᠳᠣᠨ᠎ᠤ ᠪᠠᠢᠭᠤᠯᠤᠯᠲᠠ᠂ ᠥᠯᠥ᠍ ᠬᠥᠳᠡᠯᠬᠦ᠌ ᠬᠥᠷᠥᠩᠭᠡ᠎ᠶ᠋ᠢ ᠳᠡᠩᠰᠡᠯᠡᠨ ᠲᠡᠮᠳᠡᠭ᠌ᠯᠡᠬᠦ᠌᠎ᠶ᠋ᠢ ᠱᠢᠯᠢᠳᠡᠭ᠌ᠵᠢᠭᠦᠯᠬᠦ᠂ ᠠᠵᠤ ᠠᠬᠤᠢᠯᠠᠯ᠎ᠳᠤ ᠬᠣᠯᠪᠣᠭ᠍ᠳᠠᠭ᠍ᠰᠠᠨ ᠲᠥᠷᠢᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠢᠯᠭᠠᠷᠠᠭᠤᠯᠤᠨ ᠳᠢᠭ᠌ᠯᠡᠬᠦ᠌ ᠵᠡᠷᠭᠡ ᠲᠠᠪᠤᠨ ᠲᠤᠰᠭᠠᠶ ᠠᠵᠢᠯᠯᠠᠭ᠎ᠠ᠎ᠶ᠋ᠢ ᠥᠷᠨᠢᠭᠦᠯᠵᠦ᠍᠂ ᠪᠤᠳᠠᠳᠠᠢ ᠠᠵᠢᠯᠯᠠᠵᠤ ᠭᠦᠨᠵᠡᠭᠡᠶ ᠠᠬᠢᠭᠤᠯᠬᠤ᠎ᠪᠠᠷ ᠳᠡᠮᠵᠢᠨ ᠱᠠᠲᠥᠴᠢ ᠴᠢᠨᠠᠷᠲᠠᠶ ᠦᠷ᠎ᠡ ᠪᠦᠲᠦᠮᠵᠢ ᠣᠯᠵᠤ᠂ ᠪᠥᠬᠥ᠌ ᠬᠣᠲᠠ᠎ᠶ᠋ᠢᠨ ᠬᠤᠳᠠᠯᠳᠤᠭ᠎ᠠ ᠡᠷᠬᠢᠯᠡᠬᠥ᠌ ᠣᠷᠴᠢᠨ ᠨᠥᠬᠥᠴᠡᠯ᠎ᠦᠨ ᠪᠠᠢᠭᠤᠯᠤᠯᠲᠠ ᠵᠢᠠ ᠶᠠᠪᠤᠴᠠ ᠳ᠋ᠠᠬᠢ ᠳᠤᠲᠠᠭᠤᠳᠠᠯ ᠪᠠ ᠪᠠᠭᠤᠷᠠᠶ ᠲᠠᠯ᠎ᠠ᠎ᠶ᠋ᠢ ᠪᠦᠲᠦᠮᠵᠢᠲᠡᠶ ᠨᠥᠬᠥᠪᠥᠷᠢᠯᠡᠨ ᠴᠢᠩᠭᠠᠳᠭᠠᠬ᠍ᠰᠠᠨ ᠪᠠᠢ᠌ᠨ᠎ᠠ᠃

ᠠᠵᠤ ᠠᠬᠤᠢᠯᠠᠯ ᠪᠠ ᠣᠯᠠᠨ ᠲᠦᠮᠡᠨ᠎ᠳᠦ ᠦᠶ᠋ᠯᠡᠴᠢᠯᠡᠬᠦ᠌ 《ᠡᠴᠦᠰ᠎ᠦᠨ ᠨᠢᠭᠡ ᠺᠢᠯᠣᠮᠧᠲ᠋ᠷ》 ᠢ᠋ ᠨᠡᠪᠲᠡᠷᠡᠭᠦᠯᠪᠠ᠃ ᠲᠤᠰ ᠬᠣᠲᠠ ᠠᠵᠤ ᠠᠬᠤᠢᠯᠠᠯ᠎ᠤᠨ ᠲᠦᠭ᠌ᠵᠢᠷᠡᠯ ᠲᠠᠢ᠂ ᠡᠮᠵᠡᠭ ᠲᠠᠢ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠵᠢᠯ᠎ᠦᠨ ᠡᠬᠢᠨ᠎ᠳᠦ ᠬᠣᠲᠠ᠎ᠶ᠋ᠢᠨ ᠬᠤᠳᠠᠯᠳᠤᠭ᠎ᠠ ᠡᠷᠬᠢᠯᠡᠬᠥ᠌ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠠᠵᠢᠯ᠎ᠤᠨ ᠤᠳᠤᠷᠢᠳᠭᠤ ᠳᠤᠭᠤᠢᠯᠠᠩ᠎ᠤᠨ ᠠᠯᠪᠠᠨ ᠬᠡᠷ ᠲᠦᠷᠦᠭᠦᠯᠡᠨ᠂ ᠬᠣᠲᠠ᠎ᠶ᠋ᠢᠨ ᠵᠠᠰᠠᠭ ᠵᠠᠬᠢᠷᠭᠠᠨ᠎ᠤ ᠬᠢᠨᠠᠨ ᠵᠥᠪᠱᠢᠶᠡᠷᠡᠬᠦ᠌ ᠪᠠ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠣᠪᠴᠢᠶ᠎ᠠ ᠪᠣᠳᠠᠲᠠᠶ ᠬᠠᠷᠢᠭᠤᠴᠠᠵᠤ᠂ 《ᠵᠠᠰᠠᠭ᠎ᠤᠨ ᠣᠷᠳᠣᠨ 〈ᠬᠦᠴᠢᠷ ᠶᠠᠪᠤᠳᠠᠯ᠎ᠢ ᠱᠢᠶ᠋ᠳᠪᠦᠷᠢᠯᠡᠬᠥ᠌〉 ᠪᠡᠷ ᠳᠠᠮᠵᠢᠨ ᠠᠵᠤ ᠠᠬᠤᠢᠯᠠᠯ ᠪᠠ ᠣᠯᠠᠨ ᠲᠦᠮᠡᠨ᠎ᠦ 〈ᠠᠵᠢᠯ ᠶᠠᠪᠤᠳᠠᠯ ᠭᠦᠶ᠋ᠴᠡᠳᠭᠡᠬᠦ᠌᠎ᠳᠦ ᠬᠦᠴᠢᠷ〉 ᠪᠠᠢᠬᠤ ᠠᠰᠠᠭᠤᠳᠠᠯ᠎ᠢ ᠱᠢᠶ᠋ᠳᠪᠦᠷᠢᠯᠡᠬᠦ᠌》 ᠲᠤᠰᠭᠠᠶ ᠴᠡᠭ᠌ᠴᠡᠯᠡᠨ ᠵᠠᠰᠠᠬᠤ ᠠᠵᠢᠯᠯᠠᠭ᠎ᠠ ᠥᠷᠨᠢᠭᠦᠯᠵᠠᠢ᠃ ᠣᠳᠣ ᠪᠣᠯᠲᠠᠯ᠎ᠠ᠂ 12345 ᠬᠣᠲᠠ᠎ᠶ᠋ᠢᠨ ᠠᠷᠠᠳ᠎ᠤᠨ ᠦᠶ᠋ᠯᠡᠴᠢᠯᠡᠭᠡᠨ᠎ᠦ ᠬᠠᠯᠠᠮᠱᠢᠯ ᠤᠲᠠᠰᠤ᠂ ᠢᠮᠸᠯ ᠪᠠ ᠵᠠᠬᠢᠳᠠᠯ ᠴᠢᠮᠡᠭᠡ ᠪᠡᠷ ᠲᠤᠰᠭᠠᠭ᠍ᠰᠠᠨ ᠠᠰᠠᠭᠤᠳᠠᠯ᠎ᠢ 1431 ᠬᠤᠪᠢ ᠴᠤᠭ᠍ᠯᠠᠭᠤᠯᠤᠨ ᠬᠤᠷᠢᠶᠠᠩᠭᠤᠢᠯᠠᠵᠤ᠂ 1420 ᠠᠰᠠᠭᠤᠳᠠᠯ᠎ᠢ ᠱᠢᠶ᠋ᠳᠪᠦᠷᠢᠯᠡᠨ᠂ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠤᠭ᠍ᠰᠠᠨ ᠨᠣᠷᠮ᠎ᠠ 99.2%᠎ᠲᠤ ᠬᠦᠷᠴᠦ᠍᠂ ᠨᠢᠭᠡ ᠪᠦᠯᠦᠭ ᠠᠵᠤ ᠠᠬᠤᠢᠯᠠᠯ ᠪᠠ ᠣᠯᠠᠨ ᠲᠦᠮᠡᠨ᠎ᠦ 《ᠬᠦᠴᠢᠷ》 ᠠᠰᠠᠭᠤᠳᠠᠯ᠎ᠢ ᠦᠨᠡᠨ ᠬᠦ᠌ ᠱᠢᠶ᠋ᠳᠪᠦᠷᠢᠯᠡᠨ᠂ ᠠᠵᠤ ᠠᠬᠤᠢᠯᠠᠯ ᠪᠠ ᠣᠯᠠᠨ ᠲᠦᠮᠡᠨ᠎ᠦ ᠬᠦᠷᠢᠶᠡᠯᠡᠯ᠎ᠢ ᠤᠯᠵᠠᠢ᠃

ᠠᠵᠤ ᠠᠬᠤᠢᠯᠠᠯ᠎ᠳᠤ ᠬᠣᠯᠪᠣᠭ᠍ᠳᠠᠭ᠍ᠰᠠᠨ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠦᠯᠲᠡ᠎ᠶ᠋ᠢ ᠨᠠᠩ ᠳᠥᠷᠢᠮᠵᠢᠭᠥᠯᠪᠡ᠃ 《ᠵᠠᠬ᠎ᠠ ᠳᠡᠯᠭᠡᠭᠦᠷ᠎ᠦᠨ ᠭᠤᠤᠯ ᠴᠣᠭ᠍ᠴᠠ᠎ᠳᠤ ᠥᠨᠳᠥᠷ ᠦᠷ᠎ᠡ ᠪᠦᠲᠦᠮᠵᠢᠲᠡᠶ᠎ᠪᠡᠷ ᠦᠶ᠋ᠯᠡᠴᠢᠯᠡᠵᠦ᠍᠂ ᠨᠡᠢᠭᠡᠮ᠎ᠦᠨ ᠵᠠᠰᠠᠯᠲᠠ᠎ᠶ᠋ᠢᠨ ᠱᠢᠨ᠎ᠡ᠎ᠶ᠋ᠢ ᠡᠭᠦᠳᠬᠦ᠌᠎ᠶ᠋ᠢ ᠭᠦᠨᠵᠡᠭᠡᠢᠷᠡᠭᠦᠯᠦᠨ᠂ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ》ᠡᠭᠦᠷᠭᠡ᠎ᠶ᠋ᠢᠨ ᠲᠣᠭᠣᠷᠢᠨ᠎ᠳᠤ᠂ ᠭᠤᠤᠯᠳᠠᠯᠭ᠎ᠠ᠎ᠲᠠᠶ ᠬᠦᠷᠢᠶ᠎ᠡ ᠴᠠᠷᠠᠭ᠎ᠠ᠎ᠶ᠋ᠢᠨ ᠴᠡᠭ ᠪᠠ ᠪᠥᠬᠥ᠌ ᠲᠠᠯ᠎ᠠ ᠵᠢ ᠤᠶᠠᠯᠳᠤᠭᠤᠯᠬᠤ ᠱᠢᠰᠲ᠋ᠧᠮ᠂ ᠬᠢᠨᠠᠨ ᠬᠠᠮᠢᠶᠠᠷᠴᠤ᠌ ᠬᠠᠤᠯᠢ ᠬᠡᠷᠡᠭ᠌ᠵᠢᠭᠦᠯᠬᠦ᠌ ᠱᠢᠰᠲ᠋ᠧᠮ᠂ ᠬᠠᠮᠵᠢᠯᠴᠠᠨ ᠬᠢᠨᠠᠨ ᠬᠠᠮᠢᠶᠠᠷᠬᠤ ᠱᠢᠰᠲ᠋ᠧᠮ᠂ ᠰᠠᠭᠤᠷᠢ ᠲᠤᠯᠭᠠᠭᠤᠷᠢᠯᠠᠯ᠎ᠤᠨ ᠱᠢᠰᠲ᠋ᠧᠮ ᠵᠡᠷᠭᠡ 《ᠳᠥᠷᠪᠡᠨ ᠶᠡᠬᠡ ᠱᠢᠰᠲ᠋ᠧᠮ》 ᠵᠢᠡᠷ ᠬᠠᠷᠠᠯᠲᠠ ᠪᠣᠯᠭᠠᠵᠤ᠂ 《ᠬᠣᠶᠠᠷ᠎ᠢ ᠰᠤᠭᠤᠴᠢᠠ ᠪᠠᠢᠴᠠᠭᠠᠵᠥ᠂ ᠨᠢᠭᠡ᠎ᠶ᠋ᠢ ᠢᠯᠡ ᠪᠣᠯᠭᠠᠬᠤ》 ᠬᠢᠨᠠᠯᠲᠠ ᠬᠠᠮᠢᠶᠠᠷᠤᠯᠲᠠ᠂ 《ᠢᠨᠲ᠋ᠧᠷ ᠰᠦᠯᠵᠢᠶ᠎ᠡ+᠎ᠬᠢᠨᠠᠯᠲᠠ ᠬᠠᠮᠢᠶᠠᠷᠤᠯᠲᠠ》ᠵᠡᠷᠭᠡ ᠶᠡᠷᠦᠩᠬᠡᠢᠯᠡᠭ᠌ᠰᠡᠨ ᠬᠢᠨᠠᠯᠲᠠ ᠬᠠᠮᠢᠶᠠᠷᠤᠯᠲᠠ᠎ᠶ᠋ᠢᠨ ᠠᠵᠢᠯ᠎ᠢ ᠪᠥᠬᠥ᠌ ᠬᠦᠴᠦᠨ᠎ᠢᠶᠡᠷ ᠠᠬᠢᠭᠤᠯᠵᠠᠢ᠃ ᠣᠳᠣ ᠪᠣᠯᠲᠠᠯ᠎ᠠ᠂ ᠲᠤᠰ ᠬᠣᠲᠠ᠎ᠶ᠋ᠢᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠬᠦᠷᠢᠶᠡᠨ᠎ᠳᠡᠬᠢ148 ᠭᠤᠤᠯ ᠪᠣᠯᠬᠤ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ 《ᠬᠣᠶᠠᠷ᠎ᠢ ᠰᠤᠭᠤᠴᠢᠠ ᠪᠠᠢᠴᠠᠭᠠᠵᠤ᠂ ᠨᠢᠭᠡ᠎ᠶ᠋ᠢ ᠢᠯᠡ ᠪᠣᠯᠭᠠᠬᠤ》 ᠠᠵᠢᠯ᠎ᠢ ᠥᠷᠨᠢᠭᠦᠯᠥᠨ᠂ ᠲᠣᠰ ᠰᠠᠯᠠᠭ᠎ᠠ ᠮᠥᠴᠢᠷ᠎ᠦᠨ ᠬᠤᠤᠰ ᠰᠤᠭᠤᠴᠢᠨ ᠪᠠᠢᠴᠠᠭᠠᠯᠲᠠ᠎ᠶ᠋ᠢ 1609 ᠪᠦᠯᠦᠭ ᠤᠳᠠᠭ᠎ᠠ ᠥᠷᠨᠢᠭᠦᠯᠵᠦ᠍᠂ 2.772 ᠲᠦᠮᠡᠡ ᠵᠠᠬ᠎ᠠ ᠳᠡᠯᠭᠡᠭᠦᠷ᠎ᠦᠨ ᠭᠤᠤᠯ ᠴᠣᠭ᠍ᠴᠠ᠎ᠶ᠋ᠢ ᠰᠤᠭᠤᠴᠢᠵᠤ ᠪᠠᠢᠴᠠᠭᠠᠨ᠂ ᠰᠠᠯᠠᠭ᠎ᠠ ᠮᠥᠴᠢᠷ ᠬᠠᠮᠲᠤᠷᠠᠨ ᠬᠤᠤᠰ ᠰᠤᠭᠤᠴᠢᠨ ᠪᠠᠢᠴᠠᠭᠠᠯᠲᠠ ᠎ᠶ᠋ᠢ 444 ᠪᠦᠯᠦᠭ ᠤᠳᠠᠭ᠎ᠠ ᠥᠷᠨᠢᠭᠦᠯᠵᠦ᠍᠂1875 ᠵᠠᠬ᠎ᠠ ᠳᠡᠯᠭᠡᠭᠦᠷ᠎ᠦᠨ ᠭᠤᠤᠯ ᠴᠣᠭ᠍ᠴᠠ᠎ᠶ᠋ᠢ ᠰᠤᠭᠤᠴᠢᠨ ᠪᠠᠢᠴᠠᠭᠠᠬ᠍ᠰᠠᠨ ᠪᠠᠢ᠌ᠨ᠎ᠠ᠃

ᠵᠠᠰᠠᠭ᠎ᠤᠨ ᠣᠷᠳᠣᠨ᠎ᠤ ᠨᠡᠢᠲᠡ᠎ᠶ᠋ᠢᠨ ᠢᠲᠡᠭᠡᠭᠦᠯᠬᠦ᠌ ᠬᠦᠴᠦᠨ ᠤᠯᠠᠮ ᠨᠢᠭᠡ ᠠᠯᠬᠤᠮ ᠳᠡᠭᠡᠭ᠌ᠰᠢᠯᠡᠪᠡ᠃ ᠦᠨᠡᠨᠴᠢ ᠢᠲᠡᠭᠡᠮᠵᠢᠲᠡᠶ ᠵᠠᠰᠠᠭ᠎ᠤᠨ ᠣᠷᠳᠣᠨ᠎ᠤ ᠪᠠᠢᠭᠤᠯᠤᠯᠲᠠ᠎ᠶ᠋ᠢᠨ ᠲᠤᠰᠭᠠᠶ ᠠᠵᠢᠯᠯᠠᠭ᠎ᠠ᠎ᠶ᠋ᠢ ᠬᠦᠴᠦᠲᠡᠶ ᠠᠬᠢᠭᠤᠯᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ᠂ ᠢᠯᠡ᠎ᠪᠡᠷ ᠵᠠᠰᠠᠭ ᠶᠠᠪᠤᠭᠤᠯᠬᠤ ᠪᠠ ᠬᠢᠨᠠᠯᠲᠠ ᠲᠠᠯᠪᠢᠬᠤ᠎ᠶ᠋ᠢ ᠴᠢᠩᠭᠠᠳᠭᠠᠬᠤ᠎ᠶ᠋ᠢ ᠦᠨᠡᠨᠴᠢ ᠢᠲᠡᠭᠡᠮᠵᠢᠲᠡᠶ ᠵᠠᠰᠠᠭ᠎ᠤᠨ ᠣᠷᠳᠣᠨ᠎ᠤ ᠪᠠᠢᠭᠤᠯᠤᠯᠲᠠ᠎ᠶ᠋ᠢ ᠠᠬᠢᠭᠤᠯᠬᠤ ᠴᠢᠬᠤᠯᠠ ᠠᠷᠭ᠎ᠠ ᠪᠠᠷᠢᠯ ᠪᠣᠯᠭᠠᠨ᠂ ᠥᠩᠭᠡᠷᠡᠭ᠌ᠰᠡᠨ ᠵᠢᠯ᠎ᠦᠳ᠎ᠦᠨ ᠪᠡᠶᠡᠯᠡᠭᠦᠯᠦᠭᠡᠳᠦᠶ ᠭᠡᠷ᠎ᠡ᠂ ᠬᠡᠯᠡᠯᠴᠡᠭᠡᠷ ᠪᠠ ᠬᠠᠷᠠᠭᠠᠯᠵᠠᠯ᠎ᠤᠨ ᠲᠥᠷᠥ᠎ᠶ᠋ᠢᠨ ᠪᠣᠳᠣᠯᠭ᠎ᠠ᠂ ᠠᠷᠠᠳ᠎ᠡᠴᠡ ᠡᠵᠡᠩᠨᠡᠭ᠌ᠰᠡᠨ ᠠᠵᠤ ᠠᠬᠤᠢᠯᠠᠯ ᠳ᠋ᠤ ᠥᠷᠢᠳᠥᠭ᠌ᠰᠡᠨ ᠵᠣᠭᠣᠰ᠂ ᠵᠠᠰᠠᠭ᠎ᠤᠨ ᠣᠷᠳᠣᠨ᠎ᠤ ᠳᠤᠷᠠᠳᠤᠬ᠍ᠰᠠᠨ ᠠᠮᠠᠯᠠᠯᠲᠠ᠎ᠪᠠᠷ ᠭᠤᠤᠯᠳᠠᠯᠭ᠎ᠠ ᠪᠣᠯᠭᠠᠵᠤ᠂ ᠨᠠᠷᠢᠨ ᠳᠠᠩᠰᠠ ᠪᠠ ᠭᠦᠶ᠋ᠴᠡᠳᠭᠡᠬᠦ᠌ ᠡᠬᠡ ᠳᠠᠩᠰᠠ᠎ᠶ᠋ᠢ ᠪᠠᠢᠭᠤᠯᠤᠨ᠂ ᠪᠣᠳᠠᠲᠠᠶ ᠭᠦᠶ᠋ᠴᠡᠳᠭᠡᠬᠦ᠌ ᠲᠥᠰᠦᠯ᠎ᠲᠣᠭ᠍ᠲᠠᠭᠠᠵᠤ᠂ ᠵᠦᠶ᠋ᠯ ᠳᠠᠷᠠᠭᠠᠯᠠᠨ ᠨᠠᠢᠳᠠᠪᠤᠷᠢᠵᠢᠭᠤᠯᠵᠠᠢ᠃ ᠣᠳᠥ ᠪᠣᠯᠲᠠᠯ᠎ᠠ᠂ ᠡᠬᠡ ᠲᠠᠩᠰᠠᠨ ᠎ᠳᠤ ᠣᠷᠣᠭᠤᠯᠤᠭ᠍ᠰᠠᠨ ᠵᠥᠷᠢᠯᠳᠦᠭᠡᠨ ᠥᠬᠡᠶ ᠥᠷᠢᠳᠥᠭ᠌ᠰᠡᠨ ᠵᠣᠭᠣᠰ᠎ᠢ ᠪᠦᠬᠦᠨ᠎ᠢ ᠳᠥᠯᠥᠵᠦ᠍ ᠳᠠᠭᠤᠰᠭᠠᠨ᠂ ᠠᠵᠤ ᠠᠬᠤᠢᠯᠠᠯ᠎ᠳᠤ ᠬᠣᠯᠪᠣᠭ᠍ᠳᠠᠭ᠍ᠰᠠᠨ ᠬᠠᠷᠠᠭᠠᠯᠵᠠᠯ᠎ᠤᠨ ᠲᠥᠷᠥ᠎ᠶ᠋ᠢᠨ ᠪᠣᠳᠣᠯᠭ᠎ᠠ᠎ᠶ᠋ᠢᠨ ᠪᠠᠯᠠ ᠮᠥᠩᠭᠥ᠎ᠶ᠋ᠢ 4096 ᠲᠦᠮᠡᠨ ᠲᠥᠭᠥᠷᠢᠭ ᠪᠤᠳᠠᠳᠠᠢ᠌ᠵᠢᠭᠤᠯᠵᠤ᠂ ᠳᠤᠮᠳᠠ ᠪᠠᠭ᠎ᠠ ᠠᠵᠤ ᠠᠬᠤᠢᠯᠠᠯ᠎ᠳᠤ ᠥᠷᠢᠲᠦᠵᠦ᠍ ᠪᠠᠢᠭ᠎ᠠ ᠵᠣᠭᠣᠰ ᠢ᠋ 2.04 ᠳ᠋ᠦᠩᠱᠢᠭᠤᠷ ᠲᠥᠭᠥᠷᠢᠭ ᠳᠥᠯᠥᠵᠦ᠍ ᠳᠠᠭᠤᠰᠭᠠᠪᠠ᠃ ᠵᠢᠯ᠎ᠦᠨ ᠡᠬᠢᠨ᠎ᠳᠦ ᠲᠥᠪ ᠪᠠ ᠣᠷᠣᠨ᠎ᠤ 30 ᠱᠢᠭᠤᠳ᠎ᠬᠠᠷᠢᠶ᠎ᠠ᠎ᠰᠠᠯᠠᠭ᠎ᠠ ᠮᠥᠴᠢᠷ᠎ᠢ ᠵᠣᠬᠢᠶᠠᠨ ᠪᠠᠢᠭᠤᠯᠵᠤ ᠨᠡᠢᠭᠡᠮ᠎ᠳᠦ ᠠᠮᠠᠯᠳᠠᠬᠰᠠᠠ103 ᠵᠦᠶ᠋ᠯ᠎ᠦᠨ ᠠᠮᠠᠯᠠᠯᠲᠠ᠎ᠪᠠᠨ ᠪᠦᠬᠦᠨ᠎ᠢ ᠪᠡᠶᠡᠯᠡᠭᠦᠯᠥᠭ᠌ᠰᠡᠨ ᠪᠠᠢ᠌ᠨ᠎ᠠ᠃

ᠥᠯᠥ᠍ ᠬᠥᠳᠡᠯᠬᠦ᠌ ᠬᠥᠷᠥᠩᠭᠡ᠎ᠶ᠋ᠢ ᠳᠡᠩᠰᠡᠯᠡᠨ ᠲᠡᠮᠳᠡᠭ᠌ᠯᠡᠬᠦ᠌ ᠦᠶ᠋ᠯᠡᠴᠢᠯᠡᠭᠡᠨ᠎ᠦ ᠶᠠᠰᠤ ᠴᠢᠨᠠᠷ ᠬᠢᠭᠡᠳ ᠦᠷ᠎ᠡ ᠪᠦᠲᠦᠮᠵᠢ ᠢᠯᠡᠳᠲᠡ ᠳᠡᠭᠡᠭ᠌ᠰᠢᠯᠡᠪᠡ᠃ ᠬᠣᠲᠠ ᠬᠣᠱᠢᠭᠤ ᠬᠣᠶᠠᠷ ᠱᠠᠲᠤᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠰᠠᠯᠠᠭ᠎ᠠ ᠮᠥᠴᠢᠷ ᠲᠤᠬᠠᠢᠯᠠᠭ᠍ᠰᠠᠨ ᠠᠵᠢᠯ᠎ᠢ ᠭᠥᠯᠢᠶᠡᠨ ᠠᠪᠴᠤ᠌ ᠱᠢᠶ᠋ᠳᠪᠦᠷᠢᠯᠡᠬᠦ᠌ ᠴᠣᠩᠬᠣᠪᠴᠢ᠎ᠶ᠋ᠢ ᠤᠯᠠᠮ ᠨᠢᠭᠡ ᠠᠯᠬᠤᠮ ᠨᠡᠢᠳᠭᠡᠵᠤ᠂ ᠥᠯᠥ᠍ ᠬᠥᠳᠡᠯᠬᠦ᠌ ᠬᠥᠷᠥᠩᠭᠡ᠎ᠶ᠋ᠢ ᠳᠡᠩᠰᠡᠯᠡᠨ ᠲᠡᠮᠳᠡᠭ᠌ᠯᠡᠬᠦ᠌ ᠵᠢᠴᠢ ᠬᠠᠮᠢᠶ᠎ᠠ ᠪᠥᠬᠥᠶ ᠬᠡᠷ ᠪᠠᠢᠱᠢᠩ᠎ᠤᠨ ᠠᠷᠠᠯᠵᠢᠶ᠎ᠠ᠂ ᠭᠠᠢᠯᠢ ᠲᠠᠲᠠᠪᠤᠷᠢᠯᠠᠬᠤ ᠵᠡᠷᠭᠡ ᠲᠤᠬᠠᠢᠯᠠᠭ᠍ᠰᠠᠨ ᠠᠵᠢᠯ᠎ᠤᠨ ᠰᠠᠯᠠᠭ᠎ᠠ ᠮᠥᠴᠢᠷ᠎ᠢ ᠬᠢᠨᠠᠨ ᠬᠠᠷᠭᠤᠭᠤᠯᠬᠤ ᠴᠢᠬᠤᠯᠠᠲᠠᠶ᠂ ᠦᠯᠡᠳᠡᠭᠡᠵᠦ᠍ ᠬᠠᠳᠠᠭᠠᠯᠠᠬᠤ ᠮᠠᠲ᠋ᠧᠷᠢᠶᠠᠯ᠎ᠢ ᠨᠢᠭᠡ ᠯᠡ ᠤᠳᠠᠭ᠎ᠠ᠎ᠳᠤ ᠪᠦᠬᠦᠨ᠎ᠢ ᠬᠣᠷᠢᠶᠠᠨ ᠠᠪᠬᠤ ᠵᠢ ᠱᠠᠭᠠᠷᠳᠠᠨ᠂ ᠥᠯᠥ᠍ ᠬᠥᠳᠡᠯᠬᠦ᠌ ᠬᠥᠷᠥᠩᠭᠡ᠎ᠶ᠋ᠢ ᠳᠡᠩᠰᠡᠯᠡᠨ ᠲᠡᠮᠳᠡᠭ᠌ᠯᠡᠬᠦ᠌ 《ᠨᠢᠭᠡ ᠴᠣᠩᠬᠣᠪᠴᠢ᠎ᠪᠠᠷ ᠭᠥᠯᠢᠶᠡᠨ ᠠᠪᠴᠤ᠌᠂ ᠬᠠᠮᠳᠤ᠎ᠳᠦᠨᠢ ᠭᠦᠶ᠋ᠴᠡᠳᠭᠡᠬᠦ᠌》 ᠠᠵᠢᠯ᠎ᠤᠨ ᠵᠠᠭ᠍ᠪᠤᠷ᠎ᠢ ᠪᠥᠷᠢᠯᠳᠥᠭᠥᠯᠵᠠᠢ᠃ ᠡᠭᠦᠨ᠎ᠦ ᠬᠠᠮᠲᠤ᠌᠂ ᠨᠢᠭᠡ ᠴᠣᠭ᠍ᠴᠠᠵᠢᠭᠤᠯᠤᠭ᠍ᠰᠠᠨ ᠲᠠᠪᠴᠠᠩ᠎ᠢᠶᠠᠷ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠎ᠦᠨ ᠮᠡᠳᠡᠭᠡ ᠵᠠᠩᠭᠢ᠎ᠶ᠋ᠢᠨ ᠲᠣᠭ᠎ᠠ ᠪᠠᠷᠢᠮᠲᠠ᠎ᠶ᠋ᠢ ᠬᠠᠮᠲᠤ᠎ᠪᠠᠷ ᠡᠳ᠋ᠯᠡᠬᠦ᠌᠎ᠶ᠋ᠢ ᠪᠡᠶᠡᠯᠡᠭᠦᠯᠵᠦ᠍᠂ ᠥᠯᠥ᠍ ᠬᠥᠳᠡᠯᠬᠦ᠌ ᠬᠥᠷᠥᠩᠭᠡ᠎ᠶ᠋ᠢ ᠳᠡᠩᠰᠡᠯᠡᠨ ᠲᠡᠮᠳᠡᠭ᠌ᠯᠡᠵᠦ᠍ ᠭᠦᠶ᠋ᠴᠡᠳᠭᠡᠬᠦ᠌ ᠴᠠᠭ᠎ᠤᠨ ᠬᠢᠵᠠᠭᠠᠷ᠎ᠢ ᠤᠯᠠᠮ ᠨᠢᠭᠡ ᠠᠯᠬᠤᠮ ᠪᠣᠭᠣᠨᠢᠰᠭᠠᠪᠠ᠃

ᠠᠵᠤ ᠠᠬᠤᠢᠯᠠᠯ᠎ᠳᠤ ᠬᠣᠯᠪᠣᠭ᠍ᠳᠠᠭ᠍ᠰᠠᠨ ᠲᠥᠷᠢᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ᠎ᠢ ᠪᠦᠲᠦᠮᠵᠢᠲᠡᠢ᠎ᠪᠡᠷ ᠡᠮᠬᠢᠯᠡᠨ ᠴᠡᠪᠡᠷᠯᠡᠪᠡ᠃ ᠬᠣᠲᠠ ᠬᠣᠱᠢᠭᠤ ᠬᠣᠶᠠᠷ ᠱᠠᠲᠤᠨ᠎ᠤ ᠬᠠᠤᠯᠢ ᠴᠠᠭᠠᠵᠠ᠎ᠶ᠋ᠢᠨ ᠰᠠᠯᠠᠭ᠎ᠠ ᠮᠥᠴᠢᠷ 《ᠬᠤᠳᠠᠯᠳᠤᠭ᠎ᠠ ᠡᠷᠬᠢᠯᠡᠬᠥ᠌ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠲᠦᠷᠢᠮ》 ᠪᠠ ᠰᠠᠯᠠᠭ᠎ᠠ ᠮᠥᠴᠢᠷ᠎ᠦᠨ ᠵᠠᠰᠠᠭ ᠵᠠᠬᠢᠷᠭᠠᠨ᠎ᠤ ᠡᠷᠬᠡ᠎ᠶ᠋ᠢᠨ ᠵᠦᠶ᠋ᠯ ᠵᠤᠷᠪᠤᠰ᠎ᠢ ᠦᠨᠳᠦᠰᠦᠯᠡᠨ᠂ ᠡᠯ᠎ᠡ ᠱᠠᠲᠤᠨ᠎ᠤ ᠵᠠᠰᠠᠭ ᠵᠠᠬᠢᠷᠭᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠠ ᠣᠯᠠᠨ ᠨᠡᠢᠲᠡ᠎ᠶ᠋ᠢᠨ ᠦᠶ᠋ᠯᠡᠴᠢᠯᠡᠭᠡᠨ ᠎ᠦ ᠵᠦᠶ᠋ᠯᠡᠰ᠎ᠢ ᠭᠦᠶ᠋ᠴᠡᠳᠭᠡᠵᠦ᠍ ᠪᠠᠢᠭ᠎ᠠ ᠠᠵᠤ ᠠᠬᠤᠢᠯᠠᠯ ᠠᠵᠢᠯ ᠦᠶ᠋ᠯᠡᠰ᠎ᠦᠨ ᠨᠢᠭᠡᠴᠢ᠎ᠶ᠋ᠢᠨ ᠲᠣᠭ᠍ᠲᠠᠭᠠᠭ᠍ᠰᠠᠨ ᠪᠠ ᠬᠡᠷᠡᠭ᠌ᠵᠢᠭᠦᠯᠦᠭ᠌ᠰᠡᠭᠡᠷ ᠪᠠᠢᠭ᠎ᠠ ᠠᠵᠢᠯ ᠲᠥᠷᠥᠯ᠎ᠦᠨ ᠬᠠᠮᠢᠶᠠᠷᠤᠯᠲᠠ᠎ᠶ᠋ᠢᠨ ᠪᠢᠴᠢᠭ ᠮᠠᠲ᠋ᠧᠷᠢᠶᠠᠯ᠎ᠢ ᠪᠥᠬᠥ᠌ ᠲᠠᠯ᠎ᠠ ᠪᠡᠷ ᠢᠳᠡᠪᠬᠢᠲᠡᠶ ᠴᠡᠪᠡᠷᠯᠡᠵᠦ᠍᠂ ᠬᠠᠤᠯᠢ ᠴᠠᠭᠠᠵᠠ ᠲᠥᠷᠢᠮ ᠲᠣᠭ᠍ᠲᠠᠭᠠᠯ᠎ᠤᠨ ᠦᠨᠳᠦᠰᠦᠯᠡᠯ ᠥᠬᠡᠶ᠂ ᠵᠠᠬ᠎ᠠ ᠳᠡᠯᠭᠡᠭᠦᠷ᠎ᠦᠨ ᠭᠤᠤᠯ ᠴᠣᠭ᠍ᠴᠠ᠎ᠶ᠋ᠢᠨ ᠬᠠᠤᠯᠢ ᠶᠣᠰᠣᠨ᠎ᠤ ᠡᠷᠬᠡ ᠠᠱᠢᠭ᠎ᠢ ᠬᠣᠬᠢᠷᠠᠭᠤᠯᠬᠤ ᠪᠤᠶᠤ ᠵᠠᠬ᠎ᠠ ᠳᠡᠯᠭᠡᠭᠦᠷ᠎ᠦᠨ ᠭᠤᠤᠯ ᠴᠣᠭ᠍ᠴᠠ᠎ᠶ᠋ᠢᠨ ᠡᠭᠦᠷᠭᠡ᠎ᠶ᠋ᠢ ᠨᠡᠮᠡᠭ᠌ᠳᠡᠭᠦᠯᠦᠭ᠌ᠰᠡᠨ ᠲᠥᠷᠢᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠴᠥᠮ ᠬᠦᠴᠦᠨ ᠥᠬᠡᠶ ᠪᠣᠯᠭᠠᠵᠠᠢ᠃ ᠣᠳᠣ ᠪᠣᠯᠲᠠᠯ᠎ᠠ᠂ ᠬᠣᠲᠠ᠎ᠶ᠋ᠢᠨ ᠱᠠᠲᠤᠠ ᠤ᠋ ᠠᠵᠤ ᠠᠬᠤᠢᠯᠠᠯ᠎ᠳᠤ ᠬᠣᠯᠪᠣᠭ᠍ᠳᠠᠭ᠍ᠰᠠᠨ ᠲᠥᠷᠢᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ 16 ᠬᠤᠪᠢ ᠡᠮᠬᠢᠯᠡᠨ ᠬᠤᠷᠢᠶᠠᠩᠭᠤᠢᠯᠠᠵᠡᠢ᠂ ᠡᠭᠦᠨ᠎ᠳᠦ15 ᠬᠤᠪᠢ᠎ᠶ᠋ᠢ ᠦᠷᠭᠦᠯᠵᠢᠯᠡᠨ ᠬᠡᠷᠡᠭ᠌ᠵᠢᠭᠦᠯᠵᠦ᠍᠂ 1 ᠬᠤᠪᠢ᠎ᠶ᠋ᠢ ᠬᠦᠴᠦᠨ ᠥᠬᠡᠶ ᠪᠣᠯᠤᠭ᠍ᠰᠠᠨ᠎ᠢᠶᠠᠷ ᠵᠠᠷᠯᠠᠪᠠ; ᠬᠣᠱᠢᠭᠤ ᠱᠢᠶᠠᠨ᠎ᠤ ᠠᠵᠤ ᠠᠬᠤᠢᠯᠠᠯ᠎ᠳᠤ ᠬᠣᠯᠪᠣᠭ᠍ᠳᠠᠬᠤ ᠲᠥᠷᠢᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠢᠯᠭᠠᠷᠠᠭᠤᠯᠬᠤ ᠠᠵᠢᠯ ᠱᠢᠪᠲᠤᠷᠠᠭᠠᠨ᠎ᠳᠠᠭᠠᠨ ᠣᠷᠣᠵᠤ᠂ ᠢᠯᠭᠠᠷᠠᠭᠤᠯᠤᠭ᠍ᠰᠠᠨ ᠦᠷ᠎ᠡ ᠳ᠋ᠦᠩ᠎ᠢ ᠶᠠᠭ ᠪᠦᠷᠢᠳᠭᠡᠵᠦ᠍ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面