2022-02-13 20:01:11
— ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌᠎ᠶ᠋ᠢ ᠶᠡᠬᠡᠪᠡᠷ ᠠᠬᠢᠭᠤᠯᠬᠤ ᠲᠤᠬᠠᠶ ᠬᠦᠤᠷᠨᠢᠯ ᠬᠣᠶᠠᠷ
ᠨᠢᠭᠡᠨ ᠲᠠᠲᠠᠬᠤ ᠬᠦᠴᠦᠨ᠎ᠲᠡᠶ ᠭᠠᠵᠠᠷ ᠣᠷᠣᠨ᠎ᠳᠤ᠂ ᠦᠩᠭᠡ ᠦᠵᠡᠮᠵᠢ ᠪᠠ ᠠᠮᠲᠠᠲᠤ ᠢᠳᠡᠭᠡᠨ᠎ᠡᠴᠡ ᠭᠠᠳᠠᠨ᠎ᠠ᠂ ᠲᠡᠭᠦᠨ᠎ᠦ ᠠᠷᠠᠳ᠎ᠤᠨ ᠠᠮᠢᠳᠤᠷᠠᠯ᠎ᠤᠨ ᠦᠶ᠋ᠯᠡᠴᠢᠯᠡᠭᠡᠨ᠎ᠦ ᠲᠦᠪᠱᠢᠨ ᠪᠠ ᠬᠤᠳᠠᠯᠳᠤᠭ᠎ᠠ ᠡᠷᠬᠢᠯᠡᠬᠦ ᠰᠠᠢᠨ ᠰᠠᠢᠬᠠᠨ ᠣᠷᠴᠢᠨ ᠨᠥᠬᠥᠴᠡᠯ ᠨᠢ ᠯᠠᠪᠲᠠᠶ ᠬᠠᠮᠤᠭ᠎ᠤᠨ ᠲᠠᠲᠠᠬᠤ ᠬᠦᠴᠦᠨ᠎ᠲᠡᠶ ᠶᠤᠮ᠃
2021 ᠣᠨ᠎ᠳᠤ ᠥᠪᠡᠷᠲᠡᠭᠡᠨ ᠵᠠᠰᠠᠬᠤ ᠣᠷᠣᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠶᠡᠬᠡ ᠬᠤᠷᠠᠯ᠎ᠢ ᠬᠤᠷᠠᠯᠳᠤᠭᠤᠯᠤᠭ᠍ᠰᠠᠨ᠎ᠠᠴᠠ ᠨᠠᠭᠠᠰᠢ᠂ ᠱᠢᠯᠢ᠎ᠶ᠋ᠢᠨ ᠭᠤᠤᠯ ᠠᠢᠮᠠᠭ ᠦᠳᠲᠡᠷ ᠲᠦᠷᠭᠡᠨ ᠬᠥᠳᠡᠯᠦᠯᠴᠡᠵᠦ᠍᠂ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠠᠯᠢ ᠣᠯᠠᠨ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠌᠂ ᠠᠷᠠᠳ᠎ᠤᠨ ᠲᠥᠯᠥᠭᠡ ᠠᠵᠢᠯ ᠶᠠᠪᠤᠳᠠᠯ ᠭᠦᠶ᠋ᠴᠡᠳᠭᠡᠬᠦ᠂ ᠠᠵᠤ ᠠᠬᠤᠢᠯᠠᠯ᠎ᠳᠤ ᠦᠶ᠋ᠯᠡᠴᠢᠯᠡᠬᠦ ᠲᠠᠯ᠎ᠠ ᠪᠡᠷ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌᠎ᠶ᠋ᠢ ᠴᠢᠬᠤᠯᠠᠴᠢᠯᠠᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠠᠷᠠᠳ᠎ᠲᠤ ᠲᠥᠬᠥᠮ ᠦᠵᠡᠭᠦᠯᠦᠨ ᠠᠵᠤ ᠠᠬᠤᠢᠯᠠᠯ᠎ᠳᠤ ᠠᠱᠢᠭ ᠬᠦᠷᠲᠡᠭᠡᠵᠦ᠍᠂ ᠱᠢᠯᠢ᠎ᠶ᠋ᠢᠨ ᠭᠤᠤᠯ᠎ᠤᠨ ᠥᠪᠡᠷᠮᠢᠴᠡ ᠣᠨᠴᠠᠯᠢᠭ ᠪᠥᠬᠥᠶ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠵᠠᠮ᠎ᠢ ᠬᠠᠢᠨ ᠰᠦᠪᠡᠭ᠌ᠴᠢᠯᠡᠪᠡ᠃
ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌᠎ᠶ᠋ᠢ ᠠᠬᠢᠭᠤᠯᠬᠤ ᠠᠵᠢᠯ᠎ᠤᠨ ᠳᠤᠮᠳᠠ᠂ ᠱᠢᠯᠢ᠎ᠶ᠋ᠢᠨ ᠭᠤᠤᠯ ᠠᠢᠮᠠᠭ ᠪᠥᠬᠥ᠌ ᠣᠷᠣᠨ᠎ᠳᠤ ᠡᠩ ᠲᠡᠷᠢᠭᠦᠨ᠎ᠳᠤ《ᠨᠢᠭᠡ ᠤᠴᠢᠷ᠎ᠢ ᠨᠢᠭᠡ ᠯᠡ ᠤᠳᠠᠭ᠎ᠠ᠎ᠳᠤ ᠱᠢᠶ᠋ᠳᠪᠦᠷᠢᠯᠡᠬᠦ᠌》᠎ᠶ᠋ᠢ ᠬᠡᠷᠡᠭ᠌ᠵᠢᠭᠦᠯᠵᠦ᠍᠂《ᠨᠢᠭᠡ ᠤᠴᠢᠷ᠎ᠢ ᠨᠢᠭᠡ ᠯᠡ ᠤᠳᠠᠭ᠎ᠠ᠎ᠳᠤ ᠱᠢᠶ᠋ᠳᠪᠦᠷᠢᠯᠡᠬᠦ᠌》79 ᠴᠣᠩᠬᠣᠪᠴᠢ ᠲᠤᠬᠢᠷᠠᠭᠤᠯᠪᠠ᠃ ᠠᠵᠢᠯ ᠶᠠᠪᠤᠳᠠᠯ ᠭᠦᠶ᠋ᠴᠡᠳᠭᠡᠬᠦ᠌ ᠮᠠᠲ᠋ᠧᠷᠢᠶᠠᠯ᠂ ᠭᠦᠶ᠋ᠴᠡᠳᠭᠡᠬᠦ᠌ ᠭᠣᠭ᠍ᠴᠣᠭ᠎ᠠ᠎ᠶ᠋ᠢ ᠳᠤᠮᠳᠠᠴᠢ᠎ᠪᠠᠷ 44% ᠪᠠ 50% ᠪᠠᠭᠠᠰᠭᠠᠵᠤ᠂ ᠭᠦᠶ᠋ᠴᠡᠳᠭᠡᠬᠦ᠌ ᠴᠠᠭ᠎ᠢ 51% ᠪᠡᠷ ᠪᠠᠭᠠᠰᠭᠠᠪᠠ᠃
ᠡᠭᠦᠨ᠎ᠦ ᠬᠠᠮᠲᠤ᠂ ᠨᠢᠳᠤᠨᠤᠨ᠎ᠤ ᠨᠢᠭᠡ ᠵᠢᠯ᠎ᠳᠦ ᠱᠢᠯᠢ᠎ᠶ᠋ᠢᠨ ᠭᠤᠤᠯ ᠠᠢᠮᠠᠭ᠎ᠤᠨ ᠵᠠᠬᠢᠷᠭ᠎ᠠ᠎ᠨᠢ ᠪᠠᠯᠠ ᠣᠷᠣᠭᠤᠯᠤᠯᠲᠠ᠎ᠶ᠋ᠢᠨ ᠲᠥᠷᠥᠯ ᠵᠦᠶ᠋ᠯ᠎ᠦᠨ ᠶᠠᠪᠤᠴᠠ᠎ᠳᠤ ᠰᠠᠷ᠎ᠠ᠎ᠪᠠᠷ ᠲᠣᠬᠢᠷᠠᠭᠤᠯᠤᠯᠲᠠ ᠬᠢᠵᠦ᠍ ᠱᠠᠯᠠᠪᠳᠠᠭᠤᠯᠤᠨ ᠵᠢᠯᠣᠭᠣᠳᠴᠤ᠌᠂ ᠭᠤᠤᠯᠳᠠᠯᠭ᠎ᠠ᠎ᠲᠠᠶ ᠲᠥᠷᠥᠯ ᠵᠦᠶ᠋ᠯ᠎ᠢ ᠬᠠᠮᠲᠤᠷᠠᠨ ᠵᠥᠪᠳᠡᠯᠴᠡᠵᠦ᠍ ᠬᠠᠮᠲᠤᠷᠠᠨ ᠬᠢᠨᠠᠬᠤ᠂ ᠲᠥᠪᠯᠡᠷᠡᠭᠦᠯᠦᠨ ᠬᠢᠨᠠᠨ ᠵᠥᠪᠱᠢᠶᠡᠷᠡᠬᠦ᠌ ᠲᠣᠭ᠍ᠲᠠᠴᠠ᠎ᠶ᠋ᠢ ᠪᠠᠢᠭᠤᠯᠬᠤ᠂《ᠮᠥᠩᠬᠡ ᠰᠤᠪᠠᠭ·ᠲᠠᠨ᠎ᠢ ᠬᠠᠪᠰᠤᠷᠤᠨ ᠭᠦᠶ᠋ᠴᠡᠳᠭᠡᠬᠦ᠌》 ᠦᠶ᠋ᠯᠡᠴᠢᠯᠡᠭᠡᠨ᠎ᠦ ᠭᠠᠷ ᠠᠪᠤᠯᠭ᠎ᠠ ᠵᠢ ᠲᠠᠷᠤᠮᠠᠯᠯᠠᠨ ᠲᠠᠷᠬᠠᠭᠠᠬᠤ᠂ 《ᠪᠠᠯᠠ ᠣᠷᠣᠭᠤᠯᠤᠯᠲᠠ᠎ᠶ᠋ᠢᠨ ᠲᠥᠷᠥᠯ ᠵᠦᠶ᠋ᠯ᠎ᠢ ᠣᠷᠣᠯᠠᠨ ᠭᠦᠶ᠋ᠴᠡᠳᠭᠡᠵᠦ᠍ ᠬᠠᠪᠰᠤᠷᠤᠨ ᠭᠦᠶ᠋ᠴᠡᠳᠭᠡᠬᠦ᠌ ᠦᠶ᠋ᠯᠡᠴᠢᠯᠡᠭᠡᠨ᠎ᠦ ᠬᠠᠷᠢᠯᠴᠠᠬᠤ ᠺᠠᠷᠲ》᠂ ᠠᠵᠤ ᠠᠬᠤᠢᠯᠠᠯ᠎ᠤᠨ ᠶᠠᠷᠢᠯᠴᠠᠬᠤ ᠬᠤᠷᠠᠯ᠂ ᠠᠵᠤ ᠠᠬᠤᠢᠯᠠᠯ᠎ᠢ ᠲᠤᠬᠠᠶ᠎ᠶ᠋ᠢᠨ ᠭᠠᠵᠠᠷ᠎ᠲᠤᠨᠢ ᠰᠤᠷᠪᠤᠯᠵᠢᠯᠠᠬᠤ ᠵᠡᠷᠭᠡ ᠠᠷᠭ᠎ᠠ ᠬᠡᠯᠪᠡᠷᠢ᠎ᠪᠡᠷ ᠲᠠᠮᠵᠢᠨ᠂ 694 ᠤᠳᠠᠭ᠎ᠠ ᠰᠠᠨᠠᠭᠠᠴᠢᠯᠠᠭ᠎ᠠ᠎ᠠᠴᠠ᠎ᠪᠠᠨ ᠠᠵᠤ ᠠᠬᠤᠢᠯᠠᠯ᠎ᠲᠠᠶ ᠵᠣᠯᠭᠠᠭᠤᠯᠵᠤ᠂ ᠬᠠᠮᠲᠤᠷᠠᠨ ᠵᠥᠪᠳᠡᠯᠴᠡᠵᠦ᠍ ᠬᠠᠮᠲᠤᠷᠠᠨ ᠬᠢᠨᠠᠬᠤ᠌ ᠬᠤᠷᠠᠯ᠎ᠢ 69 ᠤᠳᠠᠭ᠎ᠠ ᠬᠤᠷᠠᠯᠳᠤᠭᠤᠯᠵᠤ᠂ ᠡᠯ᠎ᠡ ᠲᠥᠷᠥᠯ᠎ᠦᠨ ᠭᠠᠷᠳᠠᠮ᠎ᠢ ᠨᠡᠢᠲᠡ 193 ᠬᠢᠨᠠᠨ ᠵᠥᠪᠱᠢᠶᠡᠷᠡᠵᠦ᠍᠂ ᠠᠢᠮᠠᠭ᠎ᠤᠨ ᠲᠠᠰ᠎ᠤᠨ 144 ᠭᠤᠤᠯᠳᠠᠯᠭ᠎ᠠ ᠲᠠᠢ ᠲᠦᠷᠦᠯ ᠵᠦᠢᠯ᠎ᠤᠨ ᠪᠠᠷᠢᠯᠭ᠎ᠠ ᠪᠠᠨ ᠡᠬᠢᠯᠡᠭᠦᠯᠵᠦ ᠠᠵᠢᠯ᠎ᠢᠶᠡᠨ ᠰᠡᠷᠭᠦᠭᠡᠬᠦ ᠪᠠᠢᠭᠤᠯᠤᠯᠲᠠ ᠵᠢ ᠠᠬᠢᠭᠤᠯᠵᠤ᠂ 310᠎ᠳ᠋ᠦᠩᠰᠢᠭᠤᠷ ᠲᠦᠭᠦᠷᠢᠭ᠎ᠤᠨ ᠪᠡᠯᠡ ᠤᠷᠤᠭᠤᠯᠤᠯᠲᠠ ᠵᠢ ᠪᠡᠶᠡᠯᠡᠭᠦᠯᠵᠡᠢ᠃
ᠱᠢᠯᠢ᠎ᠶ᠋ᠢᠨ ᠭᠤᠤᠯ ᠠᠢᠮᠠᠭ ᠪᠠᠰᠠ ᠭᠤᠤᠯᠳᠠᠯᠭ᠎ᠠ᠎ᠲᠠᠶ ᠲᠥᠷᠥᠯ ᠵᠦᠶ᠋ᠯ᠎ᠦᠨ ᠣᠨ᠎ᠤ ᠲᠥᠪᠯᠡᠷᠡᠭᠦᠯᠦᠨ ᠬᠢᠨᠠᠨ ᠵᠥᠪᠱᠢᠶᠡᠷᠡᠬᠦ᠌᠂ ᠠᠢᠮᠠᠭ ᠬᠣᠱᠢᠭᠤ ᠬᠣᠶᠠᠷ ᠱᠠᠲᠤᠨ ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠂ ᠣᠶ ᠱᠢᠭᠤᠶ ᠨᠤᠲᠤᠭ ᠪᠡᠯᠴᠢᠭᠡᠷ᠂ ᠪᠠᠢᠭᠠᠯᠢ᠎ᠶ᠋ᠢᠨ ᠡᠬᠢ ᠪᠠᠶᠠᠯᠢᠭ᠂ ᠡᠨᠧᠷᠭᠢ ᠵᠡᠷᠭᠡ ᠰᠠᠯᠠᠭ᠎ᠠ ᠮᠥᠴᠢᠷ ᠬᠠᠮᠲᠤᠷᠠᠨ ᠵᠥᠪᠳᠡᠯᠴᠡᠵᠦ᠍ ᠬᠠᠮᠲᠤᠷᠠᠨ ᠬᠢᠨᠠᠬᠤ ᠵᠡᠷᠭᠡ ᠠᠵᠢᠯ᠎ᠢ ᠵᠠᠯᠭᠠᠭ᠎ᠠ᠎ᠪᠠᠷ ᠥᠷᠨᠢᠭᠦᠯᠪᠡ᠃ ᠣᠶ ᠱᠢᠭᠤᠶ ᠨᠤᠲᠤᠭ ᠪᠡᠯᠴᠢᠭᠡᠷ᠂ ᠪᠠᠢᠭᠠᠯᠢ᠎ᠶ᠋ᠢᠨ ᠡᠬᠢ ᠪᠠᠶᠠᠯᠢᠭ᠂ ᠡᠨᠧᠷᠭᠢ ᠵᠡᠷᠭᠡ ᠰᠠᠯᠠᠭ᠎ᠠ ᠮᠥᠴᠢᠷ ᠭᠤᠤᠯᠳᠠᠯᠭ᠎ᠠ᠎ᠲᠠᠶ ᠲᠥᠷᠥᠯ ᠵᠦᠶ᠋ᠯ᠎ᠢ ᠲᠤᠰᠭᠠᠶ ᠬᠥᠮᠦᠨ᠎ᠢᠶᠡᠷ ᠵᠢᠯᠣᠭᠣᠳᠣᠭᠤᠯᠵᠤ᠂ 2022 ᠣᠨ᠎ᠳᠤ ᠬᠡᠷᠡᠭ᠌ᠵᠢᠭᠦᠯᠬᠦ᠌᠎ᠪᠡᠷ ᠲᠥᠯᠥᠪᠯᠡᠵᠦ᠍ ᠪᠠᠢᠭ᠎ᠠ 145 ᠠᠢᠮᠠᠭ᠎ᠤᠨ ᠱᠠᠲᠤᠨ᠎ᠤ ᠭᠤᠤᠯᠳᠠᠯᠭ᠎ᠠ᠎ᠲᠠᠶ ᠲᠥᠷᠥᠯ ᠵᠦᠶ᠋ᠯ᠎ᠦᠨ ᠳᠣᠲᠣᠷ᠎ᠠ᠂ ᠭᠠᠷ ᠭᠦᠶ᠋ᠴᠡᠳᠭᠡᠯ ᠪᠦᠷᠢᠨ ᠭᠦᠶ᠋ᠴᠡᠳ ᠪᠠᠢᠬᠤ ᠨᠣᠷᠮ᠎ᠠ 47%᠎ᠳ᠋ᠤ ᠬᠦᠷᠴᠦ᠍᠂ ᠴᠢᠨᠠᠷ ᠰᠠᠢᠲᠠᠶ ᠬᠥᠭ᠌ᠵᠢᠯᠲᠡ᠎ᠳᠦ ᠭᠦᠢᠴᠡᠳ ᠬᠥᠳᠡᠯᠭᠡᠬᠦ᠌ ᠡᠨᠧᠷᠭᠢ ᠬᠠᠩᠭᠠᠵᠠᠶ᠃
ᠡᠭᠦᠨ᠎ᠦ ᠬᠠᠮᠲᠤ ᠪᠠᠰᠠ《ᠮᠥᠩᠬᠡ ᠰᠤᠪᠠᠭ》 ᠰᠢᠯᠵᠢᠶ᠎ᠡ ᠵᠢ ᠠᠵᠤ ᠠᠬᠤᠢᠯᠠᠯ ᠪᠠ ᠠᠵᠢᠯ ᠶᠠᠪᠤᠳᠠᠯ ᠭᠦᠶ᠋ᠴᠡᠳᠭᠡᠬᠦ᠌ ᠣᠯᠠᠨ ᠲᠦᠮᠡᠨ᠎ᠦ《ᠦᠵᠡᠬᠦ᠌ ᠳᠤᠷᠠᠲᠠᠶ ᠬᠡᠷᠡᠭ᠌ᠯᠡᠬᠦ᠌ ᠳᠤᠷᠠᠲᠠᠶ᠂ ᠦᠷᠭᠦᠯᠵᠢ ᠦᠵᠡᠵᠦ᠍ ᠪᠠᠢᠩᠭᠤ ᠬᠡᠷᠡᠭ᠌ᠯᠡᠬᠦ᠌᠂ ᠵᠠᠪᠠᠯ ᠦᠵᠡᠬᠦ᠌ ᠵᠠᠪᠠᠯ ᠬᠡᠷᠡᠭ᠌ᠯᠡᠬᠦ᠌》ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠨᠠᠷᠠᠲᠤ ᠲᠡᠮᠳᠡᠭ᠌ᠲᠦ᠍᠎ᠶ᠋ᠢ ᠴᠢᠷᠮᠠᠢᠨ ᠪᠣᠶ ᠪᠣᠯᠭᠠᠵᠤ᠂ ᠳᠠᠩᠰᠠᠯᠠᠭᠤᠯᠤᠭ᠍ᠰᠠᠨ ᠬᠥᠮᠦᠨ᠎ᠦ ᠲᠣᠭ᠎ᠠ 45 ᠲᠦᠮᠡ᠎ᠳᠦ ᠬᠦᠷᠴᠦ᠍᠂ ᠪᠥᠬᠥ᠌ ᠠᠢᠮᠠᠭ᠎ᠤᠨ ᠶᠡᠷᠦᠩᠬᠡᠶ ᠬᠥᠮᠦᠨ ᠠᠮᠠ᠎ᠶ᠋ᠢᠨ ᠬᠤᠪᠢ᠎ᠶ᠋ᠢᠨ ᠵᠢᠩ᠎ᠦᠨ 43.89% ᠶ᠋ᠢ ᠡᠵᠡᠯᠡᠵᠦ᠍᠂ ᠰᠤᠷᠪᠤᠯᠵᠢᠯᠠᠭ᠍ᠰᠠᠨ ᠬᠡᠮᠵᠢᠶ᠎ᠡ 525 ᠲᠦᠮᠡ ᠭᠠᠷᠤᠶ ᠬᠥᠮᠦᠨ ᠤᠳᠠᠭ᠎ᠠ᠎ᠶ᠋ᠢ ᠳᠠᠪᠠᠭ᠍ᠰᠠᠨ ᠪᠥᠭᠡᠳ 《ᠮᠥᠩᠬᠡ ᠰᠤᠪᠠᠭ》 ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠮᠣᠩᠭᠣᠯ ᠬᠡᠯᠡᠨ᠎ᠦ ᠲᠠᠪᠴᠠᠩ᠎ᠤᠨ ᠪᠥᠲᠥᠭᠡᠨ ᠪᠠᠢᠭᠤᠯᠤᠯᠲᠠ᠎ᠶ᠋ᠢᠨ ᠲᠥᠷᠥᠯ ᠵᠦᠶ᠋ᠯ᠎ᠢ ᠪᠥᠬᠥ᠌ ᠣᠷᠣᠨ᠎ᠳᠤ ᠡᠩ ᠲᠡᠷᠢᠭᠦᠨ᠎ᠳᠦ ᠡᠬᠢᠯᠡᠭᠦᠯᠦᠨ ᠬᠡᠷᠡᠭ᠌ᠵᠢᠭᠦᠯᠪᠡ᠃
ᠣᠢᠯᠠᠭᠠᠭ᠍ᠰᠠᠨ᠎ᠢᠶᠠᠷ᠂ ᠱᠢᠯᠢ᠎ᠶ᠋ᠢᠨ ᠭᠤᠤᠯ ᠠᠢᠮᠠᠭ᠎ᠤᠨ 12345 ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠠᠷᠠᠳ᠎ᠲᠤ ᠲᠥᠬᠥᠮ ᠦᠵᠡᠭᠦᠯᠬᠦ᠌ ᠬᠠᠯᠠᠮᠱᠢᠯ ᠤᠲᠠᠰᠤ᠎ᠨᠢ ᠤᠲᠠᠰᠤ ᠵᠢ ᠬᠦᠯᠢᠶᠡᠨ ᠠᠪᠬᠤ᠂ ᠪᠢᠴᠢᠭ ᠮᠠᠲ᠋ᠧᠷᠢᠶᠠᠯ ᠲᠣᠮᠢᠯᠠᠬᠤ᠎ᠶ᠋ᠢ ᠴᠠᠭ ᠬᠢᠵᠠᠭᠠᠷᠯᠠᠨ ᠱᠠᠯᠠᠪᠳᠠᠭᠤᠯᠤᠨ ᠭᠦᠶ᠋ᠴᠡᠳᠭᠡᠬᠦ᠌᠂ ᠤᠳᠤᠷᠢᠳᠤᠯᠭ᠎ᠠ ᠴᠠᠭ ᠲᠤᠬᠠᠶ᠎ᠳᠤᠨᠢ ᠠᠩᠬᠠᠷᠤᠨ ᠭᠦᠶ᠋ᠴᠡᠳᠭᠡᠬᠦ᠌᠂ ᠬᠠᠮᠢᠶ᠎ᠠ ᠪᠥᠬᠥᠶ ᠨᠢᠭᠡᠴᠢ ᠲᠠᠭᠠᠭᠠᠴᠢᠯᠠᠨ ᠭᠦᠶ᠋ᠴᠡᠳᠭᠡᠬᠦ᠌᠂ ᠪᠥᠬᠥ᠌ ᠶᠠᠪᠤᠴᠠ᠎ᠳᠤ ᠮᠥᠷᠳᠡᠵᠦ᠍ ᠪᠣᠯᠬᠤ ᠠᠵᠢᠯᠯᠠᠭᠠᠨ᠎ᠤ ᠬᠠᠮᠢᠶᠠᠷᠤᠯᠲᠠ᠎ᠶ᠋ᠢᠨ ᠱᠢᠨ᠎ᠡ ᠵᠠᠭ᠍ᠪᠤᠷ᠎ᠢᠶᠠᠷ ᠳᠠᠮᠵᠢᠭᠤᠯᠤᠨ᠂ ᠬᠠᠯᠠᠮᠱᠢᠯ ᠤᠲᠠᠰᠤᠨ᠎ᠤ ᠦᠶ᠋ᠯᠡᠴᠢᠯᠡᠭᠡ ᠵᠢᠨ ᠭᠥᠯᠢᠶᠡᠨ ᠠᠪᠬᠤ ᠨᠣᠷᠮ᠎ᠠ᠂ ᠭᠦᠶ᠋ᠴᠡᠳᠭᠡᠵᠦ᠍ ᠳᠠᠭᠤᠰᠭᠠᠬᠤ ᠨᠣᠷᠮ᠎ᠠ᠂ ᠬᠠᠨᠤᠮᠵᠢᠲᠠᠶ ᠪᠠᠢᠬᠤ ᠨᠣᠷᠮ᠎ᠠ᠎ᠶ᠋ᠢ ᠦᠨᠡᠨ ᠬᠦ᠌ ᠳᠡᠭᠡᠭ᠌ᠰᠢᠯᠡᠭᠦᠯᠪᠡ᠃
ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠳᠤᠮᠳᠠ᠂ ᠱᠢᠯᠢ ᠶ᠋ᠢᠨ ᠭᠤᠤᠯ ᠠᠢᠮᠠᠭ 12345 ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠠᠷᠠᠳ᠎ᠲᠤ ᠲᠥᠬᠥᠮ ᠦᠵᠡᠭᠦᠯᠬᠦ᠌ ᠬᠠᠯᠠᠮᠱᠢᠯ ᠤᠲᠠᠰᠤᠨ᠎ᠤ ᠲᠥᠪ᠎ᠢ ᠪᠠᠢᠭᠤᠯᠵᠤ᠂ 39 ᠬᠠᠯᠠᠮᠱᠢᠯ ᠤᠲᠠᠰᠤ᠎ᠶ᠋ᠢ ᠨᠡᠢᠳᠭᠡᠨ ᠪᠥᠬᠥ᠌ ᠠᠢᠮᠠᠭ᠎ᠤᠨ ᠨᠢᠭᠡᠳᠦᠯᠲᠡᠶ 12345 ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠬᠠᠯᠠᠮᠱᠢᠯ ᠤᠲᠠᠰᠤᠨ᠎ᠤ ᠲᠠᠪᠴᠠᠩ᠎ᠢ ᠪᠠᠢᠭᠤᠯᠵᠤ᠂ ᠣᠯᠠᠨ ᠲᠦᠮᠡᠨ᠎ᠦ ᠬᠦᠰᠡᠯ ᠱᠠᠭᠠᠷᠳᠠᠯᠭ᠎ᠠ᠎ᠳᠤ 12345 ᠬᠠᠯᠠᠮᠰᠢᠯ ᠤᠲᠠᠰᠤ ᠪᠦᠬᠦᠯᠢ ᠡᠳᠦᠷ᠎ᠢᠶᠡᠷ 《ᠲᠤᠰᠬᠠᠯ ᠭᠠᠷᠬᠤ》᠎ᠶ᠋ᠢ ᠪᠡᠶᠡᠯᠡᠭᠦᠯᠵᠦ᠍᠂《12345᠂ ᠤᠴᠢᠷ ᠶᠠᠪᠤᠳᠠᠯ ᠪᠠᠢᠪᠠᠯ ᠵᠠᠰᠠᠭ᠎ᠤᠨ ᠣᠷᠳᠣᠨ᠎ᠢ ᠡᠷᠢᠬᠦ᠌》ᠦᠶ᠋ᠯᠡᠴᠢᠯᠡᠭᠡᠨ᠎ᠦ ᠣᠢᠯᠠᠭᠠᠭ᠍ᠳᠠᠬᠤᠨ᠎ᠢ ᠬᠥᠮᠦᠰ᠎ᠦᠨ ᠰᠡᠳᠭᠢᠯ᠎ᠳᠦ ᠭᠦᠨ ᠬᠠᠳᠠᠩᠱᠢᠭᠤᠯᠪᠠ᠃
2021 ᠣᠨ᠎ᠳᠤ᠂ ᠲᠣᠰ ᠠᠢᠮᠠᠭ᠎ᠤᠨ 12345 ᠬᠠᠯᠠᠮᠱᠢᠯ ᠤᠲᠠᠰᠤ ᠨᠡᠢᠲᠡ 59756 ᠤᠳᠠᠭ᠎ᠠ ᠵᠢᠨ ᠤᠲᠠᠰᠤ ᠵᠢ ᠲᠣᠰᠴᠤ᠌᠂ 62725 ᠬᠤᠪᠢ ᠠᠵᠢᠯ᠎ᠤᠨ ᠬᠠᠭᠤᠳᠠᠰᠤ᠎ᠶ᠋ᠢ ᠭᠥᠯᠢᠶᠡᠨ ᠠᠪᠴᠤ᠌᠂ ᠡᠭᠦᠨ᠎ᠳᠦ ᠤᠲᠠᠰᠤ ᠲᠤᠰᠬᠤ ᠪᠡᠷ ᠲᠠᠮᠵᠢᠨ 31242 ᠬᠤᠪᠢ ᠠᠵᠢᠯ᠎ᠤᠨ ᠬᠠᠭᠤᠳᠠᠰᠤ ᠵᠢ ᠱᠢᠭᠤᠳ ᠭᠦᠶ᠋ᠴᠡᠳᠭᠡᠵᠦ᠂ 31483 ᠬᠤᠪᠢ ᠠᠵᠢᠯ᠎ᠤᠨ ᠬᠠᠭᠤᠳᠠᠰᠤ ᠵᠢ ᠬᠣᠱᠢᠭᠤ ᠱᠢᠶᠠᠨ ᠪᠠ ᠠᠢᠮᠠᠭ᠎ᠤᠨ ᠱᠢᠭᠤᠳ ᠬᠠᠷᠢᠶ᠎ᠠ ᠰᠠᠯᠠᠭ᠎ᠠ ᠮᠥᠴᠢᠷ᠎ᠲᠤ ᠱᠢᠯᠵᠢᠭᠦᠯᠦᠨ ᠭᠦᠶ᠋ᠴᠡᠳᠭᠡᠯᠭᠡᠵᠦ᠍᠂ 31356᠎ᠶ᠋ᠢ ᠭᠥᠯᠢᠶᠡᠨ ᠠᠪᠴᠤ᠌ ᠱᠢᠶ᠋ᠳᠪᠦᠷᠢᠯᠡᠨ᠂ ᠨᠡᠢᠲᠡ 60952 ᠬᠤᠪᠢ᠎ᠶ᠋ᠢ ᠭᠦᠶ᠋ᠴᠡᠳᠭᠡᠨ ᠳᠠᠭᠤᠰᠭᠠᠵᠤ᠂ ᠭᠦᠶ᠋ᠴᠡᠳᠭᠡᠵᠦ᠍ ᠳᠠᠭᠤᠰᠭᠠᠭ᠍ᠰᠠᠨ ᠨᠣᠷᠮ᠎ᠠ᠎ᠨᠢ 97.17%᠎ᠳ᠋ᠤ ᠬᠦᠷᠴᠦ᠍᠂ ᠬᠠᠷᠢᠭᠤ ᠰᠤᠷᠪᠤᠯᠵᠢᠯᠠᠭ᠍ᠰᠠᠨ ᠨᠣᠷᠮ᠎ᠠ᠎ᠨᠢ 100% ᠳ᠋ᠤ ᠬᠦᠷᠴᠦ᠍᠂ ᠣᠯᠠᠨ ᠲᠦᠮᠡᠨ᠎ᠦ ᠬᠠᠨᠤᠮᠵᠢ ᠵᠢᠨ ᠨᠣᠷᠮ᠎ᠠ᠎ᠨᠢ ᠴᠦ᠍ ᠦᠨᠳᠦᠰᠦᠨ᠎ᠳᠡᠭᠡᠨ 100%᠎ᠳ᠋ᠤ ᠬᠦᠷᠴᠡᠶ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠤᠶᠤᠯᠲᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃