ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ᠎ᠢ᠋ ᠱᠢᠯᠢᠳᠡᠭᠵᠢᠭᠦᠯᠦᠶ᠎᠎ᠡ > ᠥᠪᠥᠷ ᠮᠣᠩᠭᠣᠯ᠎ᠤ᠋ᠨ ᠠᠵᠢᠯᠯᠠᠭ᠎ᠠ

2022-02-12 19:48:11

ᠵᠣᠬᠢᠶᠠᠭ᠍ᠴᠢ᠄ ᠪᠠᠶᠠᠰᠭᠤᠯᠠᠩ ᠣᠩᠱᠢᠭ᠍ᠰᠠᠨ ᠣᠳᠠᠭ᠎ᠠ᠄ 3

ᠰᠠᠢᠨ ᠰᠠᠢᠬᠠᠨ ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ ᠪᠣᠯ ᠲᠠᠷᠤᠢ ᠦᠶ᠋ᠯᠡᠳᠪᠦᠷᠢᠯᠡᠯ᠎ᠦᠨ ᠬᠦᠴᠦᠨ ᠮᠦᠨ᠃ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠣᠷᠴᠢᠨ ᠨᠥᠬᠥᠴᠡᠯ᠎ᠢ ᠬᠦᠴᠦᠯᠡᠨ ᠱᠢᠯᠢᠳᠡᠭ᠌ᠵᠢᠭᠦᠯᠬᠦ᠌ ᠪᠣᠯ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌᠎ᠶ᠋ᠢᠨ ᠤᠷᠢᠲᠠᠯ ᠪᠠ ᠤᠷᠢᠳᠴᠢᠯᠠᠬᠰᠠᠨ ᠨᠥᠬᠥᠴᠡᠯ ᠮᠥᠨ᠃

2021 ᠣᠨ᠎ᠤ ᠴᠠᠭᠠᠨ ᠰᠠᠷ᠎ᠠ᠎ᠶ᠋ᠢᠨ ᠠᠮᠠᠷᠠᠯᠲᠠ᠎ᠶ᠋ᠢᠨ ᠳᠠᠷᠠᠭᠠᠬᠢ ᠠᠩᠬᠠᠨ᠎ᠤ ᠡᠳᠦᠷ᠂ ᠥᠪᠡᠷᠲᠡᠭᠡᠨ ᠵᠠᠰᠠᠬᠤ ᠣᠷᠣᠨ ᠪᠥᠬᠥ᠌ ᠣᠷᠣᠨ᠎ᠤ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠶᠡᠬᠡ ᠬᠤᠷᠠᠯ ᠬᠤᠷᠠᠯᠳᠤᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠵᠤ ᠤᠯᠤᠰ ᠲᠥᠷᠥ᠎ᠶ᠋ᠢᠨ ᠠᠮᠢ ᠠᠬᠤᠶ᠎ᠶ᠋ᠢ ᠴᠡᠪᠡᠷᠱᠢᠭᠦᠯᠬᠦ᠌ ᠪᠦᠬᠦᠯᠢ ᠴᠣᠭ᠍ᠴᠠ᠎ᠶ᠋ᠢᠨ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠪᠥᠬᠥ᠌ ᠲᠠᠯ᠎ᠠ᠎ᠪᠠᠷ ᠡᠬᠢᠯᠡᠭᠦᠯᠪᠡ ᠃

ᠱᠢᠯᠢ᠎ᠶ᠋ᠢᠨ ᠭᠤᠤᠯ ᠠᠢᠮᠠᠭ ᠲᠡᠷᠡ ᠲᠠᠷᠤᠢ᠎ᠳᠤᠨᠢ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠵᠤ᠂ ᠵᠠᠰᠠᠭ᠎ᠤᠨ ᠣᠷᠳᠣᠨ᠎ᠤ ᠡᠭᠦᠷᠭᠡ ᠴᠢᠳᠠᠪᠬᠢ᠎ᠶ᠋ᠢ ᠲᠦᠷᠭᠡᠳᠭᠡᠨ ᠬᠤᠪᠢᠷᠠᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌᠎ᠶ᠋ᠢ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠦᠯᠦᠪᠵᠢᠭᠦᠯᠭᠡ ᠵᠢᠨ ᠡᠬᠢᠯᠡᠯᠲᠡ᠎ᠶ᠋ᠢᠨ ᠵᠢᠯ᠎ᠦᠨ ᠨᠢᠭᠡᠨ ᠶᠡᠬᠡ ᠶᠠᠪᠤᠳᠠᠯ ᠪᠣᠯᠭᠠᠨ ᠠᠳᠭᠤᠵᠤ᠂ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠦᠷ᠎ᠡ ᠪᠦᠲᠦᠮᠵᠢ᠎ᠶ᠋ᠢᠨ ᠶᠡᠬᠡ ᠳᠡᠭᠡᠭ᠌ᠰᠢᠯᠡᠯᠲᠡ᠎ᠶ᠋ᠢ ᠪᠦᠲᠦᠮᠵᠢᠲᠡᠶ ᠠᠬᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠦᠨ ᠪᠦᠬᠦᠯᠢ ᠴᠣᠭ᠍ᠴᠠ᠎ᠶ᠋ᠢᠨ ᠲᠦᠪᠱᠢᠨ᠎ᠢ ᠱᠢᠯᠢᠳᠡᠭ᠌ᠵᠢᠭᠦᠯᠦᠨ ᠳᠡᠭᠡᠭ᠌ᠰᠢᠯᠡᠭᠦᠯᠪᠡ᠃

2021 ᠤᠨ᠎ᠤ 3 ᠰᠠᠷ᠎ᠠ᠎ᠳᠦ᠂ ᠲᠣᠰ ᠠᠢᠮᠠᠭ 《ᠰᠢᠯᠢ ᠵᠢᠨ ᠭᠤᠤᠯ ᠠᠢᠮᠠᠭ᠎ᠤᠨ ᠠᠵᠤ ᠠᠬᠤᠢᠯᠠᠯ ᠡᠷᠬᠢᠯᠡᠬᠦ ᠦᠢᠯᠡᠴᠢᠯᠡᠭᠡ ᠵᠢ ᠴᠢᠨᠠᠬᠰᠢᠳᠠ ᠰᠢᠯᠢᠳᠡᠭᠵᠢᠭᠦᠯᠬᠦ ᠬᠡᠷᠡᠭᠵᠢᠭᠦᠯᠬᠦ ᠲᠦᠰᠦᠯ》 ᠢ᠋ ᠨᠡᠢᠳᠡᠯᠡᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠳᠤᠮᠳᠠ᠂ 《ᠨᠢᠭᠡ ᠴᠣᠩᠬᠣᠪᠴᠢ᠎ᠪᠠᠷ ᠭᠥᠯᠢᠶᠡᠨ ᠠᠪᠴᠤ᠌ ᠱᠢᠶ᠋ᠳᠪᠦᠷᠢᠯᠡᠬᠦ᠌᠂ ᠨᠢᠭᠡ ᠰᠦᠯᠵᠢᠶ᠎ᠡ᠎ᠪᠡᠷ ᠨᠡᠢᠳᠡᠮ ᠭᠦᠶ᠋ᠴᠡᠳᠭᠡᠬᠦ᠌》ᠨᠢᠭᠡ ᠥᠷᠲᠡᠭᠡ ᠮᠠᠶᠢᠭ᠎ᠤᠨ ᠦᠶ᠋ᠯᠡᠴᠢᠯᠡᠭᠡ᠎ᠶ᠋ᠢ ᠪᠥᠬᠥ᠌ ᠲᠠᠯ᠎ᠠ᠎ᠪᠠᠷ ᠬᠡᠷᠡᠭ᠌ᠵᠢᠭᠦᠯᠵᠦ᠍᠂ ᠭᠦᠶ᠋ᠴᠡᠳᠭᠡᠬᠦ᠌ ᠭᠣᠭ᠍ᠴᠣᠭ᠎ᠠ᠎ᠨᠢ ᠥᠪᠡᠷ᠎ᠦᠨ ᠥᠷᠲᠡᠭ ᠥᠬᠡᠶ ᠮᠦᠷᠳᠡᠭᠡᠨ ᠬᠤᠷᠳᠤᠴᠠ᠎ᠵᠢ ᠶᠡᠬᠡ ᠪᠡᠷ ᠲᠦᠷᠭᠡᠳᠭᠡᠵᠠᠢ᠃

ᠠᠵᠤ ᠠᠬᠤᠢᠯᠠᠯ ᠡᠷᠭᠢᠯᠡᠬᠦ᠌ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌᠎ᠶ᠋ᠢᠨ ᠲᠥᠯᠥᠭᠡ᠂ ᠱᠢᠯᠢ᠎ᠶ᠋ᠢᠨ ᠭᠤᠤᠯ ᠠᠢᠮᠠᠭ᠎ᠤᠨ ᠡᠯ᠎ᠡ ᠬᠣᠱᠢᠭᠤ ᠱᠢᠶᠠᠨ ᠬᠣᠲᠠ᠎ᠶ᠋ᠢᠨ ᠬᠢᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠂ ᠠᠯᠪᠠᠨ ᠲᠠᠮᠠᠭ᠎ᠠ ᠰᠡᠢᠯᠦᠨ ᠦᠶ᠋ᠯᠡᠳᠬᠦ᠌᠂ ᠭᠠᠢᠯᠢ᠎ᠶ᠋ᠢᠨ ᠶᠠᠪᠤᠳᠠᠯ᠂ ᠪᠠᠩᠬᠢ᠂ ᠨᠡᠢᠭᠡᠮ᠎ᠦᠨ ᠪᠠᠲᠤᠯᠠᠭ᠎ᠠ᠂ ᠨᠡᠢᠲᠡ᠎ᠶ᠋ᠢᠨ ᠬᠤᠷᠠᠮᠳᠤᠭᠤᠯᠭ᠎ᠠ᠎ᠶ᠋ᠢᠨ ᠮᠥᠩᠭᠥ᠌ ᠵᠡᠷᠭᠡ 6 ᠰᠠᠯᠠᠭ᠎ᠠ ᠮᠥᠴᠢᠷ᠎ᠦᠨ ᠪᠥᠬᠥ᠌ ᠶᠠᠪᠤᠴᠠ᠎ᠶ᠋ᠢ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠢᠩᠬᠢᠮ᠎ᠦᠨ 《ᠠᠵᠤ ᠠᠬᠤᠢᠯᠠᠯ ᠡᠷᠭᠢᠯᠡᠬᠦ᠌ ᠲᠤᠰᠭᠠᠶ ᠲᠣᠭᠣᠷᠢᠭ》 ᠲᠤ᠌ ᠣᠷᠣᠭᠤᠯᠵᠤ᠂ ᠣᠯᠠᠨ ᠵᠦᠶ᠋ᠯ᠎ᠦᠨ ᠢᠵᠢ ᠪᠦᠷᠢᠳᠦᠭᠰᠡᠨ ᠦᠶ᠋ᠯᠡᠴᠢᠯᠡᠭᠡᠨ᠎ᠦ ᠲᠤᠬᠠᠢᠯᠠᠭ᠍ᠰᠠᠨ ᠠᠵᠢᠯ᠎ᠤᠨ ᠭᠦᠶ᠋ᠴᠡᠳᠭᠡᠬᠦ᠌ ᠵᠠᠭ᠍ᠪᠤᠷ᠎ᠢ ᠭᠠᠷᠭᠠᠵᠤ᠂ ᠠᠵᠤ ᠠᠬᠤᠢᠯᠠᠯ ᠡᠷᠭᠢᠯᠡᠬᠦ᠌ ᠪᠥᠬᠥ᠌ ᠶᠠᠪᠤᠴᠠ᠎ᠶ᠋ᠢ ᠨᠡᠢᠲᠡ ᠬᠠᠭᠠᠰ ᠡᠳᠦᠷ᠎ᠡᠴᠡ ᠬᠡᠲᠦᠷᠡᠭᠦᠯᠬᠦ᠌ ᠥᠬᠡᠶ ᠪᠣᠯᠭᠠᠵᠠᠶ᠃

ᠱᠢᠯᠢ᠎ᠶ᠋ᠢᠨ ᠭᠤᠤᠯ ᠠᠢᠮᠠᠭ ᠪᠠᠢᠳᠠᠯ᠎ᠤᠨ ᠬᠥᠭ᠌ᠵᠢᠯᠲᠡ᠎ᠶ᠋ᠢᠨ ᠬᠡᠷᠡᠭ᠌ᠴᠡᠭᠡ᠎ᠳᠦ ᠵᠣᠬᠢᠴᠠᠭᠤᠯᠵᠤ᠂《ᠨᠢᠭᠡ ᠰᠦᠯᠵᠢᠶ᠎ᠡ᠎ᠪᠡᠷ ᠨᠡᠢᠳᠡᠮ ᠭᠦᠶ᠋ᠴᠡᠳᠭᠡᠬᠦ᠌》᠂ 《ᠨᠢᠭᠡ ᠲᠢᠩᠬᠢᠮ᠎ᠳᠦ ᠨᠡᠢᠳᠡᠮ ᠭᠦᠶ᠋ᠴᠡᠳᠭᠡᠬᠦ᠌》 ᠳᠡᠭᠡᠷ᠎ᠡ ᠬᠦᠴᠦ᠍ ᠣᠷᠣᠭᠤᠯᠵᠤ᠂ ᠰᠦᠯᠵᠢᠶᠡᠨ ᠳᠡᠭᠡᠷ᠎ᠡ ᠨᠢᠭᠡ ᠰᠦᠯᠵᠢᠶ᠎ᠡ ᠵᠢ ᠰᠠᠢᠳᠤᠷ ᠪᠠᠢᠭᠤᠯᠬᠤ᠂ ᠰᠦᠯᠵᠢᠶᠡᠨ ᠭᠠᠳᠠᠨ᠎ᠠ ᠨᠢᠭᠡ ᠲᠢᠩᠬᠢᠮ᠎ᠢ ᠰᠠᠢᠳᠤᠷ ᠪᠠᠢᠭᠤᠯᠵᠤ᠂ ᠲᠤᠬᠳᠠᠮᠠᠯ ᠬᠥᠷᠥᠩᠭᠡ᠎ᠶ᠋ᠢᠨ ᠲᠠᠩᠰᠠᠯᠠᠯᠳᠠ᠂ ᠵᠠᠬ᠎ᠠ ᠳᠡᠯᠭᠡᠭᠦᠷ᠎ᠲᠦ ᠣᠷᠣᠬᠤ᠎ᠶ᠋ᠢ ᠵᠥᠪᠱᠢᠶᠡᠷᠡᠬᠦ᠂ ᠠᠵᠤ ᠠᠬᠤᠢᠯᠠᠯ᠎ᠤᠨ ᠪᠡᠯᠡ ᠣᠷᠣᠭᠤᠯᠤᠯᠲᠠ ᠵᠡᠷᠭᠡ ᠠᠵᠤ ᠠᠬᠤᠢᠯᠠᠯ ᠪᠠ ᠣᠯᠠᠨ ᠲᠦᠮᠡᠨ᠎ᠦ ᠠᠩᠬᠠᠷᠤᠯ᠎ᠤᠨ ᠬᠡᠮᠵᠢᠶ᠎ᠡ ᠥᠨᠳᠥᠷ᠂ ᠭᠦᠶ᠋ᠴᠡᠳᠭᠡᠬᠦ᠌ ᠬᠡᠮᠵᠢᠶ᠎ᠡ ᠶᠡᠬᠡ ᠭᠤᠤᠯᠳᠠᠯᠭ᠎ᠠ᠎ᠲᠠᠶ ᠬᠦᠷᠢᠶ᠎ᠡ ᠬᠡᠪᠴᠢᠶ᠎ᠡ᠂ ᠭᠤᠤᠯᠳᠠᠯᠭ᠎ᠠ᠎ᠲᠠᠶ ᠤᠴᠢᠷ ᠶᠠᠪᠤᠳᠠᠯ ᠳᠡᠭᠡᠷ᠎ᠡ 《ᠬᠠᠰᠤᠬᠤ ᠠᠷᠭ᠎ᠠ》ᠠᠪᠴᠤ᠂ ᠬᠦᠴᠤ ᠤᠷᠤᠭᠤᠯᠤᠨ ᠭᠣᠭ᠍ᠴᠣᠭ᠎ᠠ᠎ᠶ᠋ᠢ ᠪᠠᠭᠠᠰᠭᠠᠬᠤ᠂ ᠮᠠᠲ᠋ᠧᠷᠢᠶᠠᠯ᠎ᠢ ᠬᠠᠰᠤᠬᠤ᠂ ᠴᠠᠭ᠎ᠤᠨ ᠬᠢᠵᠠᠭᠠᠷ᠎ᠢ ᠬᠠᠰᠤᠬᠤ᠂ ᠵᠠᠷᠤᠳᠠᠯ᠎ᠢ ᠬᠠᠰᠤᠬᠤ᠂ ᠬᠦᠶᠦᠯᠭᠡᠬᠦ ᠵᠢ ᠬᠠᠰᠤᠵᠤ᠂ 《ᠨᠢᠭᠡ ᠴᠣᠩᠬᠣᠪᠴᠢ᠎ᠪᠠᠷ ᠭᠥᠯᠢᠶᠡᠨ ᠠᠪᠴᠤ᠌ ᠱᠢᠶ᠋ᠳᠪᠦᠷᠢᠯᠡᠬᠦ᠌》 ᠶ᠋ᠢ ᠪᠥᠬᠥ᠌ ᠲᠠᠯ᠎ᠠ᠎ᠪᠠᠷ ᠬᠡᠷᠡᠭ᠌ᠵᠢᠭᠦᠯᠵᠤ᠂ ᠲᠦᠪᠯᠡᠷᠡᠬᠦᠯᠦᠭᠰᠡᠨ ᠦᠢᠯᠡᠴᠢᠯᠡᠭᠡ ᠪᠠ ᠠᠵᠢᠯ ᠶᠠᠪᠤᠳᠠᠯ ᠭᠦᠶ᠋ᠴᠡᠳᠭᠡᠬᠦ᠌ ᠶᠠᠪᠤᠴᠠ ᠵᠢ ᠤᠯᠠᠮ ᠴᠢᠨᠠᠬᠰᠢᠳᠠ ᠱᠢᠯᠢᠳᠡᠭ᠌ᠵᠢᠭᠦᠯᠵᠤ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠦᠢᠯᠡᠳᠦᠯ ᠴᠢᠳᠠᠪᠤᠷᠢ᠎ᠶ᠋ᠢ ᠲᠠᠰᠤᠷᠠᠯᠲᠠ ᠤᠢ᠍ᠭᠡᠢ ᠳᠡᠭᠡᠭ᠌ᠰᠢᠯᠡᠭᠦᠯᠪᠡ᠃

ᠣᠳᠣᠬᠠᠨ ᠪᠣᠯᠲᠠᠯ᠎ᠠ᠂ ᠱᠢᠯᠢ᠎ᠶ᠋ᠢᠨ ᠭᠤᠤᠯ ᠠᠢᠮᠠᠭ᠎ᠨᠢ ᠪᠥᠬᠥ᠌ ᠣᠷᠣᠨ᠎ᠤ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠵᠦᠶ᠋ᠯ᠎ᠢ ᠨᠠᠷᠢᠯᠢᠬ᠍ᠵᠢᠭᠤᠯᠤᠨ ᠡᠮᠬᠢᠯᠡᠬᠦ᠌ ᠪᠠ ᠰᠢᠭᠤᠳ ᠱᠢᠰᠲ᠋ᠧᠮ᠎ᠢ ᠵᠣᠯᠭᠠᠭᠤᠯᠬᠤ ᠲᠤᠷᠱᠢᠯᠲᠠ᠎ᠶ᠋ᠢᠨ ᠭᠠᠵᠠᠷ ᠣᠷᠣᠨ ᠪᠣᠯᠤᠭ᠍ᠰᠠᠨ᠎ᠤ ᠬᠤᠪᠢ᠎ᠳᠤ᠂ ᠣᠷᠣᠨ᠎ᠤ ᠱᠢᠭᠤᠳ ᠬᠠᠷᠢᠶ᠎ᠠ 13 ᠰᠠᠯᠠᠭ᠎ᠠ ᠮᠥᠴᠢᠷ᠎ᠦᠨ 34 ᠠᠵᠢᠯ ᠲᠦᠷᠦᠯ ᠎ᠤᠨ ᠲᠤᠬᠠᠢᠯᠠᠭ᠍ᠰᠠᠨ ᠠᠵᠢᠯ᠎ᠤᠨ ᠱᠢᠰᠲ᠋ᠧᠮ᠎ᠯᠦᠭᠡ ᠬᠠᠷᠢᠯᠴᠠᠨ ᠬᠣᠯᠪᠣᠭᠠᠯᠠᠵᠤ ᠬᠠᠷᠢᠯᠴᠠᠨ ᠨᠡᠪᠲᠡᠷᠡᠯᠴᠡᠬᠦ᠌᠎ᠶ᠋ᠢ ᠡᠩ ᠲᠡᠷᠢᠭᠦᠨ᠎ᠳᠦ ᠪᠡᠶᠡᠯᠡᠭᠦᠯᠵᠦ᠍᠂ ᠥᠪᠡᠰᠦᠪᠡᠨ ᠪᠠᠢᠭᠤᠯᠤᠭ᠍ᠰᠠᠨ 3 ᠲᠤᠬᠠᠢᠯᠠᠭ᠍ᠰᠠᠨ ᠠᠵᠢᠯ᠎ᠤᠨ ᠱᠢᠰᠲ᠋ᠧᠮ᠎ᠢ ᠪᠦᠬᠦᠨ᠎ᠢ ᠨᠡᠪᠲᠡᠷᠡᠭᠦᠯᠦᠨ᠂ 2.6 ᠲᠦᠮᠡᠨ ᠵᠦᠶ᠋ᠯ᠎ᠢ 《ᠨᠢᠭᠡ ᠰᠦᠯᠵᠢᠶ᠎ᠡ᠎ᠪᠡᠷ ᠨᠡᠢᠳᠡᠮ ᠭᠦᠶ᠋ᠴᠡᠳᠭᠡᠬᠦ᠌》 ᠶ᠋ᠢ ᠪᠡᠶᠡᠯᠡᠭᠦᠯᠵᠦ᠍᠂ ᠰᠦᠯᠵᠢᠶᠡᠨ ᠳᠡᠭᠡᠷ᠎ᠡ ᠭᠦᠶ᠋ᠴᠡᠳᠭᠡᠵᠦ᠍ ᠪᠣᠯᠬᠤ ᠨᠣᠷᠮ᠎ᠠ᠂ ᠪᠥᠬᠥ᠌ ᠶᠠᠪᠤᠴᠠ᠎ᠶ᠋ᠢ ᠰᠦᠯᠵᠢᠶ᠎ᠡ᠎ᠪᠡᠷ ᠭᠦᠶ᠋ᠴᠡᠳᠭᠡᠬᠦ᠌ ᠨᠣᠷᠮ᠎ᠠ ᠲᠣᠰ ᠲᠣᠰ 99.7% ᠪᠠ 92.9 % ᠎ᠳ᠋ᠤ ᠬᠦᠷᠴᠦ᠍᠂ ᠪᠥᠬᠥ᠌ ᠣᠷᠣᠨ᠎ᠤ ᠡᠮᠦᠨ᠎ᠡ ᠡᠩᠨᠡᠭᠡᠨ᠎ᠳᠦ ᠣᠷᠣᠪᠠ᠃

ᠱᠢᠯᠢ᠎ᠶ᠋ᠢᠨ ᠭᠤᠤᠯ ᠠᠢᠮᠠᠭ ᠪᠦᠬᠦ᠌ ᠣᠷᠣᠨ᠎ᠳᠤ 《ᠡᠮᠦᠨ᠎ᠡ ᠴᠤᠩᠬᠤᠪᠴᠢ᠎ᠳᠦ ᠶᠡᠷᠦᠩᠬᠡᠢᠯᠡᠨ ᠬᠦᠯᠢᠶᠡᠨ ᠠᠪᠬᠤ᠂ ᠠᠷᠤ ᠲᠠᠪᠴᠠᠩ᠎ᠳᠦ ᠲᠥ᠋ᠷᠥᠯ ᠬᠤᠪᠢᠶᠠᠭ᠍ᠰᠠᠨ ᠬᠢᠨᠠᠨ ᠵᠥᠪᠱᠢᠶᠡᠷᠡᠬᠦ᠂ ᠨᠢᠭᠡᠳᠦᠯᠲᠡᠶ ᠴᠣᠩᠬᠣᠪᠴᠢ ᠪᠡᠷ ᠭᠡᠷᠡᠴᠢ ᠦᠨᠡᠮᠯᠡᠯ᠎ᠢ ᠭᠠᠷᠭᠠᠬᠤ》 ᠦᠶ᠋ᠯᠡᠴᠢᠯᠡᠭᠡᠨ᠎ᠦ ᠵᠠᠭ᠍ᠪᠤᠷ᠎ᠢ ᠬᠠᠮᠤᠭ ᠤᠷᠢᠤᠨ ᠵᠢᠨᠷ ᠬᠡᠷᠡᠭᠵᠢᠭᠦᠯᠵᠤ᠂ 《ᠨᠢᠭᠡ ᠶᠠᠪᠤᠳᠠᠯ᠎ᠢ ᠣᠯᠠᠨ ᠴᠣᠩᠬᠣᠪᠴᠢ᠎ᠪᠠᠷ ᠰᠢᠢᠳᠪᠤᠷᠢᠯᠡᠬᠦ》 ᠶ᠋ᠢ 《ᠨᠢᠭᠡ ᠴᠣᠩᠬᠣᠪᠴᠢ᠎ᠪᠠᠷ ᠣᠯᠠᠨ ᠶᠠᠪᠤᠳᠠᠯ᠎ᠢ ᠰᠢᠢᠳᠪᠤᠷᠢᠯᠡᠬᠦ》 ᠪᠣᠯᠭᠠᠨ ᠬᠤᠪᠢᠷᠠᠭᠤᠯᠵᠤ᠂ ᠭᠤᠤᠯᠳᠠᠯᠭ᠎ᠠ᠎ᠲᠠᠶ ᠬᠦᠷᠢᠶ᠎ᠡ ᠴᠠᠷᠠᠭ᠎ᠠ ᠪᠠ ᠭᠦᠶ᠋ᠴᠡᠳᠭᠡᠬᠦ᠌ ᠬᠡᠮᠵᠢᠶ᠎ᠡ ᠶᠡᠬᠡ ᠥᠨᠳᠥᠷ ᠳᠠᠪᠲᠠᠮᠵᠢᠲᠤ ᠵᠦᠢᠯ᠎ᠢᠶᠡᠷ ᠭᠤᠤᠯᠳᠠᠯᠭ᠎ᠠ ᠪᠣᠯᠭᠠᠵᠤ᠂ 《ᠭᠣᠭ᠍ᠴᠣᠭ᠎ᠠ ᠵᠢ ᠬᠠᠰᠤᠬᠤ᠂ ᠮᠠᠲ᠋ᠧᠷᠢᠶᠠᠯ᠎ᠢ ᠬᠠᠰᠤᠬᠤ᠂ ᠴᠠᠭ᠎ᠤᠨ ᠬᠢᠵᠠᠭᠠᠷ᠎ᠢ ᠬᠠᠰᠤᠬᠤ》ᠱᠠᠭᠠᠷᠳᠠᠯᠭ᠎ᠠ ᠶᠤᠰᠤᠭᠠᠷ᠂ 4316 ᠵᠦᠶ᠋ᠯ᠎ᠦᠨ 《ᠳᠥᠷᠪᠡᠨ ᠠᠯᠪᠠᠨ ᠬᠡᠷ》 ᠤ᠋ᠨ ᠵᠦᠶ᠋ᠯᠡᠰ᠎ᠦᠨ ᠨᠠᠷᠢᠨ ᠲᠠᠩᠰᠠ᠎ᠶ᠋ᠢ ᠨᠠᠢᠷᠠᠭᠤᠯᠤᠨ ᠵᠣᠬᠢᠶᠠᠵᠤ ᠡᠮᠬᠢᠯᠡᠪᠡ᠂ ᠠᠩᠬ᠎ᠠ ᠤᠳᠠᠭ᠎ᠠ᠎ᠳᠦ ᠬᠠᠷᠢᠭᠤᠴᠠᠬᠤ᠎ᠶ᠋ᠢ ᠢᠳᠡᠪᠬᠢᠲᠡᠶ ᠰᠦᠪᠡᠭ᠌ᠴᠢᠯᠡᠨ ᠬᠡᠷᠡᠭ᠌ᠵᠢᠭᠦᠯᠵᠤ᠂ ᠴᠠᠭ ᠬᠢᠵᠠᠭᠠᠷᠯᠠᠨ ᠭᠦᠢᠴᠡᠳᠭᠡᠵᠦ᠍ ᠳᠠᠭᠤᠰᠭᠠᠬᠤ᠂ ᠨᠢᠭᠡ ᠯᠡ ᠤᠳᠠᠭ᠎ᠠ᠎ᠳᠤ ᠮᠡᠳᠡᠭ᠌ᠳᠡᠬᠦ᠂ ᠪᠣᠯᠵᠣᠨ ᠭᠦᠢᠴᠡᠳᠭᠡᠬᠦ᠂ ᠴᠠᠭ ᠬᠣᠢᠱᠢᠯᠠᠭᠤᠯᠵᠤ ᠴᠠᠭ ᠵᠦᠷᠢᠭᠦᠯᠵᠤ ᠬᠦᠢᠴᠡᠳᠭᠡᠬᠦ ᠵᠡᠷᠭᠡ ᠣᠯᠠᠨ ᠵᠦᠶ᠋ᠯ᠎ᠦᠨ ᠦᠶ᠋ᠯᠡᠴᠢᠯᠡᠭᠡ ᠭᠦᠶ᠋ᠴᠡᠳᠭᠡᠬᠦ᠌ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠵᠤ᠂ ᠳ᠋ᠦᠩᠱᠢᠭᠤᠷ ᠲᠥᠭᠥᠷᠢᠭ᠎ᠦᠨ ᠲᠥᠷᠥᠯ ᠵᠦᠶ᠋ᠯ᠎ᠦᠨ 《ᠲᠥᠪᠯᠡᠷᠡᠭᠦᠯᠦᠨ ᠬᠢᠨᠠᠨ ᠵᠥᠪᠱᠢᠶᠡᠷᠡᠬᠦ᠌ ᠡᠳᠦᠷ》 ᠤ᠋ᠨ ᠠᠵᠢᠯᠯᠠᠭ᠎ᠠ᠎ᠶ᠋ᠢ ᠥᠷᠨᠢᠭᠦᠯᠵᠤ᠂ ᠢᠯᠡᠳᠲᠡ ᠠᠮᠵᠢᠯᠲᠠ ᠤᠯᠪᠠ᠃

ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ᠎ᠢ ᠤᠯᠠᠮ ᠨᠢᠭᠡ ᠠᠯᠬᠤᠮ ᠱᠢᠯᠢᠳᠡᠭ᠌ᠵᠢᠭᠦᠯᠵᠦ᠍᠂ ᠲᠥᠷᠥᠯ ᠵᠦᠶ᠋ᠯ᠎ᠢ ᠨᠠᠢᠳᠠᠪᠤᠷᠢᠵᠢᠭᠤᠯᠤᠨ ᠬᠡᠷᠡᠭ᠌ᠵᠢᠭᠦᠯᠬᠦ᠌᠎ᠶ᠋ᠢ ᠲᠦᠷᠭᠡᠳᠭᠡᠬᠦ᠌᠎ᠶ᠋ᠢᠨ ᠲᠥᠯᠥᠭᠡ᠂ 2021 ᠣᠨ᠎ᠤ 10 ᠳ᠋ᠤᠭᠠᠷ ᠰᠠᠷ᠎ᠠ᠎ᠡᠴᠡ ᠡᠬᠢᠯᠡᠨ᠂ ᠱᠢᠯᠢ᠎ᠶ᠋ᠢᠨ ᠭᠤᠤᠯ ᠠᠢᠮᠠᠭ ᠪᠥᠬᠥ᠌ ᠤᠯᠤᠰ᠎ᠤᠨ ᠲᠡᠷᠢᠭᠦᠨ᠎ᠦ ᠭᠠᠵᠠᠷ ᠣᠷᠣᠨ᠎ᠢᠶᠠᠷ ᠪᠠᠷᠢᠮᠵᠢᠶᠠᠯᠠᠵᠤ᠂ ᠪᠠᠷᠢᠯᠭ᠎ᠠ᠎ᠶ᠋ᠢᠨ ᠲᠥᠷᠥᠯ ᠵᠦᠶ᠋ᠯ᠎ᠢ ᠲᠥᠷᠥᠯ ᠵᠦᠶ᠋ᠯ ᠪᠠᠢᠭᠤᠯᠬᠤ᠎ᠡᠴᠡ ᠠᠪᠤᠭᠠᠳ ᠪᠠᠷᠢᠯᠭ᠎ᠠ ᠳᠠᠭᠤᠰᠴᠤ᠌ ᠱᠢᠯᠭᠠᠨ ᠬᠤᠷᠢᠶᠠᠨ ᠠᠪᠬᠤ ᠬᠦᠷᠲᠡᠯᠡᠬᠢ ᠪᠥᠬᠥ᠌ ᠶᠠᠪᠤᠴᠠ᠎ᠶ᠋ᠢᠨ ᠬᠠᠮᠤᠭ᠎ᠤᠨ ᠣᠷᠳᠣ ᠬᠢᠨᠠᠨ ᠵᠥᠪᠱᠢᠶᠡᠷᠡᠬᠦ᠌ ᠴᠠᠭ᠎ᠤᠨ ᠬᠢᠵᠠᠭᠠᠷ᠎ᠢ 45 ᠠᠵᠢᠯᠯᠠᠬᠤ ᠡᠳᠦᠷ᠎ᠦᠨ ᠳᠣᠲᠣᠷ᠎ᠠ ᠪᠣᠭᠣᠨᠢᠰᠭᠠᠨ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠲᠣᠭ᠍ᠲᠠᠭᠠᠭ᠍ᠰᠠᠨ ᠴᠠᠭ᠎ᠤᠨ ᠬᠢᠵᠠᠭᠠᠷ᠎ᠡᠴᠡ ᠲᠣᠰ ᠲᠣᠰ 55 ᠡᠳᠦᠷ ᠪᠠ 45 ᠡᠳᠦᠷ ᠳᠤᠲᠠᠭᠤ ᠪᠠᠢᠯᠭᠠᠵᠤ᠂ ᠬᠢᠨᠠᠨ ᠵᠥᠪᠱᠢᠶᠡᠷᠡᠬᠦ᠌ ᠴᠠᠭ᠎ᠤᠨ ᠬᠢᠵᠠᠭᠠᠷ᠎ᠵᠢᠡᠷ ᠬᠠᠮᠤᠭ᠎ᠤᠨ ᠣᠬᠣᠷ ᠨᠡᠢᠭᠡᠮ᠎ᠦᠨ ᠪᠠᠯᠠ ᠣᠷᠣᠭᠤᠯᠤᠯᠲᠠ᠎ᠶ᠋ᠢᠨ ᠲᠥᠬᠥᠮ ᠪᠥᠭᠡᠳ ᠳᠤᠤᠷ᠎ᠠ ᠲᠦᠭ᠌ᠰᠢᠭᠦᠷᠢᠲᠦ ᠲᠥᠷᠥᠯ ᠵᠦᠶ᠋ᠯ᠎ᠢ 8 ᠠᠵᠢᠯᠯᠠᠬᠤ ᠡᠳᠦᠷ᠎ᠦᠨ ᠳᠣᠲᠣᠷ᠎ᠠ ᠪᠣᠭᠣᠨᠢᠰᠭᠠᠨ᠂ ᠪᠥᠬᠥ᠌ ᠤᠯᠤᠰ᠎ᠤᠨ ᠡᠮᠦᠨ᠎ᠡ ᠡᠩᠨᠡᠭᠡᠨ᠎ᠳᠦ ᠣᠷᠣᠭᠤᠯᠪᠠ᠃

ᠱᠢᠯᠢ᠎ᠶ᠋ᠢᠨ ᠭᠤᠤᠯ ᠠᠢᠮᠠᠭ 《ᠥᠯᠥ᠍ ᠬᠦᠷᠦᠯᠴᠡᠬᠦ᠌ ᠮᠠᠶᠢᠭ》 ᠎ᠤ᠋ᠨ ᠭᠠᠢᠯᠢ ᠭᠦᠶ᠋ᠴᠡᠳᠭᠡᠬᠦ᠌ ᠦᠶ᠋ᠯᠡᠴᠢᠯᠡᠭᠡ᠎ᠶ᠋ᠢ ᠶᠡᠬᠡᠪᠡᠷ ᠥᠷᠨᠢᠭᠦᠯᠵᠦ᠍᠂ ᠰᠦᠯᠵᠢᠶ᠎ᠡ᠎ᠪᠡᠷ ᠭᠤᠶᠤᠴᠢᠯᠠᠬᠤ᠂ ᠲᠤᠱᠢᠶᠠᠬᠤ᠂ ᠪᠣᠯᠵᠣᠬᠤ᠂ ᠠᠬᠢᠴᠠ᠎ᠶ᠋ᠢ ᠪᠠᠢᠴᠠᠭᠠᠨ ᠯᠠᠪᠯᠠᠬᠤ᠂ ᠰᠦᠯᠵᠢᠶ᠎ᠡ᠎ᠪᠡᠷ ᠭᠠᠢᠯᠢ ᠰᠦᠶ᠋ᠳᠭᠡᠯ ᠲᠤᠱᠢᠶᠠᠬᠤ ᠵᠡᠷᠭᠡ ᠦᠶ᠋ᠯᠡᠴᠢᠯᠡᠭᠡ᠎ᠶ᠋ᠢ ᠪᠡᠶᠡᠯᠡᠭᠦᠯᠪᠡ᠃ ᠠᠵᠤ ᠠᠬᠤᠢᠯᠠᠯ᠎ᠤᠨ ᠭᠠᠢᠯᠢ ᠭᠦᠶ᠋ᠴᠡᠳᠭᠡᠬᠦ᠌ ᠴᠠᠭ᠎ᠢ ᠤᠯᠠᠮ ᠨᠢᠭᠡ ᠠᠯᠬᠤᠮ ᠪᠣᠭᠣᠨᠢᠰᠭᠠᠵᠤ᠂ ᠭᠠᠢᠯᠢ ᠲᠤᠱᠢᠶᠠᠵᠤ ᠭᠠᠢᠯᠢ ᠪᠤᠴᠠᠭᠠᠬᠤ ᠴᠠᠭ᠎ᠤᠨ ᠬᠢᠵᠠᠭᠠᠷ᠎ᠢ ᠪᠣᠭᠣᠨᠢᠰᠭᠠᠵᠤ᠂ ᠭᠠᠳᠠᠭᠠᠳᠤ ᠭᠠᠷᠭᠠᠯᠲᠠ᠎ᠶ᠋ᠢᠨ ᠭᠠᠢᠯᠢ ᠪᠤᠴᠠᠭᠠᠬᠤ ᠪᠦᠬᠦᠯᠢ ᠴᠣᠭ᠍ᠴᠠ᠎ᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠪᠡ᠃ ᠰᠠᠯᠠᠭ᠎ᠠ ᠮᠥᠴᠢᠷ᠎ᠦᠨ ᠵᠣᠬᠢᠴᠠᠯᠳᠤᠨ ᠬᠠᠮᠵᠢᠯᠴᠠᠬᠤ᠎ᠶ᠋ᠢ ᠴᠢᠩᠭᠠᠳᠭᠠᠬᠤ᠎ᠪᠠᠷ ᠳᠠᠮᠵᠢᠭᠤᠯᠤᠨ᠂ ᠠᠵᠤ ᠠᠬᠤᠢᠯᠠᠯ᠎ᠳᠤ ᠠᠱᠢᠭ ᠬᠦᠷᠲᠡᠭᠡᠬᠦ᠌ 《ᠭᠠᠷ ᠤᠳᠠᠰᠤᠨ ᠲᠡᠭᠡᠷ᠎ᠡ ᠭᠦᠶ᠋ᠴᠡᠳᠭᠡᠬᠦ᠌》ᠦᠶ᠋ᠯᠡᠴᠢᠯᠡᠭᠡ᠎ᠶ᠋ᠢᠨ ᠰᠠᠭᠠᠳ ᠥᠬᠡᠶ ᠨᠡᠪᠲᠡᠷᠡᠬᠦ᠌᠎ᠶ᠋ᠢ ᠠᠬᠢᠭᠤᠯᠵᠤ᠂ ᠠᠯᠠᠭᠠᠨ ᠳᠡᠭᠡᠷᠡᠬᠢ ᠭᠠᠢᠯᠢ ( ᠰᠦᠶ᠋ᠳᠭᠡᠯ ᠲᠤᠱᠢᠶᠠᠬᠤ ) ᠭᠦᠶ᠋ᠴᠡᠳᠭᠡᠬᠦ᠌᠎ᠶ᠋ᠢ ᠲᠥᠬᠥᠮ ᠪᠥᠭᠡᠳ ᠰᠠᠭᠠᠳ ᠥᠬᠡᠶ ᠨᠡᠪᠲᠡᠷᠡᠭᠦᠯᠦᠨ᠂ ᠵᠠᠰᠠᠭ᠎ᠤᠨ ᠶᠠᠪᠤᠳᠠᠯ᠎ᠤᠨ ᠲᠣᠭ᠎ᠠ ᠪᠠᠷᠢᠮᠲᠠ᠎ᠶ᠋ᠢ ᠬᠠᠮᠲᠤᠪᠠᠷ ᠡᠳ᠋ᠯᠡᠬᠦ ᠶ᠋ᠢ ᠪᠡᠶᠡᠯᠡᠭᠦᠯᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面