2022-02-13 20:08:07
— ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ ᠶ᠋ᠢᠨ ᠵᠥᠪᠯᠡᠯ ᠦᠨ ᠡᠷᠬᠢᠯᠡᠭ᠌ᠴᠢ ᠬᠥᠩ ᠮᠢᠩ ᠵᠦ᠍ ᠶ᠋ᠢ ᠰᠤᠷᠪᠤᠯᠵᠢᠯᠠᠬᠰᠠᠠ ᠨᠢ
2 ᠰᠠᠷ᠎ᠠ ᠵᠢᠨ 7 ᠤ᠋ ᠡᠳᠤᠷ᠂ ᠪᠥᠬᠥ᠌ ᠣᠷᠣᠨ᠎ᠤ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠶᠡᠬᠡ ᠬᠤᠷᠠᠯ ᠬᠥᠬᠡᠬᠣᠲᠠ᠎ᠳᠤ ᠬᠤᠷᠠᠯᠳᠤᠪᠠ᠃ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠦᠨ ᠡᠷᠬᠢᠯᠡᠭ᠌ᠴᠢ ᠬᠥᠩ ᠮᠢᠩ ᠵᠦ᠍《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠩ ᠱᠢᠯᠢᠳᠡᠭ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢᠶᠡᠷ ᠵᠠᠬ᠎ᠠ ᠳᠡᠯᠭᠡᠭᠦᠷ᠎ᠦᠨ ᠭᠤᠤᠯ ᠴᠣᠭ᠍ᠴᠠ᠎ᠳᠤ ᠦᠶ᠋ᠯᠡᠴᠢᠯᠡᠬᠦ᠌ ᠠᠵᠢᠯᠯᠠᠭᠠᠨ᠎ᠤ ᠲᠥᠰᠦᠯ》(3.0 ᠲᠥᠰᠦᠯ ᠭᠡᠵᠦ᠍ ᠲᠣᠪᠴᠢᠯᠠᠨ᠎ᠠ) ᠤ᠋ᠨ ᠲᠤᠬᠠᠶ ᠬᠠᠷᠢᠭᠤ ᠮᠡᠳᠡᠭᠦᠯᠦᠯᠲᠡ ᠬᠢᠪᠠ᠃ 3.0 ᠲᠥᠰᠦᠯ᠎ᠢ ᠶᠠᠮᠠᠷ ᠪᠠᠢᠳᠠᠯ᠎ᠤᠨ ᠳᠣᠣᠷ᠎ᠠ ᠨᠡᠢᠲᠡᠯᠡᠭ᠌ᠰᠡᠨ ᠪᠤᠶ? ᠶᠠᠮᠠᠷ ᠶᠠᠮᠠᠷ ᠴᠢᠬᠤᠯᠠ ᠠᠷᠭ᠎ᠠ ᠬᠡᠮᠵᠢᠶ᠎ᠡ ᠪᠠᠢᠬᠤ ᠪᠣᠶ? ᠡᠨᠡ ᠠᠰᠠᠭᠤᠳᠠᠯ᠎ᠤᠨ ᠲᠤᠬᠠᠢ ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠦᠨ ᠡᠷᠬᠢᠯᠡᠭ᠌ᠴᠢ ᠭᠦᠩ ᠮᠢᠩ ᠵᠦ᠍ ᠵᠢ ᠰᠤᠷᠪᠤᠯᠵᠢᠯᠠᠪᠠ᠃
ᠬᠥᠩ ᠮᠢᠩ ᠵᠣ᠌᠂ ᠮᠠᠨ᠎ᠤ ᠣᠷᠣᠨ᠎ᠤ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠲᠥᠷᠥ᠎ᠶ᠋ᠢᠨ ᠪᠣᠳᠣᠯᠭ᠎ᠠ ᠵᠢ ᠨᠢᠭᠡᠨᠲᠡ ᠬᠣᠶᠠᠷ ᠤᠳᠠᠭ᠎ᠠ ᠲᠠᠰ ᠳᠡᠪᠱᠢᠬᠦᠯᠪᠠ᠃ 2018 ᠣᠨ᠎ᠳᠤ ᠨᠡᠢᠲᠡᠯᠡᠭ᠌ᠰᠡᠨ《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠠᠵᠢᠯ᠎ᠤᠨ ᠬᠡᠷᠡᠭ᠌ᠵᠢᠭᠦᠯᠬᠦ᠌ ᠲᠥᠰᠦᠯ》(1.0 ᠲᠥᠰᠦᠯ)᠎ᠨᠢ ᠳᠡᠯᠡᠬᠡᠶ᠎ᠶ᠋ᠢᠨ ᠪᠠᠩᠬᠢ᠎ᠶ᠋ᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠦᠨᠡᠯᠡᠬᠦ᠌ 8 ᠬᠦᠷᠢᠶ᠎ᠡ᠎ᠲᠡᠶ ᠬᠠᠷᠢᠴᠠᠭᠤᠯᠵᠤ᠂ ᠵᠠᠬ᠎ᠠ ᠳᠡᠯᠭᠡᠭᠦᠷ᠎ᠦᠨ ᠭᠤᠤᠯ ᠴᠣᠭ᠍ᠴᠠ᠎ᠶ᠋ᠢᠨ ᠠᠵᠢᠯ ᠶᠠᠪᠤᠳᠠᠯ ᠭᠦᠶ᠋ᠴᠡᠳᠭᠡᠵᠦ᠍ ᠠᠳᠠᠯ ᠦᠶ᠋ᠯᠡᠰ ᠴᠣᠭ᠍ᠴᠠᠯᠠᠬᠤ᠎ᠳ᠋ᠤ ᠳᠥᠭᠥᠮ ᠦᠵᠡᠬᠦᠯᠬᠦ ᠥᠭᠡᠷᠡᠴᠢᠯᠡᠯᠲᠡ᠎ᠶ᠋ᠢ ᠡᠬᠢᠯᠡᠭᠦᠯᠪᠡ᠃ 2020 ᠣᠨ᠎ᠳᠤ《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠠᠵᠢᠯᠯᠠᠭᠠᠨ᠎ᠤ ᠲᠥᠰᠦᠯ》(2.0 ᠲᠥᠰᠦᠯ)᠎ᠢ᠋ ᠨᠡᠢᠲᠡᠯᠡᠵᠦ᠍᠂ ᠳᠤᠮᠳᠠᠳᠤ ᠤᠯᠤᠰ᠎ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠦᠨᠡᠯᠡᠬᠦ᠌ ᠱᠢᠰᠲ᠋ᠧᠮ ᠪᠠ ᠥᠪᠡᠷᠲᠡᠭᠡᠨ ᠵᠠᠰᠠᠬᠤ ᠣᠷᠣᠨ᠎ᠤ ᠪᠣᠳᠠᠲᠤ ᠪᠠᠢᠳᠠᠯ᠎ᠲᠠᠶ ᠤᠯᠠᠮ ᠨᠢᠭᠡ ᠠᠯᠬᠤᠮ ᠬᠠᠷᠢᠴᠠᠭᠤᠯᠵᠤ᠂ 20 ᠬᠦᠷᠢᠶ᠎ᠠ ᠴᠠᠷᠠᠭᠠᠨ᠎ᠳᠦ ᠴᠠᠭ᠎ᠢ ᠪᠠᠭᠠᠰᠭᠠᠬᠤ᠂ ᠭᠣᠭ᠍ᠴᠣᠭ᠎ᠠ᠎ᠶ᠋ᠢ ᠴᠦᠬᠡᠳᠬᠡᠬᠦ᠂ ᠥᠪᠡᠷ᠎ᠦᠨ ᠥᠷᠲᠡᠭ᠎ᠢ ᠪᠠᠭᠤᠷᠠᠭᠤᠯᠬᠤ᠂ ᠭᠦᠶᠦᠯᠬᠡᠬᠦ ᠶ᠋ᠢ ᠪᠠᠭᠠᠰᠭᠠᠬᠤ᠂ ᠦᠶ᠋ᠯᠡᠴᠢᠯᠡᠭᠡ᠎ᠶ᠋ᠢ ᠱᠢᠯᠢᠳᠡᠭ᠌ᠵᠢᠭᠦᠯᠬᠦ᠌᠎ᠶ᠋ᠢ ᠪᠥᠬᠥ᠌ ᠬᠦᠴᠦᠨ᠎ᠢᠶᠡᠷ᠎ᠢᠶᠡᠨ ᠠᠬᠢᠭᠤᠯᠪᠠ ᠬᠡᠵᠤ ᠵᠢᠭᠠᠵᠤ ᠭᠠᠷᠭᠠᠪᠠ᠃
2021 ᠣᠨ᠎ᠳᠤ ᠪᠥᠬᠥ᠌ ᠣᠷᠣᠨ᠎ᠤ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠦᠨ ᠦᠨᠡᠯᠡᠨ ᠵᠢᠱ᠌ᠢᠯᠲᠡ᠎ᠳᠦ ᠢᠯᠡᠷᠡᠭᠦᠯᠦᠭ᠌ᠰᠡᠨ᠎ᠢᠶᠡᠷ᠂ ᠮᠠᠨ᠎ᠤ ᠣᠷᠣᠨ᠎ᠤ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠦᠨ ᠪᠦᠬᠦᠯᠢ ᠴᠣᠭ᠍ᠴᠠ᠎ᠪᠠᠷ ᠵᠢᠨᠨ ᠠᠯᠬᠤᠮ ᠠᠯᠬᠤᠮ᠎ᠢᠶᠠᠷ ᠰᠠᠢᠵᠢᠷᠠᠬᠤ᠎ᠶ᠋ᠢ ᠳᠠᠭᠠᠯᠳᠤᠨ᠂ ᠵᠠᠬ᠎ᠠ ᠳᠡᠯᠭᠡᠭᠦᠷ᠎ᠦᠨ ᠭᠤᠤᠯ ᠴᠣᠭ᠍ᠴᠠ᠎ᠶ᠋ᠢᠨ ᠬᠦᠰᠡᠯ ᠱᠠᠭᠠᠷᠳᠠᠯᠭ᠎ᠠ ᠴᠦ᠍ ᠲᠠᠰ ᠳᠡᠪᠱᠢᠵᠦ᠍᠂ ᠴᠠᠭ᠂ ᠭᠣᠭ᠍ᠴᠣᠭ᠎ᠠ᠂ ᠮᠠᠲ᠋ᠧᠷᠢᠶᠠᠯ᠎ᠢ ᠪᠠᠭᠠᠰᠭᠠᠵᠤ ᠪᠠᠢᠭ᠍ᠰᠠᠨ᠎ᠠᠴᠠ᠎ᠪᠠᠨ ᠠᠯᠬᠤᠮ ᠠᠯᠬᠤᠮ᠎ᠢᠶᠠᠷ ᠠᠵᠢᠯ ᠶᠠᠪᠤᠳᠠᠯ ᠭᠦᠶ᠋ᠴᠡᠳᠭᠡᠬᠦ᠌᠎ᠳᠦ ᠨᠠᠩ ᠲᠥᠬᠥᠮ᠂ ᠣᠷᠣᠬᠤ ᠵᠢ ᠵᠥᠪᠱᠢᠶᠡᠷᠡᠬᠦ ᠵᠢ ᠨᠠᠩ ᠡᠷᠬᠡ ᠲᠡᠭᠰᠢ᠂ ᠬᠢᠨᠠᠯᠲᠠ ᠬᠠᠮᠢᠶᠠᠷᠤᠯᠲᠠ᠎ᠶ᠋ᠢ ᠨᠠᠩ ᠲᠥᠪ ᠭᠤᠤᠯᠴᠢ᠂ ᠦᠶ᠋ᠯᠡᠴᠢᠯᠡᠭᠡ᠎ᠶ᠋ᠢ ᠨᠠᠩ ᠬᠠᠯᠠᠭᠤᠨ ᠳᠤᠯᠠᠭᠠᠨ᠂ ᠵᠠᠰᠠᠭ᠎ᠤᠨ ᠣᠷᠳᠣᠨ᠎ᠤ ᠦᠨᠡᠨᠴᠢ ᠢᠲᠡᠭᠡᠮᠵᠢᠲᠡᠶ᠎ᠪᠡᠷ ᠠᠮᠠᠯᠠᠯᠲᠠ᠎ᠪᠠᠨ ᠦᠶ᠋ᠯᠡᠳᠦᠯᠭᠡᠵᠢᠭᠦᠯᠬᠦ᠌ ᠳᠠᠢᠰᠢ ᠬᠤᠪᠢᠷᠠᠵᠤ ᠪᠠᠢᠨ᠎ᠠ᠃
ᠱᠢᠨ᠎ᠡ ᠪᠠᠢᠳᠠᠯ᠎ᠳᠤ ᠵᠣᠬᠢᠴᠠᠭᠤᠯᠤᠨ᠂ ᠱᠢᠨ᠎ᠡ ᠱᠠᠭᠠᠷᠳᠠᠯᠭ᠎ᠠ᠎ᠶ᠋ᠢ ᠡᠵᠡᠮᠳᠡᠬᠦ᠌᠎ᠶ᠋ᠢᠨ ᠲᠦᠯᠦᠬᠡ᠂ ᠥᠪᠡᠷᠲᠡᠭᠡᠨ ᠵᠠᠰᠠᠬᠤ ᠣᠷᠣᠨ᠎ᠤ᠋ ᠬᠢᠨ 3.0 ᠲᠥᠰᠦᠯ᠎ᠢ ᠴᠠᠭ ᠲᠤᠬᠠᠶ᠎ᠳᠤᠨᠢ ᠳᠤᠷᠠᠳᠤᠨ ᠭᠠᠷᠭᠠᠭ᠍ᠰᠠᠨ ᠪᠥᠭᠡᠳ ᠨᠡᠢᠲᠡᠯᠡᠨ ᠬᠡᠷᠡᠭ᠌ᠵᠢᠭᠦᠯᠪᠡ(ᠡᠨᠡ ᠵᠢᠯ᠎ᠦᠨ 2 ᠰᠠᠷ᠎ᠠ᠎ᠶ᠋ᠢᠨ 1 ᠤ᠋ ᠡᠳᠦᠷ᠎ᠡᠴᠡ ᠡᠬᠢᠯᠡᠨ ᠨᠡᠢᠲᠡᠯᠡᠨ ᠬᠡᠷᠡᠭ᠌ᠵᠢᠭᠦᠯᠪᠡ)᠂ ᠡᠨᠡ ᠪᠣᠯ ᠮᠠᠨ᠎ᠤ ᠣᠷᠣᠨ᠎ᠤ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠲᠥᠷᠥ᠎ᠶ᠋ᠢᠨ ᠪᠣᠳᠣᠯᠭ᠎ᠠ᠎ᠶ᠋ᠢᠨ ᠭᠤᠷᠪᠠᠳᠠᠬᠢ ᠤᠳᠠᠭᠠᠨ᠎ᠤ ᠲᠠᠰ ᠳᠠᠪᠱᠢᠯᠲᠠ ᠪᠣᠯᠤᠨ᠎ᠠ᠃ ᠬᠥᠩ ᠮᠢᠩ ᠵᠣ᠌ ᠲᠠᠨᠢᠯᠴᠠᠭᠤᠯᠬᠤ ᠳᠠᠭᠠᠨ᠂ 3.0 ᠲᠥᠰᠦᠯ ᠳ᠋ᠤ ᠳᠥᠷᠪᠡ᠎ᠶ᠋ᠢ ᠨᠠᠩ ᠴᠢᠬᠤᠯᠠᠴᠢᠯᠠᠬᠤ ᠵᠢ ᠪᠤᠳᠠᠳᠠᠢ ᠲᠤᠪᠤᠢᠯᠭᠠᠪᠠ᠄
— ᠲᠣᠭᠠᠴᠢᠯᠠᠭ᠍ᠰᠠᠨ ᠵᠠᠰᠠᠭ᠎ᠤᠨ ᠣᠷᠳᠣᠨ᠎ᠤ ᠪᠠᠢᠭᠤᠯᠤᠯᠲᠠ᠎ᠶ᠋ᠢ ᠨᠡᠩ ᠴᠢᠬᠤᠯᠠᠴᠢᠯᠠᠨ᠎ᠠ᠃
ᠠᠵᠢᠯ ᠲᠥᠷᠥᠯ᠎ᠦᠨ ᠭᠠᠵᠠᠷ ᠣᠷᠣᠨ᠎ᠤ ᠲᠣᠭ᠎ᠠ ᠪᠠᠷᠢᠮᠲᠠ᠎ᠶ᠋ᠢ ᠪᠥᠬᠥ᠌ ᠲᠠᠯ᠎ᠠ᠎ᠪᠠᠷ ᠡᠮᠬᠢᠯᠡᠵᠦ᠍ ᠨᠢᠭᠡᠳᠦᠯᠲᠡᠶ ᠴᠤᠭ᠍ᠯᠠᠭᠤᠯᠤᠨ᠂ ᠪᠠᠷᠢᠮᠵᠢᠶ᠎ᠠ᠎ᠨᠢ ᠨᠢᠭᠡᠳᠦᠯᠲᠡᠶ᠂ ᠣᠶᠤᠨᠴᠢ ᠪᠥᠭᠡᠳ ᠲᠥᠬᠥᠮ᠂ ᠬᠠᠮᠲᠤ᠎ᠪᠠᠷ ᠡᠳ᠋ᠯᠡᠬᠦ ᠨᠡᠭᠡᠭᠡᠯᠲᠡᠲᠡᠶ᠂ ᠬᠠᠮᠵᠢᠯᠴᠠᠨ ᠬᠠᠮᠲᠤᠷᠠᠨ ᠬᠥᠳᠡᠯᠦᠯᠴᠡᠭ᠌ᠰᠡᠨ ᠲᠣᠭᠠᠴᠢᠯᠠᠭ᠍ᠰᠠᠨ ᠵᠠᠰᠠᠭ᠎ᠤᠨ ᠶᠠᠪᠤᠳᠠᠯ᠎ᠤᠨ ᠱᠢᠰᠲ᠋ᠧᠮ ᠢ᠋ ᠪᠠᠢᠭᠤᠯᠵᠤ᠂ ᠳ᠋ᠠᠢᠲ᠋ᠠ᠎ᠶ᠋ᠢ《ᠨᠢᠭᠡ ᠰᠦᠯᠵᠢᠶ᠎ᠡ᠎ᠪᠡᠷ ᠪᠦᠬᠦᠨ᠎ᠢ ᠭᠦᠢᠴᠡᠳᠭᠡᠬᠦ》᠎ᠶ᠋ᠢ ᠪᠡᠶᠡᠯᠡᠭᠦᠯᠵᠦ᠂ ᠲᠤᠬᠠᠢᠯᠠᠭ᠍ᠰᠠᠨ ᠠᠵᠢᠯ᠎ᠤᠨ ᠶᠠᠪᠤᠴᠠ ᠵᠢ ᠬᠤᠪᠢᠰᠭᠠᠯᠲᠤ ᠴᠢᠨᠠᠷᠲᠠᠶ᠎ᠪᠠᠷ ᠳᠠᠬᠢᠨ ᠵᠣᠬᠢᠶᠠᠬᠤ᠂ ᠰᠦᠯᠵᠢᠶᠡᠨ ᠳᠡᠭᠡᠷ᠎ᠡ ᠪᠠ ᠰᠦᠯᠵᠢᠶᠡᠨ᠎ᠤ ᠭᠠᠳᠠᠨ᠎ᠠ ᠭᠦᠨ ᠲᠠᠰ ᠳᠠᠪᠬᠤᠷᠭ᠎ᠠ᠎ᠪᠠᠷ ᠠᠭᠤᠰᠤᠯᠴᠠᠬᠤ᠎ᠶ᠋ᠢ ᠲᠤᠯᠭᠠᠭᠤᠷᠢᠯᠠᠵᠤ᠂《ᠨᠢᠭᠡ ᠰᠦᠯᠵᠢᠶ᠎ᠡ᠎ᠪᠡᠷ ᠪᠦᠬᠦᠨ᠎ᠢ ᠭᠦᠶ᠋ᠴᠡᠳᠭᠡᠬᠦ᠌》᠂《ᠨᠢᠭᠡ ᠰᠦᠯᠵᠢᠶ᠎ᠡ᠎ᠪᠡᠷ ᠨᠢᠭᠡᠳᠦᠯᠲᠡᠶ ᠬᠠᠮᠢᠶᠠᠷᠬᠤ》 ᠶ᠋ᠢ ᠪᠥᠬᠥ᠌ ᠲᠠᠯ᠎ᠠ᠎ᠪᠠᠷ ᠪᠡᠶᠡᠯᠡᠭᠦᠯᠬᠦ᠌᠎ᠳᠦ ᠪᠠᠲᠤ ᠪᠠᠬᠢ ᠰᠠᠭᠤᠷᠢ᠎ᠶ᠋ᠢ ᠲᠠᠯᠪᠢᠨ᠎ᠠ᠃
— ᠠᠵᠤ ᠠᠬᠤᠢᠯᠠᠯ᠎ᠤᠨ ᠪᠦᠬᠦ᠌ ᠠᠮᠢ ᠨᠠᠰᠤᠨ᠎ᠤ ᠦᠶᠡᠯᠡᠯ᠎ᠦᠨ ᠬᠤᠭᠤᠴᠠᠭᠠᠨ᠎ᠤ ᠦᠢᠯᠡᠴᠢᠯᠡᠭᠡ᠎ᠶ᠋ᠢ ᠨᠡᠩ ᠴᠢᠬᠤᠯᠠᠴᠢᠯᠠᠨ᠎ᠠ᠃ ᠠᠵᠤ ᠠᠬᠤᠢᠯᠠᠯ ᠪᠠᠢᠭᠤᠯᠬᠤ ᠵᠢ ᠳᠡᠩᠰᠡᠯᠡᠨ ᠲᠡᠮᠳᠡᠭ᠌ᠯᠡᠬᠦ᠌᠂ ᠪᠠᠷᠢᠯᠭ᠎ᠠ ᠪᠠᠷᠢᠵᠤ ᠪᠥᠲᠥᠭᠡᠨ ᠪᠠᠢᠭᠤᠯᠬᠤ᠂ ᠦᠶ᠋ᠯᠡᠳᠪᠦᠷᠢᠯᠡᠯ ᠡᠵᠡᠩᠨᠡᠯᠲᠡ᠎ᠨᠢ ᠬᠢᠨᠠᠨ ᠵᠥᠪᠱᠢᠶᠡᠷᠡᠬᠦ᠌ ᠦᠶ᠋ᠯᠡᠴᠢᠯᠡᠭᠡ ᠡᠴᠡ ᠢᠯᠭᠠᠷᠠᠭᠤᠯᠤᠨ ᠪᠤᠳᠤᠵᠤ ᠪᠤᠴᠠᠭᠠᠨ ᠭᠠᠷᠭᠠᠬᠤᠬᠦᠷᠳᠡᠯᠡᠬᠢᠶ᠋ᠢ ᠨᠢᠭᠡᠳᠦᠯᠲᠡᠶ ᠲᠥᠯᠥᠪᠯᠡᠵᠦ᠍᠂ ᠲᠣᠭᠠᠴᠢᠯᠠᠭ᠍ᠰᠠᠨ ᠠᠷᠭ᠎ᠠ ᠪᠠᠷᠢᠯ᠎ᠢ ᠬᠡᠷᠡᠭ᠌ᠯᠡᠨ ᠪᠥᠬᠥ᠌ ᠦᠶᠡᠯᠡᠯ᠎ᠢᠶᠡᠷ ᠴᠠᠭ᠎ᠢ ᠪᠣᠭᠣᠨᠢᠰᠭᠠᠨ᠂ ᠪᠥᠬᠥ᠌ ᠬᠡᠯᠬᠢᠶ᠎ᠡ᠎ᠪᠡᠷ ᠭᠣᠭ᠍ᠴᠣᠭ᠎ᠠ᠎ᠶ᠋ᠢ ᠪᠠᠭᠠᠰᠭᠠᠵᠤ᠂ ᠪᠥᠬᠥ᠌ ᠶᠠᠪᠤᠴᠠ ᠪᠡᠷ ᠮᠠᠲ᠋ᠧᠷᠢᠶᠠᠯ᠎ᠢ ᠪᠠᠭᠠᠰᠭᠠᠨ᠂ ᠪᠥᠬᠥ᠌ ᠲᠠᠯ᠎ᠠ᠎ᠪᠠᠷ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠵᠦ᠍᠂ ᠬᠠᠮᠲᠤᠷᠠᠨ ᠭᠦᠶ᠋ᠴᠡᠳᠭᠡᠬᠦ᠌ ᠵᠦᠶ᠋ᠯᠡᠰ᠎ᠢ ᠨᠢᠭᠡᠳᠦᠯᠲᠡᠶ ᠭᠥᠯᠢᠶᠡᠨ ᠠᠪᠴᠤ᠌ ᠱᠢᠶ᠋ᠳᠪᠦᠷᠢᠯᠡᠨ᠂ ᠵᠠᠬ᠎ᠠ ᠳᠡᠯᠭᠡᠭᠦᠷ᠎ᠦᠨ ᠭᠤᠤᠯ ᠴᠣᠭ᠍ᠴᠠ᠎ᠨᠢ《ᠨᠢᠭᠡ ᠯᠡ ᠤᠳᠠᠭ᠎ᠠ ᠮᠡᠳᠡᠭᠦᠯᠬᠦ᠌》᠂ ᠪᠤᠳᠤᠯᠢᠶᠠᠨᠲᠠᠶ ᠵᠦᠶ᠋ᠯᠡᠰ᠎ᠢ《ᠨᠢᠭᠡ ᠯᠡ ᠤᠳᠠᠭ᠎ᠠ ᠭᠦᠶᠦᠯᠬᠡᠬᠦ》᠂ ᠲᠥᠬᠥᠮ ᠵᠦᠶ᠋ᠯᠡᠰ᠎ᠢ《ᠨᠢᠭᠡ ᠤᠳᠠᠭ᠎ᠠ ᠴᠤ᠌ ᠭᠦᠶᠦᠯᠭᠡᠬᠦ᠌ ᠥᠬᠡᠶ》᠂ ᠠᠵᠢᠯ ᠶᠠᠪᠤᠳᠠᠯ ᠭᠦᠶ᠋ᠴᠡᠳᠭᠡᠬᠦ᠌ ᠪᠥᠬᠥ᠌ ᠶᠠᠪᠤᠴᠠ᠎ᠶ᠋ᠢ《ᠢᠯᠡ ᠲᠣᠳᠣ ᠪᠠᠢᠯᠭᠠᠬᠤ》᠎ᠶ᠋ᠢ ᠪᠡᠶᠡᠯᠡᠭᠦᠯᠦᠨ᠎ᠡ᠃
— ᠡᠷᠬᠡ ᠲᠡᠭ᠌ᠰᠢ᠎ᠪᠡᠷ ᠥᠷᠢᠰᠦᠯᠳᠦᠬᠦ᠌ ᠣᠷᠴᠢᠨ ᠲᠣᠭᠣᠷᠢᠨ᠎ᠤ ᠪᠠᠢᠭᠤᠯᠤᠯᠲᠠ᠎ᠶ᠋ᠢ ᠨᠠᠩ ᠴᠢᠬᠤᠯᠠᠴᠢᠯᠠᠨ᠎ᠠ᠃ ᠵᠠᠬ᠎ᠠ ᠳᠡᠯᠭᠡᠭᠦᠷ᠎ᠲᠦ ᠣᠷᠣᠬᠤ ᠵᠢ ᠵᠥᠪᠱᠢᠶᠡᠷᠡᠬᠦ ᠵᠢ ᠱᠢᠯᠤᠭᠤᠳᠭᠠᠵᠤ᠂ ᠡᠷᠬᠡ ᠲᠡᠭ᠌ᠰᠢ ᠥᠷᠢᠰᠥᠯᠳᠦᠭᠡᠨ᠎ᠢ ᠬᠠᠷᠱᠢᠯᠠᠬᠤ ᠲᠣᠭ᠍ᠲᠠᠭᠠᠯ ᠪᠠ ᠠᠷᠭ᠎ᠠ ᠬᠢᠳᠡᠯ᠎ᠢ ᠴᠡᠪᠡᠷᠯᠡᠨ ᠠᠷᠢᠯᠭᠠᠨ᠎ᠠ᠃《ᠨᠢᠭᠡ ᠰᠦᠯᠵᠢᠶ᠎ᠡ᠎ᠪᠡᠷ ᠨᠢᠭᠡᠳᠦᠯᠲᠡᠶ ᠬᠠᠮᠢᠶᠠᠷᠬᠤ》 ᠶ᠋ᠢ ᠪᠥᠬᠥ᠌ ᠲᠠᠯ᠎ᠠ᠎ᠪᠠᠷ ᠬᠡᠷᠡᠭ᠌ᠵᠢᠭᠦᠯᠵᠦ᠍᠂ ᠡᠷᠬᠡ ᠬᠠᠷᠢᠭᠤᠴᠠᠯᠭ᠎ᠠ ᠲᠣᠳᠣᠷᠬᠠᠶ᠂ ᠡᠷᠬᠡ ᠲᠡᠭ᠌ᠰᠢ ᠲᠥᠪ ᠭᠤᠤᠯᠴᠢ᠂ ᠱᠢᠨᠵᠢᠯᠡᠬᠦ᠌ ᠤᠬᠠᠭᠠᠨᠴᠢ ᠥᠨᠳᠥᠷ ᠦᠷ᠎ᠡ ᠪᠦᠲᠦᠮᠵᠢᠲᠡᠶ ᠣᠳᠣᠬᠢᠴᠢᠯᠠᠭ᠍ᠰᠠᠨ ᠬᠢᠨᠠᠯᠲᠠ ᠬᠠᠮᠢᠶᠠᠷᠤᠯᠲᠠ᠎ᠶ᠋ᠢᠨ ᠱᠢᠰᠲ᠋ᠧᠮ᠎ᠢ᠋ ᠪᠠᠢᠭᠤᠯᠵᠤ᠂ ᠵᠠᠰᠠᠭ᠎ᠤᠨ ᠣᠷᠳᠣᠨ᠎ᠢᠶᠠᠷ ᠭᠤᠤᠯᠯᠠᠭᠤᠯᠤᠭ᠍ᠰᠠᠨ᠂ ᠠᠵᠤ ᠠᠬᠤᠢᠯᠠᠯ ᠥᠪᠡᠷ ᠲᠡᠭᠡᠨ ᠵᠠᠰᠠᠬᠤ᠂ ᠠᠵᠢᠯ ᠲᠥᠷᠥᠯ ᠥᠪᠡᠷ᠎ᠢ᠎ᠪᠡᠨ ᠱᠠᠭᠠᠷᠳᠠᠬᠤ᠂ ᠨᠡᠢᠭᠡᠮ᠎ᠦᠨ ᠬᠢᠨᠠᠯᠲᠠ ᠲᠠᠯᠪᠢᠬᠤ ᠬᠠᠷᠢᠯᠴᠠᠨ ᠲᠤᠯᠭᠠᠭᠤᠷᠢᠯᠠᠭ᠍ᠰᠠᠨ ᠬᠠᠮᠵᠢᠯᠴᠠᠨ ᠬᠢᠨᠠᠨ ᠬᠠᠮᠢᠶᠠᠷᠬᠤ ᠪᠠᠢᠷᠢᠱᠢᠯ᠎ᠢ ᠪᠣᠶ ᠪᠣᠯᠭᠠᠵᠤ᠂ ᠲᠥᠪ ᠭᠤᠤᠯᠴᠢ ᠬᠢᠨᠠᠯᠲᠠ ᠬᠠᠮᠢᠶᠠᠷᠤᠯᠲᠠ᠎ᠪᠠᠷ ᠲᠥᠪ ᠭᠤᠤᠯᠴᠢ ᠥᠷᠢᠰᠥᠯᠳᠦᠭᠡᠨ᠎ᠢ ᠠᠬᠢᠭᠤᠯᠤᠨ᠎ᠠ᠃
— ᠵᠠᠬ᠎ᠠ ᠳᠡᠯᠭᠡᠭᠦᠷ᠎ᠦᠨ ᠭᠤᠤᠯ ᠴᠣᠭ᠍ᠴᠠ᠎ᠶ᠋ᠢᠨ ᠪᠣᠳᠠᠲᠠᠶ ᠲᠥᠷᠥᠭ᠌ᠳᠡᠯ᠎ᠢ ᠨᠠᠩ ᠴᠢᠬᠤᠯᠠᠴᠢᠯᠠᠨ᠎ᠠ᠃ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ ᠪᠠ ᠠᠯᠪᠠᠲᠠᠨ᠎ᠤ ᠦᠨᠡᠨᠴᠢ ᠢᠲᠡᠭᠡᠮᠵᠢ᠎ᠶ᠋ᠢᠨ ᠡᠯᠧᠺᠲ᠋ᠷᠣᠨ ᠲᠡᠮᠳᠡᠭ᠌ᠯᠡᠯ᠎ᠢ ᠪᠦᠷᠢᠨᠱᠢᠬᠦᠯᠵᠦ᠍᠂ ᠴᠢᠬᠡᠴᠢ ᠵᠠᠰᠠᠭ᠂ ᠬᠠᠤᠯᠢ᠎ᠡᠴᠡ ᠵᠥᠷᠢᠴᠡᠬᠦ᠌᠂ ᠰᠠᠬᠢᠯᠭ᠎ᠠ ᠪᠠᠲᠤ᠎ᠡᠴᠡ ᠵᠥᠷᠢᠴᠡᠬᠦ᠌᠂ ᠭᠡᠷ᠎ᠡ᠎ᠡᠴᠡ ᠵᠥᠷᠢᠴᠡᠬᠦ᠌ ᠵᠡᠷᠭᠡ ᠮᠡᠳᠡᠭᠡ ᠵᠠᠩᠭᠢ᠎ᠶ᠋ᠢ ᠪᠥᠬᠥ᠌ ᠲᠠᠯ᠎ᠠ᠎ᠪᠠᠷ ᠴᠤᠭ᠍ᠯᠠᠭᠤᠯᠤᠨ ᠨᠡᠢᠯᠡᠭᠦᠯᠵᠦ᠍᠂ ᠬᠣᠯᠪᠣᠭᠠᠯᠠᠨ ᠵᠠᠯᠬᠠᠭᠠᠨ ᠴᠡᠭᠡᠷᠯᠡᠭᠦᠯᠬᠦ᠌᠎ᠶ᠋ᠢ ᠥᠷᠨᠢᠭᠦᠯᠵᠦ᠂ ᠦᠨᠡᠨᠴᠢ ᠢᠲᠡᠭᠡᠮᠵᠢᠲᠡᠶ ᠵᠠᠰᠠᠭ᠎ᠤᠨ ᠣᠷᠳᠣᠨ᠎ᠢ ᠬᠦᠴᠦᠯᠡᠨ ᠪᠠᠢᠭᠤᠯᠤᠨ᠎ᠠ᠃ ᠵᠠᠰᠠᠭ ᠠᠵᠤ ᠠᠬᠤᠢᠯᠠᠯ ᠨᠡᠪᠲᠡᠷᠡᠯᠴᠡᠬᠦ᠌ ᠬᠡᠪᠱᠢᠭ᠌ᠰᠡᠨ ᠲᠣᠭ᠍ᠲᠠᠴᠠ᠎ᠶ᠋ᠢ ᠪᠠᠢᠭᠤᠯᠵᠤ᠂ ᠵᠠᠬ᠎ᠠ ᠳᠡᠯᠭᠡᠭᠦᠷ᠎ᠦᠨ ᠭᠣᠣᠯ ᠴᠣᠭ᠍ᠴᠠ᠎ᠶ᠋ᠢᠨ ᠦᠢᠯᠡᠳᠪᠦᠷᠢᠯᠡᠯ ᠡᠵᠡᠩᠨᠡᠯᠲᠡ᠎ᠶ᠋ᠢᠨ ᠳᠤᠮᠳᠠ ᠲᠤᠯᠭᠠᠷᠠᠭ᠍ᠰᠠᠨ ᠬᠦᠴᠢᠷᠳᠡᠯ ᠪᠠ ᠠᠰᠠᠭᠤᠳᠠᠯ᠎ᠢ ᠬᠠᠤᠯᠢ ᠶᠣᠰᠣᠭᠠᠷ ᠬᠦᠯᠢᠶᠡᠨ ᠠᠪᠴᠤ᠌ ᠱᠢᠶ᠋ᠳᠪᠦᠷᠢᠯᠡᠵᠦ᠂ ᠵᠠᠰᠠᠬ᠎ᠤᠨ ᠤᠷᠳᠤᠨ ᠪᠠ ᠬᠤᠳᠠᠯᠳᠤᠭᠠᠨ᠎ᠤ ᠬᠤᠭᠤᠷᠤᠨᠳᠤᠬᠢ ᠲᠤᠳᠤᠨᠤ ᠴᠢᠭᠡᠴᠢ ᠬᠠᠷᠢᠴᠠᠭ᠎ᠠ ᠵᠢ ᠪᠠᠢᠭᠤᠯᠤᠨ᠎ᠠ ᠭᠡᠵᠡᠢ᠃
ᠭᠦᠩ ᠮᠢᠩ ᠵᠦ᠍᠂ ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠳᠤᠭᠤᠢᠯᠠᠩ᠎ᠤᠨ ᠳᠠᠷᠤᠭ᠎ᠠ ᠨᠢᠭᠡᠴᠢ᠎ᠶ᠋ᠢᠨ ᠦᠢᠯᠡᠳᠦᠯ᠎ᠢ ᠦᠨᠡᠨ ᠬᠦ᠌ ᠰᠠᠢᠲᠤᠷ ᠪᠠᠳᠠᠷᠠᠭᠤᠯᠵᠤ᠂ ᠲᠥᠰᠦᠯ᠎ᠢ ᠨᠠᠢᠳᠠᠪᠤᠷᠢᠵᠢᠭᠤᠯᠬᠤ ᠡᠬᠡ ᠳᠠᠩᠰᠠ᠎ᠶ᠋ᠢᠨ ᠳᠦᠷᠢᠮ ᠪᠠ ᠵᠠᠷᠯᠠᠨ ᠮᠡᠳᠡᠭ᠌ᠳᠡᠵᠦ᠍ ᠪᠣᠯᠵᠣᠨ ᠶᠠᠷᠢᠯᠴᠠᠬᠤ ᠳᠦᠷᠢᠮ᠎ᠢ ᠪᠠᠢᠭᠤᠯᠵᠤ᠂ 3.0 ᠲᠥᠰᠦᠯ᠎ᠢ ᠨᠠᠢᠳᠠᠪᠤᠷᠢᠵᠢᠭᠤᠯᠬᠤ᠎ᠶ᠋ᠢ ᠪᠦᠬᠦ᠌ ᠬᠦᠴᠦᠨ᠎ᠢᠶᠡᠷ ᠠᠬᠢᠭᠤᠯᠵᠤ᠂ ᠪᠦᠬᠦ᠌ ᠣᠷᠣᠨ᠎ᠤ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠱᠢᠯᠢᠳᠡᠭ᠌ᠵᠢᠭᠦᠯᠦᠨ ᠳᠡᠭᠡᠭ᠌ᠰᠢᠯᠡᠭᠦᠯᠬᠦ᠌᠎ᠶ᠋ᠢ ᠪᠦᠲᠦᠮᠵᠢᠲᠡᠢ ᠠᠬᠢᠭᠤᠯᠤᠨ᠎ᠠ ᠭᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠤᠶᠤᠯᠲᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃