2022-02-15 09:45:51
ᠤᠢᠷ᠎ᠠ ᠶ᠋ᠢᠨ ᠡᠳᠦᠷ ᠤ᠋ᠳ ᠲᠦ᠍᠂ ᠦᠪᠡᠷᠳᠡᠭᠡᠨ ᠵᠠᠰᠠᠬᠤ ᠤᠷᠤᠨ ᠤ᠋ ᠵᠠᠰᠠᠭ ᠤ᠋ᠨ ᠤᠷᠳᠤᠨ ᠤ᠋ ᠬᠤᠳᠠᠯᠳᠤᠨ ᠠᠪᠬᠤ ᠰᠦᠯᠵᠢᠶ᠎ᠠ ᠪᠡᠷ ᠡᠳᠦᠷ ᠪᠦᠷᠢ ᠵᠢᠨ ᠠᠢᠯᠴᠢᠯᠠᠭᠰᠠᠨ ᠬᠦᠮᠦᠨ ᠤ᠋ ᠲᠤᠭ᠎ᠠ 4 ᠲᠦᠮᠡ ᠶ᠋ᠢ ᠳᠠᠪᠠᠵᠤ᠂ ᠡᠨᠡ ᠵᠢᠯ ᠤ᠋ᠨ 1 ᠰᠠᠷ᠎ᠠ ᠶ᠋ᠢᠨ 25 ᠳ᠋ᠤ ᠰᠢᠨᠡᠬᠡᠨ ᠨᠡᠪᠳᠡᠷᠡᠭᠦᠯᠦᠭᠰᠡᠨ《ᠵᠠᠰᠠᠭ ᠤ᠋ᠨ ᠣᠷᠳᠣᠨ ᠤ᠋ ᠬᠤᠳᠠᠯᠳᠤᠨ ᠠᠪᠬᠤ ᠮᠥᠩᠭᠥᠨ ᠭᠦᠶ᠋ᠯᠭᠡᠭᠡᠨ ᠤ᠋ ᠦᠶ᠋ᠯᠡᠴᠢᠯᠡᠭᠡ》ᠶ᠋ᠢᠨ ᠪᠤᠯᠤᠩ ᠨᠢ ᠬᠠᠩᠭᠠᠯᠭ᠎ᠠ ᠶ᠋ᠢᠨ ᠬᠤᠳᠠᠯᠳᠤᠭᠠᠴᠢᠨ ᠪᠤᠯᠤᠨ ᠮᠦᠩᠭᠦᠨ ᠭᠦᠢᠯᠭᠡᠭᠡᠨ ᠤ᠋ ᠪᠠᠢᠭᠤᠯᠤᠮᠵᠢ ᠶ᠋ᠢᠨ ᠬᠢᠨ ᠤ᠋ ᠬᠠᠯᠠᠭᠤᠨ ᠬᠦᠷᠢᠶᠡᠯᠡᠯ ᠢ᠋ ᠤᠯᠤᠯ᠎ᠠ ᠃
《ᠲᠠᠯᠪᠢᠬᠤ ᠬᠠᠮᠢᠶᠠᠷᠬᠤ ᠦᠢᠯᠡᠴᠢᠯᠡᠬᠦ》ᠦᠭᠡᠷᠡᠴᠢᠯᠡᠯᠳᠡ ᠶ᠋ᠢᠨ ᠠᠷᠭ᠎ᠠ ᠬᠡᠮᠵᠢᠶ᠎ᠠ ᠪᠤᠯᠤᠨ ᠵᠠᠰᠠᠭ ᠤ᠋ᠨ ᠤᠷᠳᠤᠨ ᠤ᠋ ᠬᠤᠳᠠᠯᠳᠤᠨ ᠠᠪᠬᠤ ᠪᠠᠢᠭᠤᠯᠤᠮᠵᠢ ᠶ᠋ᠢᠨ ᠦᠭᠡᠷᠡᠴᠢᠯᠡᠯᠳᠡ ᠶ᠋ᠢ ᠭᠦᠨᠵᠡᠭᠡᠢᠷᠡᠭᠦᠯᠵᠤ᠂ ᠬᠤᠳᠠᠯᠳᠤᠭ᠎ᠠ ᠡᠷᠬᠢᠯᠡᠬᠦ ᠤᠷᠴᠢᠨ ᠨᠦᠭᠦᠴᠡᠯ ᠢ᠋ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠵᠠᠰᠠᠭ ᠤ᠋ᠨ ᠤᠷᠳᠤᠨ ᠤ᠋ ᠬᠤᠳᠠᠯᠳᠤᠨ ᠠᠪᠬᠤ ᠲᠦᠷᠦ ᠶ᠋ᠢᠨ ᠪᠤᠳᠤᠯᠭ᠎ᠠ ᠶ᠋ᠢᠨ ᠦᠢᠯᠡᠳᠦᠯ ᠴᠢᠳᠠᠮᠵᠢ ᠶ᠋ᠢ ᠨᠡᠩ ᠰᠠᠢᠳᠦᠷ ᠪᠠᠳᠠᠷᠠᠭᠤᠯᠬᠤ ᠶ᠋ᠢᠨ ᠲᠦᠯᠦᠭᠡ᠂ ᠦᠪᠡᠷᠳᠡᠭᠡᠨ ᠵᠠᠰᠠᠬᠤ ᠤᠷᠤᠨ ᠤ᠋ ᠡᠳ᠋ ᠤ᠋ᠨ ᠵᠠᠰᠠᠭ ᠤ᠋ᠨ ᠲᠢᠩᠬᠢᠮ ᠡᠴᠡ ᠵᠠᠰᠠᠭ ᠤ᠋ᠨ ᠤᠷᠳᠤᠨ ᠤ᠋ ᠬᠤᠳᠠᠯᠳᠤᠨ ᠠᠪᠬᠤ ᠡᠭᠦᠯᠡᠨ ᠳᠠᠪᠴᠠᠩ ᠤ᠋ᠨ ᠶ᠋ᠢᠡᠨ ᠭᠡᠷᠡᠳᠦ ᠪᠡᠯᠡ ᠬᠤᠷᠠᠮᠳᠤᠭᠤᠯᠭ᠎ᠠ ᠪᠤᠯᠤᠨ ᠡᠯᠧᠺᠲᠷᠤᠨ ᠪᠠᠳᠤᠯᠠᠨ ᠳᠠᠭᠠᠭᠠᠬᠤ ᠪᠢᠴᠢᠭ ᠤ᠋ᠨ ᠰᠢᠰᠲ᠋ᠧᠮ ᠢ᠋ ᠳᠡᠰ ᠳᠡᠪᠰᠢᠭᠦᠯᠦᠨ ᠲᠡᠭᠦᠯᠳᠡᠷᠵᠢᠭᠦᠯᠬᠦ ᠶ᠋ᠢᠨ ᠬᠠᠮᠳᠤ 《ᠵᠠᠰᠠᠭ ᠤ᠋ᠨ ᠣᠷᠳᠣᠨ ᠤ᠋ ᠬᠤᠳᠠᠯᠳᠤᠨ ᠠᠪᠬᠤ ᠮᠥᠩᠭᠥᠨ ᠭᠦᠶ᠋ᠯᠭᠡᠭᠡᠨ ᠤ᠋ ᠦᠶ᠋ᠯᠡᠴᠢᠯᠡᠭᠡ》 ᠭᠡᠬᠦ ᠪᠤᠯᠤᠩ ᠳ᠋ᠤ ᠨᠢᠭᠡᠳᠦᠯᠳᠠᠢ ᠪᠠᠭᠳᠠᠭᠠᠵᠤ ᠤᠷᠤᠭᠤᠯᠤᠭᠰᠠᠨ ᠪᠠᠢᠨ᠎ᠠ ᠃
《ᠵᠠᠰᠠᠭ ᠤ᠋ᠨ ᠣᠷᠳᠣᠨ ᠤ᠋ ᠬᠤᠳᠠᠯᠳᠤᠨ ᠠᠪᠬᠤ ᠮᠥᠩᠭᠥᠨ ᠭᠦᠶ᠋ᠯᠭᠡᠭᠡᠨ ᠤ᠋ ᠦᠶ᠋ᠯᠡᠴᠢᠯᠡᠭᠡ》 ᠨᠢ ᠵᠠᠰᠠᠭ ᠤ᠋ᠨ ᠣᠷᠳᠣᠨ ᠤ᠋ ᠬᠤᠳᠠᠯᠳᠤᠨ ᠠᠪᠬᠤ ᠪᠥᠬᠥ᠌ ᠶᠠᠪᠤᠴᠠ ᠶ᠋ᠢᠨ ᠡᠯᠧᠺᠲ᠋ᠷᠤᠨᠴᠢᠯᠠᠯᠳᠠ ᠶ᠋ᠢᠨ《ᠡᠴᠦᠰ ᠤ᠋ᠨ ᠨᠢᠭᠡ ᠺᠢᠯᠣᠮᠧᠲ᠋ᠷ》ᠢ᠋ ᠨᠡᠪᠲᠡᠷᠡᠭᠦᠯᠵᠠᠢ᠃ ᠥᠩᠭᠡᠷᠡᠭ᠌ᠰᠡᠨ ᠳ᠋ᠤ᠂ ᠠᠵᠤ ᠠᠬᠤᠢᠯᠠᠯ ᠤ᠋ᠳ ᠵᠠᠰᠠᠭ ᠤ᠋ᠨ ᠤᠷᠳᠤᠨ ᠤ᠋ ᠬᠤᠳᠠᠯᠳᠤᠨ ᠠᠪᠬᠤ ᠰᠦᠯᠵᠢᠶ᠎ᠡ ᠶ᠋ᠢᠨ ᠭᠡᠷᠡᠳᠦ ᠪᠠᠯᠠ ᠬᠤᠷᠠᠮᠳᠤᠭᠤᠯᠭ᠎ᠠ ᠶ᠋ᠢᠨ ᠱᠢᠰᠲ᠋ᠧᠮ ᠳ᠋ᠤ ᠤᠷᠤᠪᠠᠯ ᠵᠥᠪᠬᠡᠨ ᠠᠯᠢ ᠬᠡᠳᠦᠨ ᠪᠠᠩᠬᠢ ᠨᠢ ᠭᠡᠷᠡᠳᠦ ᠪᠠᠯᠠ ᠬᠤᠷᠠᠮᠳᠤᠭᠤᠯᠭ᠎ᠠ ᠶ᠋ᠢ ᠳᠡᠮᠵᠢᠵᠤ ᠪᠠᠢᠬᠤ ᠵᠢ ᠯᠡ ᠤᠯᠵᠤ ᠬᠠᠷᠠᠵᠤ᠂ ᠠᠬᠠᠳᠠᠬᠤ ᠳ᠋ᠠᠭᠠᠨ ᠪᠠᠩᠬᠢ ᠶ᠋ᠢᠨ ᠲᠤᠬᠠᠢᠯᠠᠭ᠍ᠰᠠᠨ ᠠᠵᠢᠯ ᠤ᠋ᠨ ᠪᠠᠢᠳᠠᠯ ᠢ᠋ ᠣᠢᠯᠠᠭᠠᠵᠤ ᠲᠠᠢᠯᠬᠦ ᠲᠡᠳᠤᠢ ᠯᠡ ᠪᠠᠢᠵᠠᠢ᠃ ᠣᠲᠣ《ᠵᠠᠰᠠᠭ ᠤ᠋ᠨ ᠣᠷᠳᠣᠨ ᠤ᠋ ᠬᠤᠳᠠᠯᠳᠤᠨ ᠠᠪᠬᠤ ᠮᠥᠩᠭᠥᠨ ᠭᠦᠶ᠋ᠯᠭᠡᠭᠡᠨ ᠤ᠋ ᠦᠶ᠋ᠯᠡᠴᠢᠯᠡᠭᠡ》ᠶ᠋ᠢᠨ ᠪᠤᠯᠤᠩ ᠶ᠋ᠢᠡᠷ ᠪᠤᠰᠤᠳ ᠠᠵᠤ ᠠᠬᠤᠢᠯᠠᠯ ᠤ᠋ᠨ ᠭᠡᠷᠡᠳᠦ ᠪᠠᠯᠠ ᠬᠤᠷᠠᠮᠳᠤᠭᠤᠯᠭ᠎ᠠ ᠳ᠋ᠤ ᠣᠷᠣᠯᠴᠠᠭ᠍ᠰᠠᠨ ᠪᠠᠢᠳᠠᠯ ᠵᠢᠴᠢ ᠡᠯ᠎ᠠ ᠠᠢᠮᠠᠭ ᠬᠤᠳᠠ ᠶ᠋ᠢᠨ ᠭᠡᠷᠡᠳᠦ ᠪᠡᠯᠡ ᠬᠤᠷᠠᠮᠳᠤᠭᠤᠯᠭ᠎ᠠ ᠶ᠋ᠢᠨ ᠵᠢᠭᠡᠯᠡᠯᠭᠡ ᠲᠠᠯᠪᠢᠭ᠍ᠰᠠᠨ ᠪᠠᠢᠳᠠᠯ ᠢ᠋ ᠪᠦᠷ ᠣᠢᠯᠠᠭᠠᠵᠤ ᠪᠣᠯᠤᠨ᠎ᠠ᠃ ᠮᠠᠰᠢ ᠣᠯᠠᠨ ᠠᠵᠤ ᠠᠬᠤᠢᠯᠠᠯ ᠡᠯᠧᠺᠲ᠋ᠷᠣᠨ ᠪᠠᠳᠤᠯᠠᠨ ᠳᠠᠭᠠᠭᠠᠬᠤ ᠪᠢᠴᠢᠭ ᠶ᠋ᠢᠡᠷ ᠵᠢᠡᠨ ᠭᠡᠷᠡᠳᠦ ᠪᠠᠯᠠ ᠬᠤᠷᠠᠮᠳᠤᠭᠤᠯᠭ᠎ᠠ ᠶ᠋ᠢᠨ ᠵᠢᠭᠡᠯᠡᠯᠭᠡ ᠶ᠋ᠢ ᠠᠮᠵᠢᠯᠲᠠ ᠲᠠᠶ ᠭᠤᠶᠤᠴᠢᠯᠠᠨ ᠤᠯᠤᠭᠰᠠᠨ ᠢ᠋ ᠬᠠᠷᠠᠭᠠᠳ᠂ ᠠᠳᠠᠯᠢᠬᠠᠨ ᠪᠠᠴᠢᠮ ᠱᠠᠭᠠᠷᠳᠠᠯᠭ᠎ᠠ ᠲᠠᠢ ᠪᠠᠢᠭ᠍ᠰᠠᠨ ᠠᠵᠤ ᠠᠬᠤᠢᠯᠠᠯᠳᠠᠨ ᠤ᠋ ᠳᠤᠮᠳᠠ ᠨᠡᠢᠳᠡᠮ ᠣᠷᠣᠱᠢᠵᠤ ᠪᠠᠢᠭ᠍ᠰᠠᠨ ᠠᠵᠢᠭᠯᠠᠵᠤ ᠦᠵᠡᠭᠦ ᠪᠠ ᠡᠷᠡᠭᠡᠯᠵᠡᠭᠡ ᠲᠠᠢ ᠪᠠᠢᠬᠤ ᠪᠠᠢᠳᠠᠯ ᠠᠷᠢᠯᠵᠤ᠂ ᠵᠦᠪᠬᠡᠨ ᠳᠠᠭᠠᠭᠠᠴᠢᠯᠠᠯᠲᠠ ᠤᠯᠤᠭᠰᠠᠨ ᠮᠡᠳᠡᠭ᠌ᠳᠡᠯ ᠤ᠋ᠨ ᠪᠢᠴᠢᠭ ᠪᠠ ᠵᠠᠰᠠᠭ ᠤ᠋ᠨ ᠣᠷᠳᠣᠨ ᠤ᠋ ᠬᠤᠳᠠᠯᠳᠤᠨ ᠠᠪᠬᠤ ᠭᠡᠷ᠎ᠡ ᠲᠠᠢ ᠪᠤᠯ ᠰᠠᠶᠢ ᠪᠠᠯᠠ ᠬᠤᠷᠠᠮᠳᠤᠭᠤᠯᠭ᠎ᠠ ᠶ᠋ᠢᠨ ᠵᠢᠭᠡᠯᠡᠯᠭᠡ ᠶ᠋ᠢᠨ ᠲᠥᠷᠥ ᠶ᠋ᠢᠨ ᠪᠣᠳᠣᠯᠭ᠎ᠠ ᠶ᠋ᠢᠨ ᠠᠱᠢᠭ ᠢ᠋ ᠭᠥᠷᠳᠡᠵᠦ᠍ ᠴᠢᠳᠠᠬᠤ ᠴᠠᠭ ᠦᠶ᠎ᠡ ᠨᠢᠬᠡᠨᠳᠡ ᠲᠡᠦᠬᠡ ᠪᠤᠯᠵᠤ ᠡᠴᠦᠰᠯᠡᠪᠡ᠃ 《ᠦᠪᠡᠷᠳᠡᠭᠡᠨ ᠵᠠᠰᠠᠬᠤ ᠤᠷᠤᠨ ᠤ᠋ ᠵᠠᠰᠠᠭ ᠤ᠋ᠨ ᠤᠷᠳᠤᠨ ᠤ᠋ ᠬᠤᠳᠠᠯᠳᠤᠨ ᠠᠪᠬᠤ ᠰᠦᠯᠵᠢᠶ᠎ᠡ ᠶ᠋ᠢᠨ ᠳᠠᠪᠴᠠᠩ ᠳ᠋ᠤ ᠵᠠᠰᠠᠭ ᠤ᠋ᠨ ᠣᠷᠳᠣᠨ ᠤ᠋ ᠬᠤᠳᠠᠯᠳᠤᠨ ᠠᠪᠬᠤ ᠡᠯᠧᠺᠲ᠋ᠷᠣᠨ ᠪᠠᠳᠤᠯᠠᠨ ᠳᠠᠭᠠᠭᠠᠬᠤ ᠪᠢᠴᠢᠭ ᠤ᠋ᠨ ᠲᠤᠬᠠᠢᠯᠠᠭ᠍ᠰᠠᠨ ᠠᠵᠢᠯ ᠤ᠋ᠨ ᠦᠢᠯᠡᠴᠢᠯᠡᠭᠡ ᠵᠢ ᠨᠡᠪᠳᠡᠷᠡᠭᠦᠯᠦᠭᠰᠡᠨ ᠪᠤᠯᠬᠤᠷ ᠪᠢᠳᠡ ᠡᠯᠧᠺᠲ᠋ᠷᠣᠨ ᠪᠠᠳᠤᠯᠠᠨ ᠳᠠᠭᠠᠭᠠᠬᠤ ᠪᠢᠴᠢᠭ ᠬᠤᠳᠠᠯᠳᠤᠨ ᠠᠪᠬᠤ ᠪᠠᠷ ᠳᠠᠮᠵᠢᠨ ᠳᠠᠭᠠᠭᠠᠴᠢᠯᠠᠯᠲᠠ ᠬᠦᠯᠢᠶᠡᠬᠦ᠌ ᠪᠠᠲᠤᠯᠠᠭ᠎ᠠ ᠶ᠋ᠢᠨ ᠮᠥᠩᠭᠥ᠌ ᠪᠡᠨ ᠲᠤᠱᠢᠶᠠᠵᠤ ᠪᠣᠯᠤᠨ᠎ᠠ᠃ ᠡᠨᠡ ᠨᠢ ᠴᠠᠭ ᠲᠦ᠍ ᠠᠷᠪᠢᠲᠠᠶ᠂ ᠵᠠᠷᠤᠳᠠᠯ ᠪᠠᠭ᠎ᠠ ᠪᠦᠭᠡᠳ ᠳᠥᠭᠥᠮ ᠳᠥᠲᠡ ᠪᠠᠢᠵᠤ᠂ ᠠᠵᠤ ᠠᠬᠤᠢᠯᠠᠯ ᠤ᠋ᠨ ᠪᠠᠯᠠ ᠮᠥᠩᠭᠥ ᠶ᠋ᠢᠨ ᠳᠠᠷᠤᠭᠠᠰᠦ ᠶ᠋ᠢ ᠶᠡᠬᠡ ᠪᠡᠷ ᠬᠥᠩᠭᠡᠷᠡᠭᠦᠯᠵᠠᠢ》 ᠭᠡᠵᠦ᠍ ᠮᠠᠨ ᠤ᠋ ᠤᠷᠤᠨ ᠤ᠋ ᠨᠢᠭᠡᠨ ᠡᠮᠴᠢᠯᠡᠭᠡᠨ ᠤ᠋ ᠪᠠᠭᠠᠵᠢ ᠬᠡᠷᠡᠭ᠌ᠰᠡᠯ ᠤ᠋ᠨ ᠬᠢᠵᠠᠭᠠᠷᠲᠤ ᠺᠣᠮᠫᠠᠨᠢ ᠶ᠋ᠢᠨ ᠬᠠᠷᠢᠭᠤᠴᠠᠯᠭᠠᠲᠠᠨ ᠬᠡᠯᠡᠨ᠎ᠠ ᠃
《ᠡᠨᠡ ᠬᠦ᠌ ᠦᠢᠯᠡᠴᠢᠯᠡᠭᠡ ᠪᠡᠷ ᠳᠠᠮᠵᠢᠨ ᠪᠢᠳᠡ ᠡᠯᠧᠺᠲ᠋ᠷᠣᠨ ᠪᠠᠳᠤᠯᠠᠨ ᠳᠠᠭᠠᠭᠠᠬᠤ ᠪᠢᠴᠢᠭ ᠪᠤᠯᠤᠨ ᠭᠡᠷᠡᠳᠦ ᠪᠠᠯᠠ ᠬᠤᠷᠠᠮᠳᠤᠭᠤᠯᠭ᠎ᠠ ᠶ᠋ᠢᠨ ᠪᠦᠲᠦᠭᠡᠭᠳᠡᠭᠦᠨ ᠶ᠋ᠢᠡᠨ ᠨᠠᠩ ᠰᠠᠢᠲᠤᠷ ᠳᠡᠯᠭᠡᠨ ᠦᠵᠡᠭᠦᠯᠵᠦ᠍ ᠪᠠᠢᠬᠤ ᠪᠦᠭᠡᠳ ᠬᠠᠩᠭᠠᠯᠭ᠎ᠠ ᠶ᠋ᠢᠨ ᠬᠤᠳᠠᠯᠳᠤᠭᠠᠴᠢᠳ ᠴᠦ᠍ ᠣᠯᠠᠨ ᠶᠠᠩᠵᠤ ᠶ᠋ᠢᠨ᠂ ᠢᠯᠡ ᠲᠣᠳᠣ ᠰᠣᠩᠭᠣᠯᠲᠠ ᠲᠠᠶ ᠪᠤᠯᠵᠤ᠂ ᠮᠦᠩᠬᠦᠨ ᠬᠦᠢᠯᠬᠡᠬᠡᠨ ᠤ᠋ ᠪᠠᠢᠭᠤᠯᠤᠮᠵᠢ ᠵᠢᠨ ᠬᠡᠷᠡᠭᠯᠡᠭᠴᠢᠳ ᠶ᠋ᠢᠡᠨ ᠤᠯᠬᠤ ᠠᠷᠭ᠎ᠠ ᠵᠠᠮ ᠢ᠋ ᠴᠦ᠍ ᠥᠷᠭᠡᠳᠭᠡᠭᠰᠡᠨ ᠪᠠᠢᠨ᠎ᠠ᠃ ᠪᠠᠩᠬᠢ ᠶ᠋ᠢᠨ ᠬᠤᠪᠢ ᠳ᠋ᠤ᠂ ᠵᠠᠰᠠᠭ ᠤ᠋ᠨ ᠣᠷᠳᠣᠨ ᠤ᠋ ᠬᠤᠳᠠᠯᠳᠤᠨ ᠠᠪᠬᠤ ᠠᠵᠢᠯᠯᠠᠭᠠᠳᠤ ᠣᠷᠣᠯᠴᠠᠬᠤ ᠬᠠᠩᠭᠠᠯᠭ᠎ᠠ ᠶ᠋ᠢᠨ ᠬᠤᠳᠠᠯᠳᠤᠭᠠᠴᠢᠨ ᠴᠦᠮ ᠱᠢᠯᠢᠳᠡᠭ ᠬᠡᠷᠡᠭᠯᠡᠭᠴᠢᠳ ᠨᠢ ᠪᠤᠯᠬᠤ ᠶᠤᠮ᠂ ᠡᠭᠦᠨ ᠤ᠋ ᠳᠡᠭᠡᠷ᠎ᠡ ᠤᠯᠤᠰ ᠤ᠋ᠨ ᠡᠳ᠋ ᠤ᠋ᠨ ᠵᠠᠰᠠᠭ ᠡᠴᠡ ᠲᠤᠭᠠᠴᠠᠭ᠎ᠠ ᠬᠢᠳᠡᠭ ᠪᠤᠯᠬᠤᠷ ᠪᠠᠩᠬᠢ ᠶ᠋ᠢᠨ ᠢᠲᠡᠭᠡᠮᠵᠢᠲᠦ ᠵᠢᠭᠡᠯᠡᠯᠭᠡ ᠶ᠋ᠢᠨ ᠲᠦᠭ᠌ᠰᠢᠭᠦᠷᠢ ᠶ᠋ᠢ ᠶᠡᠬᠡ ᠪᠡᠷ ᠪᠠᠭᠤᠷᠠᠭᠤᠯᠪᠠ》 ᠭᠡᠵᠦ᠍ ᠳᠤᠮᠳᠠᠳᠤ ᠤᠯᠤᠰ ᠤ᠋ᠨ ᠪᠥᠲᠥᠭᠡᠨ ᠪᠠᠢᠭᠤᠯᠤᠯᠲᠠ ᠶ᠋ᠢᠨ ᠪᠠᠩᠬᠢ ᠶ᠋ᠢᠨ ᠥᠪᠥᠷ ᠮᠣᠩᠭᠣᠯ ᠳ᠋ᠡᠬᠢ ᠬᠤᠪᠢᠶᠠᠷᠢ ᠪᠠᠩᠬᠢ ᠶ᠋ᠢᠨ ᠬᠡᠷᠡᠭ᠌ᠯᠡᠭ᠌ᠴᠢ ᠶ᠋ᠢᠨ ᠳᠠᠭᠠᠭᠠᠮᠠᠯ ᠬᠡᠯᠡᠨ᠎ᠠ ᠃
ᠵᠠᠰᠠᠭ ᠤ᠋ᠨ ᠣᠷᠳᠣᠨ ᠤ᠋ ᠬᠤᠳᠠᠯᠳᠤᠨ ᠠᠪᠬᠤ ᠮᠥᠩᠭᠥᠨ ᠭᠦᠶ᠋ᠯᠭᠡᠭᠡᠨ ᠤ᠋ ᠦᠶ᠋ᠯᠡᠴᠢᠯᠡᠭᠡ ᠶ᠋ᠢ ᠴᠢᠩᠭᠠᠳᠭᠠᠬᠤ ᠪᠣᠯ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ᠋ ᠱᠢᠯᠢᠳᠡᠭ᠌ᠵᠢᠭᠦᠯᠵᠦ᠍᠂ ᠵᠠᠰᠠᠭ ᠤ᠋ᠨ ᠣᠷᠳᠣᠨ ᠤ᠋ ᠬᠤᠳᠠᠯᠳᠤᠨ ᠠᠪᠬᠤ ᠲᠥᠷᠥ ᠶ᠋ᠢᠨ ᠪᠣᠳᠣᠯᠭ᠎ᠠ ᠶ᠋ᠢᠨ ᠦᠢᠯᠡᠳᠦᠯ ᠴᠢᠳᠠᠮᠵᠢ ᠶ᠋ᠢ ᠤᠯᠠᠮ ᠨᠢᠭᠡ ᠠᠯᠬᠤᠮ ᠪᠠᠳᠠᠷᠠᠭᠤᠯᠬᠤ ᠡᠷᠴᠢᠮᠳᠠᠢ ᠠᠷᠭ᠎ᠠ ᠬᠡᠮᠵᠢᠶ᠎ᠡ ᠮᠥᠨ᠃ ᠲᠠᠷᠠᠭᠠᠴᠢ ᠵᠢᠨ ᠠᠯᠬᠤᠮ ᠳ᠋ᠤ ᠂ ᠥᠪᠡᠷᠲᠡᠭᠡᠨ ᠵᠠᠰᠠᠬᠤ ᠣᠷᠣᠨ ᠤ᠋ ᠡᠳ᠋ ᠤ᠋ᠨ ᠵᠠᠰᠠᠭ ᠤ᠋ᠨ ᠲᠢᠩᠬᠢᠮ ᠡᠴᠡ ᠡᠯᠧᠺᠲ᠋ᠷᠣᠨ ᠪᠠᠳᠤᠯᠠᠨ ᠳᠠᠭᠠᠭᠠᠬᠤ ᠪᠢᠴᠢᠭ ᠵᠢᠴᠢ ᠭᠡᠷᠡᠳᠦ ᠪᠠᠯᠠ ᠬᠤᠷᠠᠮᠳᠤᠭᠤᠯᠭ᠎ᠠ ᠵᠢᠨ ᠲᠤᠬᠠᠢᠯᠠᠭ᠍ᠰᠠᠨ ᠠᠵᠢᠯ ᠢ᠋ ᠵᠠᠰᠠᠭ ᠤ᠋ᠨ ᠣᠷᠳᠣᠨ ᠤ᠋ ᠬᠤᠳᠠᠯᠳᠤᠨ ᠠᠪᠬᠤ ᠬᠦᠷᠢᠶᠡᠨ ᠳ᠋ᠤ ᠬᠡᠷᠡᠭ᠌ᠯᠡᠬᠦ᠌ ᠶ᠋ᠢ ᠦᠷᠭᠦᠯᠵᠢᠯᠡᠨ ᠠᠬᠢᠭᠤᠯᠵᠤ᠂ ᠳᠤᠮᠳᠠ ᠪᠠᠭ᠎ᠠ ᠠᠵᠤ ᠠᠬᠤᠢᠯᠠᠯ ᠵᠢᠡᠷ ᠭᠤᠤᠯᠯᠠᠭᠰᠠᠨ ᠨᠠᠩ ᠣᠯᠠᠨ ᠬᠠᠩᠭᠠᠯᠭ᠎ᠠ ᠶ᠋ᠢᠨ ᠬᠤᠳᠠᠯᠳᠤᠭᠠᠴᠢᠨ ᠤ᠋ ᠪᠠᠯᠠ ᠬᠤᠷᠠᠮᠳᠤᠭᠤᠯᠬᠤ ᠳ᠋ᠤ ᠬᠦᠴᠢᠷ ᠠᠰᠠᠭᠤᠳᠠᠯ ᠢ᠋ ᠨᠠᠩ ᠥᠨᠳᠥᠷ ᠪᠦᠲᠦᠮᠵᠢᠲᠡᠶ ᠪᠥᠭᠡᠳ ᠳᠥᠭᠥᠮ ᠳᠥᠲᠡ ᠪᠡᠷ ᠱᠢᠶ᠋ᠳᠪᠦᠷᠢᠯᠡᠵᠦ᠍ ᠦᠭᠬᠦ ᠪᠤᠯᠤᠨ᠎ᠠ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠤᠶᠤᠨᠲᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃