2022-02-16 09:17:53
1 ᠰᠠᠷ᠎ᠠ ᠢ᠋ᠢᠨ 14 ᠤ᠋ ᠡᠳᠦᠷ᠂ ᠪᠤᠭᠤᠲᠤ ᠢ᠋ᠢᠨ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠵᠠᠰᠠᠭ ᠤ᠋ᠨ ᠶᠠᠪᠤᠳᠠᠯ ᠤ᠋ᠨ ᠦᠶ᠋ᠯᠡᠴᠢᠯᠡᠭᠡᠨ ᠤ᠋ ᠴᠤᠩᠬᠤᠪᠴᠢ ᠡᠴᠡ ᠤ᠋ᠤᠢ ᠵᠥᠩ(ᠥᠪᠥᠷ ᠮᠣᠩᠭᠣᠯ)ᠡᠳ᠋ ᠪᠠᠷᠠᠭᠠᠨ ᠤ᠋ ᠭᠦᠶ᠋ᠯᠭᠡᠭᠡ ᠵᠢᠨ ᠬᠢᠵᠠᠭᠠᠷᠲᠤ ᠺᠣᠮᠫᠠᠨᠢ ᠳ᠋ᠤ ᠠᠶᠤᠯᠲᠠᠶ ᠪᠠᠷᠠᠭ᠎ᠠ ᠲᠡᠭᠡᠭᠡᠪᠦᠷᠢᠯᠡᠬᠦ ᠡᠵᠡᠩᠨᠡᠯᠲᠡ ᠢ᠋ᠢᠨ ᠵᠥᠪᠱᠢᠶᠡᠷᠡᠯ ᠤ᠋ᠨ ᠦᠨᠡᠮᠯᠡᠯ ᠣᠯᠭᠣᠪᠠ᠃《ᠥᠩᠭᠡᠷᠡᠭ᠌ᠰᠡᠨ ᠳ᠋ᠤ ᠡᠢᠮᠤᠷᠬᠦᠤ ᠦᠨᠡᠮᠯᠡᠯ ᠢ᠋ ᠭᠤᠶᠤᠴᠢᠯᠠᠬᠤ ᠳ᠋ᠤ ᠬᠡᠲᠦ ᠬᠡᠳᠦᠨ ᠰᠠᠯᠠᠭ᠎ᠠ ᠮᠥᠴᠢᠷ ᠵᠢᠡᠷ ᠬᠦᠶᠤᠵᠤ᠂ 20 ᠭᠠᠷᠤᠢ ᠡᠳᠦᠷ ᠪᠤᠯᠳᠠᠭ ᠪᠥᠭᠡᠳ ᠭᠠᠷ ᠭᠦᠶ᠋ᠴᠡᠳᠭᠡᠯ ᠨᠢ ᠮᠠᠰᠢ ᠶᠠᠷᠱᠢᠭ ᠲᠦᠪᠡᠭ᠌ᠲᠡᠶ ᠪᠠᠢᠬᠰᠠᠨ ᠶᠤᠮ᠃ ᠣᠲᠣ ᠡᠨᠡ ᠴᠣᠩᠬᠤᠪᠴᠢ ᠳ᠋ᠤ ᠮᠠᠲ᠋ᠧᠷᠢᠶᠠᠯ ᠵᠢᠡᠨ ᠲᠤᠱᠢᠶᠠᠴᠢᠬᠠᠪᠠᠯ ᠠᠵᠢᠯᠲᠠᠨ ᠪᠥᠬᠥ᠌ ᠶᠠᠪᠤᠴᠠ ᠳ᠋ᠤ ᠬᠠᠪᠰᠤᠷᠤᠨ ᠣᠷᠣᠯᠠᠨ ᠭᠦᠢᠴᠡᠳᠬᠡᠵᠤ ᠦᠭᠳᠡᠭ ᠡᠴᠡ 9 ᠠᠵᠢᠯᠯᠠᠬᠤ ᠡᠳᠦᠷ ᠲᠦ᠍ ᠦᠨᠡᠮᠯᠡᠯ ᠢ᠋ᠢᠡᠨ ᠭᠠᠷᠳᠠᠴᠢᠬᠠᠯᠠ》ᠭᠡᠵᠦ᠍ ᠤ᠋ᠤᠢ ᠵᠥᠩ ᠡᠳ᠋ ᠪᠠᠷᠠᠭᠠᠨ ᠤ᠋ ᠭᠦᠶ᠋ᠯᠭᠡᠭᠡ ᠵᠢᠨ ᠺᠣᠮᠫᠠᠨᠢ ᠢ᠋ᠢᠨ ᠶᠡᠷᠦᠩᠬᠡᠶ ᠳᠠᠭᠠᠭᠠᠮᠠᠯ ᠶᠠᠨ ᠱᠤᠤ ᠹᠸᠢ ᠪᠠᠶᠠᠷᠲᠠᠢ ᠬᠡᠯᠡᠨ᠎ᠠ ᠃
ᠡᠨᠡ ᠪᠤᠯ ᠮᠠᠨ ᠤ᠋ ᠤᠷᠤᠨ ᠤ᠋ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠬᠦᠷᠢᠶᠡᠨ ᠳ᠋ᠡᠬᠢ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ᠋ ᠲᠦᠷᠬᠡᠳᠬᠡᠨ ᠱᠢᠯᠢᠳᠡᠭ᠌ᠵᠢᠬᠦᠯᠵᠤ ᠪᠠᠢᠭ᠎ᠠ ᠵᠢᠨ ᠨᠢᠬᠡᠨ ᠬᠤᠷᠢᠶᠠᠩᠭᠤᠢ ᠳᠦᠷᠰᠤ ᠪᠤᠯᠬᠤ ᠶᠤᠮ᠃《ᠠᠰᠠᠭᠤᠳᠠᠯ ᠵᠢᠡᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠵᠢᠡᠷ ᠤᠳᠤᠷᠢᠳᠤᠮᠵᠢ ᠪᠣᠯᠭᠠᠬᠤ ᠶ᠋ᠢ ᠪᠠᠷᠢᠮᠲᠠᠯᠠᠵᠤ᠂ ᠡᠷᠬᠡ ᠬᠠᠷᠢᠭᠤᠴᠠᠯᠭ᠎ᠠ ᠢ᠋ᠢᠨ ᠵᠠᠭᠠᠭ ᠬᠢᠵᠠᠭᠠᠷ ᠢ᠋ ᠲᠣᠳᠣᠷᠬᠠᠢᠯᠠᠨ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ᠋ ᠱᠢᠯᠢᠳᠡᠭ᠌ᠵᠢᠭᠦᠯᠬᠦ᠌ ᠪᠡᠷ ᠪᠦᠬᠦ ᠤᠷᠤᠨ ᠤ᠋ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠴᠢᠨᠠᠷ ᠰᠠᠢᠲᠠᠶ ᠬᠥᠭ᠌ᠵᠢᠯᠲᠡ ᠳ᠋ᠤ ᠬᠦᠴᠦᠨ ᠨᠡᠮᠡᠷᠢᠯᠡᠬᠦ᠌ ᠴᠢᠬᠤᠯᠠ ᠱᠢᠪᠲᠤᠯᠤᠯᠲᠠ ᠢ᠋ᠢᠨ ᠴᠡᠭ ᠪᠠ ᠬᠦᠴᠦᠯᠡᠬᠦ᠌ ᠴᠡᠭ ᠵᠢᠡᠨ ᠪᠣᠯᠭᠠᠵᠤ᠂ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠵᠠᠬ᠎ᠠ ᠳᠡᠯᠭᠡᠭᠦᠷ ᠤ᠋ᠨ ᠣᠷᠴᠢᠨ ᠨᠥᠬᠥᠴᠡᠯ᠂ ᠵᠠᠰᠠᠭ ᠤ᠋ᠨ ᠶᠠᠪᠤᠳᠠᠯ ᠤ᠋ᠨ ᠣᠷᠴᠢᠨ ᠨᠥᠬᠥᠴᠡᠯ᠂ ᠬᠠᠤᠯᠢᠵᠢᠯ ᠤ᠋ᠨ ᠣᠷᠴᠢᠨ ᠨᠥᠬᠥᠴᠡᠯ ᠢ᠋ ᠪᠥᠬᠥ᠌ ᠲᠠᠯ᠎ᠠ ᠪᠠᠷ ᠱᠢᠯᠢᠳᠡᠭ᠌ᠵᠢᠭᠦᠯᠵᠦ᠍᠂ ᠣᠯᠠᠨ ᠲᠦᠮᠡᠨ ᠤ᠋ ᠲᠤᠰᠭᠠᠯ ᠴᠢᠩᠭ᠎ᠠ ᠪᠠᠢᠭ᠎ᠠ ᠲᠣᠪᠣᠢᠮ᠎ᠠ ᠠᠰᠠᠭᠤᠳᠠᠯ ᠢ᠋ ᠦᠨᠡᠨ ᠬᠦ᠌ ᠱᠢᠶ᠋ᠳᠪᠦᠷᠢᠯᠡᠬᠦ᠌ ᠬᠡᠷᠡᠭ᠌ᠲᠡᠶ》ᠭᠡᠵᠤ ᠥᠪᠡᠷᠲᠡᠭᠡᠨ ᠵᠠᠰᠠᠬᠤ ᠣᠷᠣᠨ ᠤ᠋ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠲᠢᠩᠬᠢᠮ ᠤ᠋ᠨ ᠨᠠᠮ ᠤ᠋ᠨ ᠤᠳᠤᠷᠢᠳᠭᠤ ᠳᠤᠭᠤᠢᠯᠠᠩ ᠤ᠋ᠨ ᠱᠦᠵᠢ᠂ ᠲᠢᠩᠬᠢᠮ ᠤ᠋ᠨ ᠳᠠᠷᠤᠭ᠎ᠠ ᠭᠤᠤ ᠱ᠌ᠢ ᠴᠢᠨ 2021 ᠣᠨ ᠤ᠋ 3 ᠰᠠᠷ᠎ᠠ ᠢ᠋ᠢᠨ 30 ᠤ᠋ ᠡᠳᠦᠷ ᠬᠤᠷᠠᠯᠳᠤᠭᠰᠠᠨ ᠪᠦᠬᠦ ᠤᠷᠤᠨ ᠤ᠋ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠱᠢᠰᠲ᠋ᠧᠮ ᠤ᠋ᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ᠋ ᠱᠢᠯᠢᠳᠡᠭ᠌ᠵᠢᠭᠦᠯᠬᠦ᠌ ᠸᠢᠳᠢᠣ᠋ ᠬᠤᠷᠠᠯ ᠳᠡᠭᠡᠷ᠎ᠡ ᠴᠢᠬᠤᠯᠠᠴᠢᠯᠠᠭᠰᠠᠨ ᠠᠵᠢ ᠃
2021 ᠣᠨ ᠤ᠋ 4 ᠰᠠᠷ᠎ᠠ ᠳ᠋ᠤ᠂ ᠦᠪᠡᠷᠲᠡᠭᠡᠨ ᠵᠠᠰᠠᠬᠤ ᠤᠷᠤᠨ ᠤ᠋ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠲᠢᠩᠬᠢᠮ ᠡᠴᠡ ᠵᠠᠰᠠᠭ ᠢ᠋ ᠴᠣᠮᠬᠠᠳᠭᠠᠨ ᠡᠷᠬᠡ ᠶ᠋ᠢ ᠳᠣᠷᠣᠭ᠍ᠰᠢ ᠪᠠᠭᠤᠯᠭᠠᠬᠤ᠂ ᠦᠶ᠋ᠯᠡᠴᠢᠯᠡᠭᠡᠨ ᠤ᠋ ᠲᠦᠪᠱᠢᠨ ᠢ᠋ ᠳᠡᠭᠡᠭ᠌ᠰᠢᠯᠡᠭᠦᠯᠬᠦ᠌᠂ ᠰᠤᠷᠲᠠᠯ ᠤ᠋ᠨ ᠪᠠᠢᠭᠤᠯᠤᠯᠲᠠ ᠶ᠋ᠢ ᠴᠢᠩᠭᠠᠳᠭᠠᠬᠤ ᠪᠠᠷ ᠭᠤᠤᠯ ᠠᠭᠤᠯᠭ᠎ᠠ ᠪᠣᠯᠭᠠᠭᠰᠠᠨ《ᠥᠭᠡᠷᠡᠴᠢᠯᠡᠯᠲᠡ ᠶ᠋ᠢ ᠪᠥᠬᠥ᠌ ᠲᠠᠯ᠎ᠠ ᠪᠠᠷ ᠭᠦᠨᠵᠡᠭᠡᠢᠷᠡᠭᠦᠯᠵᠦ᠍ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ᠋ ᠱᠢᠯᠢᠳᠡᠭ᠌ᠵᠢᠭᠦᠯᠬᠦ᠌ ᠠᠵᠢᠯᠯᠠᠭ᠎ᠠ ᠢ᠋ᠢᠨ ᠲᠥᠰᠦᠯ》ᠢ᠋ ᠳᠠᠷᠤᠮᠠᠯᠯᠠᠨ ᠲᠠᠷᠬᠠᠭᠠᠪᠠ᠃ ᠡᠬᠦᠨ ᠤ᠋ ᠬᠠᠮᠳᠤ ᠪᠠᠰᠠ《2021 ᠣᠨ ᠤ᠋ ᠥᠭᠡᠷᠡᠴᠢᠯᠡᠯᠲᠡ ᠶ᠋ᠢ ᠪᠥᠬᠥ᠌ ᠲᠠᠯ᠎ᠠ ᠪᠠᠷ ᠭᠦᠨᠵᠡᠭᠡᠢᠷᠡᠭᠦᠯᠵᠦ᠍ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ᠋ ᠱᠢᠯᠢᠳᠡᠭ᠌ᠵᠢᠭᠦᠯᠬᠦ᠌ ᠭᠤᠤᠯᠳᠠᠯᠭ᠎ᠠ ᠲᠠᠶ ᠡᠭᠦᠷᠭᠡ ᠢ᠋ᠢᠨ ᠡᠬᠡ ᠲᠠᠩᠰᠠ》ᠶ᠋ᠢ ᠳᠠᠷᠤᠮᠠᠯᠯᠠᠨ ᠲᠠᠷᠬᠠᠭᠠᠭᠰᠠᠨ ᠪᠠᠢᠨ᠎ᠠ᠃ ᠡᠭᠦᠨ ᠳ᠋ᠤ 11 ᠲᠥᠷᠥᠯ ᠤ᠋ᠨ ᠭᠤᠤᠯᠳᠠᠯᠭ᠎ᠠ ᠲᠠᠶ ᠡᠭᠦᠷᠭᠡ 51 ᠵᠦᠶ᠋ᠯ ᠤ᠋ᠨ ᠭᠤᠤᠯ ᠱᠠᠭᠠᠷᠳᠠᠯᠭ᠎ᠠ ᠶ᠋ᠢ ᠪᠠᠭ᠍ᠲᠠᠭᠠᠵᠤ᠂ ᠶᠡᠷᠦᠩᠬᠡᠢᠯᠡᠭ᠌ᠰᠡᠨ ᠪᠣᠰᠣᠭ᠎ᠠ ᠴᠣᠭ᠍ᠴᠠᠲᠤ ᠵᠠᠮ ᠬᠠᠷᠢᠯᠴᠠᠭᠠᠨ ᠤ᠋ ᠵᠢᠭᠠᠯᠲᠠ ᠲᠣᠭ᠎ᠠ ᠶ᠋ᠢ ᠱᠢᠯᠢᠳᠡᠭ᠌ᠵᠢᠭᠦᠯᠬᠦ᠌᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ᠌ ᠬᠦᠷᠢᠶᠡᠨ ᠳ᠋ᠡᠬᠢ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ᠋ ᠱᠢᠯᠢᠳᠡᠭ᠌ᠵᠢᠭᠦᠯᠬᠦ᠌᠂ ᠬᠢᠯᠢ ᠠᠯᠤᠰᠯᠠᠭ᠍ᠰᠠᠨ ᠠᠷᠠᠯᠵᠢᠶᠠᠨ ᠤ᠋ ᠣᠷᠴᠢᠨ ᠨᠥᠬᠥᠴᠡᠯ ᠢ᠋ ᠱᠢᠯᠢᠳᠡᠭ᠌ᠵᠢᠭᠦᠯᠬᠦ᠌ ᠵᠡᠷᠭᠡ ᠲᠠᠯ᠎ᠠ ᠪᠠᠷ ᠭᠤᠤᠯ ᠪᠤᠯᠭᠠᠨ᠂ 2021 ᠣᠨ ᠤ᠋ ᠥᠪᠡᠷᠲᠡᠭᠡᠨ ᠵᠠᠰᠠᠬᠤ ᠣᠷᠣᠨ ᠤ᠋ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠱᠢᠰᠲ᠋ᠧᠮ ᠤ᠋ᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ᠋ ᠱᠢᠯᠢᠳᠡᠭ᠌ᠵᠢᠭᠦᠯᠬᠦ᠌ ᠭᠤᠤᠯᠳᠠᠯᠭ᠎ᠠ ᠲᠠᠶ ᠠᠵᠢᠯ ᠢ᠋ ᠥᠷᠨᠢᠭᠦᠯᠵᠡᠢ᠃
2021 ᠣᠨ ᠤ᠋ 7 ᠰᠠᠷ᠎ᠠ ᠳ᠋ᠤ᠂ ᠦᠪᠡᠷᠲᠡᠭᠡᠨ ᠵᠠᠰᠠᠬᠤ ᠤᠷᠤᠨ ᠤ᠋ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠲᠢᠩᠬᠢᠮ《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠵᠠᠮ ᠬᠠᠷᠢᠯᠴᠠᠭ᠎ᠠ ᠲᠡᠭᠡᠭᠡᠪᠦᠷᠢ ᠢ᠋ᠢᠨ〈ᠣᠯᠠᠨ ᠲᠦᠮᠡᠨ ᠳ᠋ᠤ ᠪᠣᠳᠠᠲᠤ ᠶᠠᠪᠤᠳᠠᠯ ᠬᠢᠵᠦ᠍ ᠥᠭ᠌ᠭᠦ〉 ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ᠋ ᠱᠢᠯᠢᠳᠡᠭ᠌ᠵᠢᠭᠦᠯᠬᠦ᠌ ᠲᠤᠬᠠᠶ ᠬᠡᠷᠡᠭ᠌ᠵᠢᠭᠦᠯᠬᠦ᠌ ᠲᠥᠰᠦᠯ》 ᠢ᠋ ᠳᠠᠷᠤᠮᠠᠯᠯᠠᠨ ᠲᠠᠷᠬᠠᠭᠠᠪᠠ᠃《ᠲᠥᠰᠦᠯ》 ᠳ᠋ᠤ᠂ ᠵᠠᠰᠠᠭ ᠵᠠᠬᠢᠷᠭᠠᠨ ᠤ᠋ ᠬᠢᠨᠠᠨ ᠵᠥᠪᠱᠢᠶᠡᠷᠡᠬᠦ᠌ ᠵᠦᠶ᠋ᠯᠡᠰ ᠢ᠋ ᠵᠢᠷᠤᠮᠵᠢᠭᠤᠯᠬᠤ᠂ ᠲᠣᠭ᠍ᠲᠠᠭᠠᠯ ᠡᠴᠡ ᠵᠥᠷᠢᠴᠡᠭ᠌ᠰᠡᠨ ᠦᠶ᠋ᠯᠡ ᠠᠵᠢᠯᠯᠠᠭ᠎ᠠ ᠶ᠋ᠢ ᠢᠯᠭᠠᠷᠠᠭᠤᠯᠤᠨ ᠴᠡᠭ᠌ᠴᠡᠯᠡᠬᠦ᠌᠂ ᠠᠵᠤ ᠠᠬᠤᠢᠯᠠᠯ ᠤ᠋ᠨ ᠳᠠᠷᠤᠭᠠᠰᠤ ᠶ᠋ᠢ ᠬᠥᠩᠭᠡᠷᠡᠭᠦᠯᠬᠦ᠌ ᠵᠡᠷᠭᠡ 10 ᠵᠦᠶ᠋ᠯ ᠤ᠋ᠨ ᠡᠭᠦᠷᠭᠡ ᠶ᠋ᠢ ᠭᠤᠤᠯᠳᠠᠯᠭ᠎ᠠ ᠲᠠᠶ ᠪᠡᠶᠡᠯᠡᠭᠦᠯᠵᠦ᠍᠂ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠠᠵᠢᠯ ᠲᠥᠷᠥᠯ ᠤ᠋ᠨ ᠡᠷᠬᠡ ᠲᠡᠭ᠌ᠰᠢ ᠲᠥᠪ ᠭᠤᠤᠯᠴᠢ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ᠋ ᠪᠥᠬᠥ᠌ ᠲᠠᠯ᠎ᠠ ᠪᠠᠷ ᠪᠣᠶ ᠪᠣᠯᠭᠠᠬᠤ ᠬᠡᠷᠡᠭ᠌ᠲᠡᠶ ᠭᠡᠵᠤ ᠳᠤᠷᠠᠳᠴᠠᠢ᠃
2021ᠣᠨ ᠳ᠋ᠤ᠂ ᠦᠪᠡᠷᠲᠡᠭᠡᠨ ᠵᠠᠰᠠᠬᠤ ᠤᠷᠤᠨ ᠤ᠋ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠲᠢᠩᠬᠢᠮ ᠤ᠋ᠨ ᠲᠣᠰ ᠱᠠᠲᠤᠨ ᠤ᠋ 80 ᠵᠦᠶ᠋ᠯ ᠤ᠋ᠨ ᠵᠠᠰᠠᠭ ᠤ᠋ᠨ ᠶᠠᠪᠤᠳᠠᠯ ᠤ᠋ᠨ ᠦᠶ᠋ᠯᠡᠴᠢᠯᠡᠭᠡᠨ ᠤ᠋ ᠵᠦᠶ᠋ᠯ ᠢ᠋ ᠪᠦᠬᠦᠨ ᠢ᠋ ᠲᠢᠩᠬᠢᠮ ᠤ᠋ᠨ ᠶᠡᠷᠦᠩᠬᠡᠢᠯᠡᠭ᠌ᠰᠡᠨ ᠴᠣᠩᠬᠤᠪᠴᠢ ᠳ᠋ᠤ ᠣᠷᠣᠭᠤᠯᠤᠨ ᠭᠥᠯᠢᠶᠡᠨ ᠠᠪᠴᠤ᠌ ᠱᠢᠶ᠋ᠳᠪᠦᠷᠢᠯᠡᠵᠤ᠂ ᠨᠢᠭᠡ ᠴᠣᠭ᠍ᠴᠠᠵᠢᠭᠤᠯᠤᠭ᠍ᠰᠠᠨ ᠲᠠᠪᠴᠠᠩ ᠤ᠋ᠨ ᠬᠦᠯᠢᠶᠡᠨ ᠠᠪᠤᠯᠲᠠ ᠪᠠ ᠶᠠᠪᠤᠴᠠ ᠢ᠋ᠢᠨ ᠪᠠᠢᠭᠤᠯᠤᠯᠲᠠ ᠶ᠋ᠢ ᠪᠡᠶᠡᠯᠡᠭᠦᠯᠤᠨ᠂ 45 ᠵᠦᠶ᠋ᠯ ᠤ᠋ᠨ ᠭᠤᠶᠤᠴᠢᠯᠠᠯ ᠢ᠋ ᠵᠠᠰᠠᠭ ᠵᠠᠬᠢᠷᠭᠠᠨ ᠤ᠋ ᠬᠢᠨᠠᠨ ᠵᠥᠪᠱᠢᠶᠡᠷᠬᠦ ᠪᠥᠬᠥ᠌ ᠶᠠᠪᠤᠴᠠ ᠳ᠋ᠤ ᠰᠦᠯᠵᠢᠶ᠎ᠠ ᠪᠡᠷ ᠭᠦᠶ᠋ᠴᠡᠳᠭᠡᠬᠦ᠌ᠶ᠋ᠢ ᠪᠡᠶᠡᠯᠡᠭᠦᠯᠪᠡ᠃ ᠵᠠᠰᠠᠮᠠᠯ ᠵᠠᠮ ᠤ᠋ᠨ ᠪᠦᠲᠦᠭᠡᠨ ᠪᠠᠢᠭᠤᠯᠤᠯᠲᠠ ᠢ᠋ᠢᠨ ᠲᠥᠷᠥᠯ ᠵᠦᠢᠯ ᠤ᠋ᠨ ᠪᠠᠷᠢᠯᠭ᠎ᠠ ᠳᠠᠭᠤᠰᠬᠤ ᠱᠢᠯᠭᠠᠨ ᠠᠪᠤᠯᠲᠠ ᠶ᠋ᠢ 105 ᠠᠵᠢᠯ ᠤ᠋ᠨ ᠡᠳᠦᠷ ᠡᠴᠡ 50 ᠠᠵᠢᠯ ᠤ᠋ᠨ ᠡᠳᠦᠷ ᠪᠣᠯᠭᠠᠨ ᠪᠣᠭᠣᠨᠢᠰᠭᠠᠵᠤ᠂ 80 ᠵᠦᠢᠯ ᠤ᠋ᠨ ᠵᠠᠰᠠᠭ ᠵᠠᠬᠢᠷᠭᠠᠨ ᠤ᠋ ᠵᠥᠪᠱᠢᠶᠡᠷᠡᠯ ᠤ᠋ᠨ ᠲᠣᠭ᠎ᠠ ᠪᠠᠷᠢᠮᠲᠠ ᠶ᠋ᠢ ᠬᠠᠮᠲᠤ ᠪᠠᠷ ᠡᠳ᠋ᠯᠡᠬᠦ᠌ ᠪᠡᠷ ᠳᠠᠮᠵᠢᠨ ᠭᠡᠷᠡᠴᠢ ᠦᠨᠡᠮᠯᠡᠯ ᠤ᠋ᠨ ᠲᠥᠷᠥᠯ ᠤ᠋ᠨ ᠮᠠᠲᠧᠷᠢᠶᠠᠯ ᠢ᠋ ᠲᠤᠱᠢᠶᠠᠬᠤ ᠦᠭᠡᠢ ᠪᠠᠢᠬᠤ ᠢ᠋ᠢ ᠪᠡᠶᠡᠯᠡᠭᠦᠯᠵᠦ᠍᠂ ᠲᠣᠮᠣ ᠵᠦᠢᠯ ᠤ᠋ᠨ ᠲᠡᠭᠡᠭᠡᠪᠦᠷᠢ ᠢ᠋ᠢᠨ ᠵᠥᠪᠱᠢᠶᠡᠷᠡᠯ ᠢ᠋ ᠭᠦᠢᠴᠡᠳᠭᠡᠬᠦ ᠳᠤᠮᠳᠠᠴᠢ ᠴᠠᠭ ᠤ᠋ᠨ ᠬᠢᠵᠠᠭᠠᠷ ᠢ᠋ 1.65 ᠠᠵᠢᠯ ᠤ᠋ᠨ ᠡᠳᠦᠷ ᠪᠣᠯᠭᠠᠨ ᠪᠣᠭᠣᠨᠢᠰᠭᠠᠵᠤ᠂ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠶᠠᠮᠤᠨ ᠤ᠋ 15 ᠠᠵᠢᠯ ᠤ᠋ᠨ ᠡᠳᠦᠷ ᠤ᠋ᠨ ᠱᠠᠭᠠᠷᠳᠠᠯᠭ᠎ᠠ ᠡᠴᠡ ᠬᠣᠯᠠ ᠳᠣᠣᠷ᠎ᠠ ᠪᠣᠯᠭᠠᠪᠠ᠃
ᠵᠠᠮ ᠬᠠᠷᠢᠯᠴᠠᠭ᠎ᠠ ᠲᠡᠭᠡᠭᠡᠪᠦᠷᠢ ᠪᠣᠯ ᠠᠵᠤ ᠠᠬᠤᠶ ᠨᠡᠢᠭᠡᠮ ᠤ᠋ᠨ ᠬᠥᠭ᠌ᠵᠢᠯᠲᠡ ᠢ᠋ᠢᠨ《ᠬᠣᠱᠢᠭᠤᠴᠢ》ᠮᠦᠨ᠂ ᠣᠲᠣᠬᠠᠨ ᠳ᠋ᠤ ᠮᠠᠨ ᠤ᠋ ᠣᠷᠣᠨ ᠤ᠋ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠬᠦᠷᠢᠶᠡᠨ ᠳ᠋ᠡᠬᠢ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ᠋ ᠱᠢᠯᠢᠳᠡᠭ᠌ᠵᠢᠭᠦᠯᠬᠦ᠌ ᠠᠵᠢᠯ ᠲᠦᠷᠭᠡᠳᠤᠨ ᠠᠬᠢᠵᠤ᠂ ᠪᠦᠬᠦ ᠤᠷᠤᠨ ᠤ᠋ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ᠋ ᠱᠢᠯᠢᠳᠡᠭ᠌ᠵᠢᠭᠦᠯᠬᠦ᠌ ᠳ᠋ᠤ ᠬᠦᠴᠦᠨ ᠨᠡᠮᠡᠷᠢᠯᠡᠬᠦ ᠨᠢ ᠯᠠᠪᠲᠠᠢ!
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠤᠶᠤᠨᠲᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃