2022-02-20 20:08:49
《〈ᠥᠪᠥᠷ ᠮᠣᠩᠭᠣᠯ᠎ᠤᠨ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ〉ᠡᠭᠦᠯᠡᠨ ᠲᠠᠪᠴᠠᠩ᠎ᠢ ᠨᠡᠭᠡᠭᠡᠵᠦ᠍᠂ 〈ᠨᠢᠭᠤᠷ ᠵᠢᠡᠨ ᠰᠢᠷᠪᠢᠬᠦᠯᠦᠨ〉 ᠭᠡᠷᠡᠴᠢᠯᠡᠬᠦᠯᠪᠡᠯ ᠨᠠᠰᠤᠵᠢᠯ᠎ᠤᠨ ᠠᠰᠠᠷᠠᠮᠵᠢ᠎ᠶ᠋ᠢᠨ ᠬᠠᠷᠠᠭᠠᠯᠵᠠᠯ᠎ᠢ ᠰᠠᠷ᠎ᠠ ᠪᠤᠯᠭᠠᠨ ᠭᠥᠷᠳᠡᠬᠦ ᠪᠤᠯᠵᠥ᠂ ᠡᠢᠰᠢ ᠳᠡᠢᠰᠢ ᠭᠦᠶᠦᠬᠦ᠌ ᠴᠢᠬᠤᠯᠠ ᠥᠬᠡᠶ ᠪᠣᠯᠵᠠᠢ》ᠬᠡᠵᠥ ᠡᠷᠦᠬᠡ ᠠᠮᠠ᠎ᠶ᠋ᠢᠨ ᠲᠠᠩᠰᠠ᠎ᠨᠢ ᠤᠯᠠᠭᠠᠨᠴᠠᠪ ᠬᠣᠲᠠ᠎ᠳᠤ ᠪᠠᠢᠭ᠎ᠠ᠂ 2001 ᠣᠨ᠎ᠳᠤ ᠨᠢᠬᠡᠨᠳᠡ ᠪᠥᠬᠥ᠌ ᠬᠡᠷ᠎ᠢᠶᠡᠷ᠎ᠢᠶᠡᠨ ᠬᠥᠬᠡᠬᠣᠲᠠ᠎ᠳᠤ ᠨᠡᠭᠦᠵᠥ ᠢᠷᠡᠭᠰᠡᠨ ᠡᠨᠡ ᠵᠢᠯ ᠲᠠᠯᠠᠨ ᠬᠤᠶᠠᠷᠳᠠᠢ ᠭᠦᠸᠧ ᠨᠠᠰᠤᠳᠠᠨ ᠪᠠᠶᠠᠷᠳᠠᠢᠬᠠᠨ ᠬᠡᠯᠡᠨ᠎ᠠ᠃ ᠥᠩᠭᠡᠷᠡᠭ᠌ᠰᠡᠨ᠎ᠳᠦ᠂ ᠲᠡᠷᠡ ᠦᠷᠭᠦᠯᠵᠢ ᠭᠠᠯᠲᠤ ᠲᠡᠷᠭᠡ᠎ᠪᠡᠷ ᠨᠤᠲᠤᠭ᠎ᠲᠠᠭᠠᠨ ᠬᠠᠷᠢᠵᠤ《ᠨᠢᠭᠤᠷ ᠴᠢᠷᠠᠶ》 ᠶ᠋ᠢᠨ ᠭᠡᠷᠡᠴᠢᠯᠡᠯ ᠬᠢᠯᠭᠡᠬᠦ᠌ ᠴᠢᠬᠤᠯᠠᠲᠠᠶ ᠪᠠᠢᠭ᠍ᠰᠠᠨ ᠵᠢᠡᠨ ᠣᠲᠣ ᠬᠠᠷᠢᠨ ᠬᠡᠷ᠎ᠲᠡᠬᠡᠨ ᠰᠠᠭᠤᠵᠥ《ᠨᠢᠭᠡ ᠯᠡ ᠳᠠᠷᠤᠪᠴᠢ᠎ᠪᠠᠷ ᠱᠢᠭᠤᠳ ᠬᠦᠢᠴᠡᠳᠬᠡᠵᠥ ᠳᠡᠢᠯᠬᠦ᠌ ᠪᠣᠯᠵᠠᠶ》᠃
《ᠮᠡᠳᠡᠭᠡ ᠵᠠᠩᠭᠢ᠎ᠶ᠋ᠢᠨ ᠥᠨᠥᠴᠢᠨ ᠠᠷᠠᠯ》 ᠢ᠋ ᠨᠡᠪᠲᠡᠷᠡᠭᠦᠯᠵᠦ᠍᠂ 《ᠲᠣᠭ᠎ᠠ ᠪᠠᠷᠢᠮᠲᠠ᠎ᠶ᠋ᠢᠨ ᠪᠡᠬᠢᠯᠡᠯᠳᠡ》 ᠵᠢ ᠨᠤᠷᠠᠭᠠᠵᠤ᠂ ᠬᠥᠬᠡᠬᠣᠲᠠ ᠪᠤᠭᠤᠲᠤ ᠣᠷᠳᠣᠰ ᠤᠯᠠᠭᠠᠨᠴᠠᠪ᠎ᠤᠨ ᠤᠶᠤᠨᠲᠤ ᠬᠣᠲᠠ᠎ᠶ᠋ᠢᠨ ᠪᠠᠢᠭᠤᠯᠤᠯᠲᠠ ᠨᠢ 《ᠨᠢᠭᠡ ᠬᠥᠯᠭᠡ ᠱᠢᠲᠠᠷ᠎ᠠ ᠨᠢᠭᠡ ᠡᠭᠦᠯᠡ ᠨᠢᠭᠡ ᠰᠦᠯᠵᠢᠶ᠎ᠡ》 ᠶ᠋ᠢᠨ ᠵᠢᠷᠤᠭ ᠲᠥᠰᠦᠪ ᠳᠡᠭᠡᠷ᠎ᠡ ᠠᠭᠠᠵᠢᠮ᠎ᠢᠶᠠᠷ ᠳᠡᠯᠬᠡᠭᠳᠡᠯᠡ᠃
《 ᠬᠥᠬᠡᠬᠣᠲᠠ ᠪᠤᠭᠤᠲᠤ ᠤᠷᠳᠤᠰ ᠤᠯᠠᠭᠠᠨᠴᠠᠪ ᠪᠣᠯ ᠪᠦᠬᠦ᠌ ᠣᠷᠣᠨ᠎ᠤ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ〈ᠪᠤᠬ᠎ᠠ ᠲᠡᠷᠭᠡ〉ᠪᠠᠢᠵᠤ᠂ ᠪᠠᠢᠩᠭᠤ ᠰᠠᠭᠤᠭ᠎ᠠ ᠬᠥᠮᠦᠨ ᠠᠮᠠ᠎ᠶ᠋ᠢᠨ ᠬᠡᠪᠴᠢᠶ᠎ᠡ᠂ ᠭᠠᠵᠠᠷ ᠣᠷᠣᠨ᠎ᠤ ᠠᠵᠤ ᠠᠬᠤᠢ᠎ᠶ᠋ᠢᠨ ᠶᠡᠷᠦᠩᠬᠡᠢ ᠬᠡᠮᠵᠢᠶ᠎ᠡ᠎ᠶ᠋ᠢᠨ ᠪᠦᠬᠦ᠌ ᠣᠷᠣᠨ᠎ᠳᠠᠬᠢ ᠡᠵᠡᠯᠡᠬᠦ᠌ ᠬᠠᠷᠢᠴᠠᠯ ᠨᠢ ᠦᠷᠭᠦᠯᠵᠢᠯᠡᠨ ᠳᠡᠭᠡᠭ᠌ᠰᠢᠯᠡᠵᠦ᠍᠂ ᠬᠤᠳᠠ᠎ᠶ᠋ᠢᠨ ᠪᠦᠯᠦᠭᠵᠢᠯ᠎ᠤᠨ ᠬᠥᠮᠦᠨ ᠠᠮᠠ ᠪᠣᠯᠤᠨ ᠠᠵᠤ ᠠᠬᠤᠢ᠎ᠶ᠋ᠢᠨ ᠳᠠᠭᠠᠭᠠᠴᠠ᠎ᠶ᠋ᠢᠨ ᠴᠢᠳᠠᠪᠤᠷᠢ ᠨᠢ ᠲᠠᠰᠤᠷᠠᠯᠳᠡ ᠦᠭᠡᠢ ᠴᠢᠩᠭᠠᠷᠠᠵᠤ᠂ ᠨᠢᠬᠡᠨᠳᠡ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢᠭᠡᠮ᠎ᠦᠨ ᠬᠥᠭ᠌ᠵᠢᠯᠲᠡ᠂ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠂ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌ ᠪᠠ ᠭᠠᠳᠠᠭᠠᠳᠤ ᠨᠡᠬᠡᠬᠡᠯᠳᠡ᠎ᠶ᠋ᠢᠨ ᠭᠣᠣᠯ ᠬᠥᠳᠡᠯᠭᠡᠭᠦᠷ ᠪᠣᠯᠪᠠ᠃ ᠬᠥᠬᠡᠬᠣᠲᠠ ᠪᠤᠭᠤᠲᠤ ᠣᠷᠳᠣᠰ ᠤᠯᠠᠭᠠᠨᠴᠠᠪ᠎ᠤᠨ ᠤᠶᠤᠨᠲᠤ ᠬᠣᠲᠠ᠎ᠶ᠋ᠢᠨ ᠪᠠᠢᠭᠤᠯᠤᠯᠲᠠ᠎ᠶ᠋ᠢ ᠨᠢᠭᠡ ᠴᠣᠭ᠍ᠴᠠᠵᠢᠭᠤᠯᠬᠤ᠎ᠶ᠋ᠢ ᠶᠡᠬᠡᠪᠡᠷ ᠠᠬᠢᠭᠤᠯᠬᠤ᠎ᠨᠢ ᠬᠥᠬᠡᠬᠣᠲᠠ ᠪᠤᠭᠤᠲᠤ ᠣᠷᠳᠣᠰ ᠤᠯᠠᠭᠠᠨᠴᠠᠪ᠎ᠢ ᠨᠢᠭᠡ ᠴᠣᠭ᠍ᠴᠠᠵᠢᠭᠤᠯᠬᠤ ᠬᠥᠭ᠌ᠵᠢᠯᠲᠡ᠎ᠶ᠋ᠢᠨ ᠠᠬᠢᠴᠠ᠎ᠶ᠋ᠢ ᠲᠦᠷᠭᠡᠳᠭᠡᠵᠦ᠍᠂ ᠪᠥᠬᠥ᠌ ᠣᠷᠣᠨ᠎ᠤ ᠲᠣᠭᠠᠴᠢᠯᠠᠭ᠍ᠰᠠᠨ ᠠᠵᠤ ᠠᠬᠤᠶ᠎ᠶ᠋ᠢᠨ ᠬᠥᠭ᠌ᠵᠢᠯᠲᠡ᠎ᠶ᠋ᠢ ᠬᠥᠲᠥᠯᠥᠨ ᠳᠠᠭᠠᠭᠤᠯᠵᠤ ᠳᠠᠢᠴᠢᠯᠠᠨ᠂ ᠲᠣᠭᠠᠴᠢᠯᠠᠭ᠍ᠰᠠᠨ ᠠᠵᠤ ᠠᠬᠤᠶ᠎ᠶ᠋ᠢᠨ ᠥᠷᠢᠰᠥᠯᠳᠦᠭᠡᠨ᠎ᠦ ᠱᠢᠨ᠎ᠡ ᠳᠠᠪᠠᠭᠤᠯᠢᠭ᠎ᠢ ᠨᠡᠮᠡᠭ᠌ᠳᠡᠭᠦᠯᠵᠦ᠍᠂ ᠪᠥᠬᠥ᠌ ᠣᠷᠣᠨ᠎ᠤ ᠠᠵᠤ ᠠᠬᠤᠶ᠎ᠶ᠋ᠢᠨ ᠬᠡᠯᠪᠡᠷᠢ᠎ᠪᠡᠨ ᠬᠤᠪᠢᠷᠠᠭᠤᠯᠬᠤ ᠪᠠ ᠴᠢᠨᠠᠷ ᠰᠠᠢᠲᠠᠶ ᠬᠥᠭ᠌ᠵᠢᠯᠲᠡ᠎ᠶ᠋ᠢ ᠪᠦᠲᠦᠮᠵᠢᠲᠡᠶ ᠬᠥᠲᠥᠯᠥᠨ ᠳᠠᠭᠠᠭᠤᠯᠬᠤ᠎ᠳᠤ ᠲᠤᠢᠯ᠎ᠤᠨ ᠴᠢᠬᠤᠯᠠ ᠠᠴᠢ ᠬᠣᠯᠪᠣᠭ᠍ᠳᠠᠯ᠎ᠲᠠᠶ ᠶᠤᠮ》ᠭᠡᠵᠤ ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠦᠨ ᠬᠣᠯᠪᠣᠭ᠍ᠳᠠᠯ ᠪᠥᠬᠥᠶ ᠬᠠᠷᠢᠭᠤᠴᠠᠯᠭᠠᠲᠠᠨ ᠤᠳᠭ᠎ᠠ ᠭᠦᠨ ᠬᠡᠯᠡᠪᠡ᠃
ᠱᠢᠨ᠎ᠡ ᠬᠥᠭ᠌ᠵᠢᠯᠲᠡ᠎ᠶ᠋ᠢᠨ ᠱᠠᠲᠤᠨ᠎ᠳᠤ ᠰᠠᠭᠤᠷᠢᠯᠠᠨ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠴᠣᠭ᠍ᠴᠠᠯᠠᠨ᠂ ᠬᠥᠬᠡᠬᠣᠲᠠ ᠪᠤᠭᠤᠲᠤ ᠣᠷᠳᠣᠰ ᠤᠯᠠᠭᠠᠨᠴᠠᠪ᠎ᠤᠨ ᠤᠶᠤᠨᠲᠤ ᠬᠣᠲᠠ᠎ᠶ᠋ᠢᠨ ᠪᠠᠢᠭᠤᠯᠤᠯᠲᠠ ᠳᠠᠷᠪᠠᠭᠤᠯ ᠬᠡᠢᠰᠭᠡᠨ ᠠᠶᠠᠯᠠᠯ᠎ᠢᠶᠠᠨ ᠡᠬᠢᠯᠡᠭᠦᠯᠪᠡ᠃
2021 ᠣᠨ᠎ᠤ 3 ᠰᠠᠷ᠎ᠠ᠎ᠶ᠋ᠢᠨ 26 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠰᠦᠯᠵᠢᠶᠡᠨ᠎ᠦ ᠠᠮᠤᠷ ᠲᠦᠪᠱᠢᠨ ᠪᠠ ᠮᠡᠳᠡᠭᠡ ᠵᠠᠩᠭᠢᠵᠢᠯᠲᠠ᠎ᠶ᠋ᠢᠨ ᠬᠤᠷᠢᠶᠠᠨ᠎ᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭᠠᠴᠢᠯᠠᠭ᠍ᠰᠠᠨ ᠠᠵᠤ ᠦᠢᠯᠡᠰᠵᠢᠯᠲᠡ ᠪᠠ ᠠᠵᠤ ᠦᠶ᠋ᠯᠡᠰ᠎ᠦᠨ ᠲᠣᠭᠠᠴᠢᠯᠠᠭ᠍ᠰᠠᠨ ᠬᠥᠭ᠌ᠵᠢᠯᠲᠡ᠎ᠶ᠋ᠢᠨ ᠠᠵᠢᠯᠯᠠᠭᠠᠨ᠎ᠤ ᠲᠥᠰᠦᠯ (2021 — 2023 ᠤᠨ)》᠂ 《ᠬᠥᠬᠡᠬᠣᠲᠠ ᠪᠤᠭᠤᠲᠤ ᠣᠷᠳᠣᠰ ᠤᠯᠠᠭᠠᠨᠴᠠᠪ᠎ᠤᠨ ᠤᠶᠤᠨᠲᠤ ᠬᠣᠲᠠ᠎ᠶ᠋ᠢᠨ ᠪᠠᠢᠭᠤᠯᠤᠯᠲᠠ᠎ᠶ᠋ᠢ ᠨᠢᠭᠡ ᠴᠣᠭ᠍ᠴᠠᠵᠢᠭᠤᠯᠬᠤ ᠠᠵᠢᠯᠯᠠᠭᠠᠨ᠎ᠤ ᠲᠥᠰᠦᠯ》 ᠵᠡᠷᠭᠡ 4 ᠲᠤᠰᠭᠠᠶ ᠠᠵᠢᠯᠯᠠᠭᠠᠨ᠎ᠤ ᠲᠥᠰᠦᠯ᠎ᠢ ᠳᠠᠷᠤᠮᠠᠯᠯᠠᠨ ᠲᠠᠷᠬᠠᠭᠠᠪᠠ᠃
2021 ᠣᠨ᠎ᠤ 7 ᠰᠠᠷ᠎ᠠ᠎ᠶ᠋ᠢᠨ 2 ᠤ᠋ᠨ ᠡᠳᠦᠷ᠂ ᠬᠥᠬᠡᠬᠣᠲᠠ ᠪᠤᠭᠤᠲᠤ ᠣᠷᠳᠣᠰ ᠤᠯᠠᠭᠠᠨᠴᠠᠪ᠎ᠤᠨ ᠤᠶᠤᠨᠲᠤ ᠬᠣᠲᠠ᠎ᠶ᠋ᠢᠨ ᠪᠠᠢᠭᠤᠯᠤᠯᠲᠠ᠎ᠶ᠋ᠢ ᠨᠢᠭᠡ ᠴᠣᠭ᠍ᠴᠠᠵᠢᠭᠤᠯᠬᠤ ᠲᠤᠰᠭᠠᠶ ᠠᠵᠢᠯ᠎ᠢ ᠠᠬᠢᠭᠤᠯᠬᠤ ᠬᠤᠷᠠᠯ ᠬᠥᠬᠡᠬᠣᠲᠠ᠎ᠳᠤ ᠬᠤᠷᠠᠯᠳᠤᠪᠠ᠃ ᠬᠤᠷᠠᠯ᠎ᠡᠴᠡ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠪᠤᠭᠤᠲᠤ ᠣᠷᠳᠣᠰ ᠤᠯᠠᠭᠠᠨᠴᠠᠪ᠎ᠤᠨ ᠤᠶᠤᠨᠲᠤ ᠬᠣᠲᠠ᠎ᠶ᠋ᠢᠨ ᠪᠠᠢᠭᠤᠯᠤᠯᠲᠠ᠎ᠶ᠋ᠢ ᠨᠢᠭᠡ ᠴᠣᠭ᠍ᠴᠠᠵᠢᠭᠤᠯᠬᠤ᠎ᠶ᠋ᠢ ᠠᠬᠢᠭᠤᠯᠬᠤ ᠲᠤᠰᠭᠠᠶ ᠠᠵᠢᠯ᠎ᠤᠨ ᠳᠤᠭᠤᠢᠯᠠᠩ᠎ᠤᠨ ᠡᠯ᠎ᠡ ᠪᠦᠷᠢᠯᠳᠦᠬᠦᠨ ᠨᠢᠭᠡᠴᠢ 《ᠬᠥᠬᠡᠬᠣᠲᠠ ᠪᠤᠭᠤᠲᠤ ᠣᠷᠳᠣᠰ ᠤᠯᠠᠭᠠᠨᠴᠠᠪ᠎ᠤᠨ ᠤᠶᠤᠨᠲᠤ ᠬᠣᠲᠠ᠎ᠶ᠋ᠢᠨ ᠪᠠᠢᠭᠤᠯᠤᠯᠲᠠ᠎ᠶ᠋ᠢ ᠨᠢᠭᠡ ᠴᠣᠭ᠍ᠴᠠᠵᠢᠭᠤᠯᠬᠤ 2021 ᠣᠨ᠎ᠤ ᠡᠭᠦᠷᠭᠡ᠎ᠶ᠋ᠢᠨ ᠪᠢᠴᠢᠭ》 ᠢ᠋ ᠭᠠᠷᠳᠠᠪᠠ᠃
2021 ᠣᠨ᠎ᠤ 11 ᠰᠠᠷ᠎ᠠ᠎ᠶ᠋ᠢᠨ 9 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ 《ᠬᠥᠬᠡᠬᠣᠲᠠ ᠪᠤᠭᠤᠲᠤ ᠣᠷᠳᠣᠰ ᠤᠯᠠᠭᠠᠨᠴᠠᠪ᠎ᠤᠨ〈ᠠᠷᠪᠠᠨ ᠳᠥᠷᠪᠡᠳᠦᠭᠡᠷ ᠲᠠᠪᠤᠨ ᠵᠢᠯ〉᠎ᠤ᠋ᠨ ᠨᠢᠭᠡ ᠴᠣᠭ᠍ᠴᠠᠵᠢᠭᠤᠯᠬᠤ ᠬᠥᠭ᠌ᠵᠢᠯᠲᠡ᠎ᠶ᠋ᠢᠨ ᠲᠥᠯᠥᠪᠵᠢᠭᠦᠯᠭᠡ》 ᠶ᠋ᠢᠨ ᠮᠡᠳᠡᠭ᠌ᠳᠡᠯ ᠪᠠᠭᠤᠯᠭᠠᠵᠤ᠂ ᠥᠪᠡᠷᠲᠡᠭᠡᠨ ᠵᠠᠰᠠᠬᠤ ᠣᠷᠣᠨ᠎ᠤ ᠤᠶᠤᠨᠲᠤ ᠬᠣᠲᠠ᠎ᠶ᠋ᠢ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ᠌ ᠬᠣᠱᠢᠭᠤᠴᠢ ᠣᠷᠣᠨ᠎ᠢ ᠪᠥᠲᠥᠭᠡᠨ ᠪᠠᠢᠭᠤᠯᠤᠨ᠎ᠠ᠃ ᠠᠷᠠᠳ ᠲᠦᠮᠡᠨ᠎ᠢᠶᠡᠷ ᠭᠤᠤᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠪᠠᠷᠢᠮᠲᠠᠯᠠᠵᠤ᠂ ᠬᠥᠬᠡᠬᠣᠲᠠ ᠪᠤᠭᠤᠲᠤ ᠣᠷᠳᠣᠰ ᠤᠯᠠᠭᠠᠨᠴᠠᠪ᠎ᠤᠨ ᠤᠶᠤᠨᠲᠤ ᠬᠣᠲᠠ᠎ᠶ᠋ᠢᠨ ᠪᠠᠢᠭᠤᠯᠤᠯᠲᠠ᠎ᠶ᠋ᠢ ᠨᠢᠭᠡ ᠴᠣᠭ᠍ᠴᠠᠵᠢᠭᠤᠯᠬᠤ᠎ᠶ᠋ᠢ ᠭᠦᠨᠵᠡᠭᠡᠶ ᠠᠬᠢᠭᠤᠯᠵᠤ᠂ ᠲᠣᠭ᠎ᠠ ᠪᠠᠷᠢᠮᠲᠠ᠎ᠶ᠋ᠢ ᠲᠥᠪᠯᠡᠷᠡᠭᠦᠯᠬᠦ᠌ ᠪᠠ ᠬᠠᠮᠲᠤ᠎ᠪᠠᠷ ᠡᠳ᠋ᠯᠡᠬᠦ ᠪᠡᠷ ᠠᠷᠭ᠎ᠠ ᠵᠠᠮ ᠪᠣᠯᠭᠠᠵᠤ᠂ ᠲᠣᠭ᠎ᠠ ᠪᠠᠷᠢᠮᠲᠠ᠎ᠶ᠋ᠢᠨ ᠥᠨᠥᠴᠢᠨ ᠠᠷᠠᠯ᠎ᠢ ᠡᠪᠳᠡᠵᠦ᠍᠂ ᠱᠢᠰᠲ᠋ᠧᠮ᠎ᠦᠨ ᠪᠡᠬᠢᠯᠡᠯᠲᠡ᠎ᠶ᠋ᠢ ᠨᠡᠪᠲᠡᠷᠡᠭᠦᠯᠵᠦ᠍᠂ ᠮᠡᠳᠡᠭᠡ ᠵᠠᠩᠭᠢ᠎ᠶ᠋ᠢᠨ ᠲᠠᠪᠴᠠᠩ᠎ᠢ ᠬᠣᠯᠪᠣᠨ ᠨᠡᠪᠲᠡᠷᠡᠭᠦᠯᠵᠦ᠍᠂ ᠮᠡᠷᠭᠡᠵᠢᠯ᠎ᠦᠨ ᠠᠭᠤᠰᠤᠯᠴᠠᠯ᠂ ᠲᠤᠬᠠᠢᠯᠠᠭ᠍ᠰᠠᠨ ᠠᠵᠢᠯ᠎ᠤᠨ ᠠᠭᠤᠰᠤᠯᠴᠠᠯ᠂ ᠲᠣᠭ᠎ᠠ ᠪᠠᠷᠢᠮᠲᠠ᠎ᠶ᠋ᠢᠨ ᠠᠭᠤᠰᠤᠯᠴᠠᠯ᠎ᠢ ᠠᠬᠢᠭᠤᠯᠵᠤ᠂ ᠲᠠᠰ ᠳᠠᠪᠬᠤᠷᠭ᠎ᠠ ᠠᠯᠤᠰᠯᠠᠵᠤ᠂ ᠣᠷᠣᠨ ᠪᠦᠰᠡ ᠠᠯᠤᠰᠯᠠᠵᠤ᠂ ᠱᠢᠰᠲ᠋ᠧᠮ ᠠᠯᠤᠰᠯᠠᠵᠤ᠂ ᠰᠠᠯᠠᠭ᠎ᠠ ᠮᠥᠴᠢᠷ ᠠᠯᠤᠰᠯᠠᠵᠤ᠂ ᠲᠤᠬᠠᠢᠯᠠᠭ᠍ᠰᠠᠨ ᠠᠵᠢᠯ ᠠᠯᠤᠰᠯᠠᠵᠤ ᠬᠠᠮᠵᠢᠯᠴᠠᠨ ᠬᠠᠮᠢᠶᠠᠷᠬᠤ ᠪᠠ ᠦᠶ᠋ᠯᠡᠴᠢᠯᠡᠵᠦ᠍᠂ ᠥᠨᠳᠥᠷ ᠲᠦᠪᠱᠢᠨ ᠪᠥᠬᠥᠶ ᠤᠶᠤᠨᠲᠤ ᠬᠣᠲᠠ᠎ᠶ᠋ᠢᠨ ᠪᠦᠯᠦᠭᠵᠢᠯ᠎ᠢ ᠪᠠᠢᠭᠤᠯᠵᠤ᠂ ᠠᠷᠠᠳ ᠣᠯᠠᠨ᠎ᠤ ᠨᠢᠭᠡ ᠴᠣᠭ᠍ᠴᠠᠵᠢᠭ᠍ᠰᠠᠨ ᠬᠥᠭ᠌ᠵᠢᠯᠲᠡ᠎ᠶ᠋ᠢᠨ ᠬᠦᠷᠲᠡᠮᠵᠢ᠎ᠶ᠋ᠢᠨ ᠲᠥᠷᠥᠭ᠌ᠳᠡᠯ᠎ᠢ ᠲᠠᠰᠤᠷᠠᠯᠲᠠ ᠥᠬᠡᠶ ᠨᠡᠮᠡᠭ᠌ᠳᠡᠭᠦᠯᠦᠨ᠎ᠡ ᠭᠡᠵᠤ ᠲᠤᠳᠤᠷᠬᠠᠢ ᠲᠤᠬᠳᠠᠭᠠᠪᠠ᠃
ᠦᠵᠦ᠍ ᠲᠥᠯᠥᠪᠯᠡᠭᠡ᠎ᠪᠡᠷ ᠵᠠᠮ ᠨᠡᠭᠡᠭᠡᠵᠦ᠍᠂ ᠱᠠᠲᠤ ᠱᠠᠲᠤ᠎ᠪᠠᠷ ᠨᠠᠢᠳᠠᠪᠤᠷᠢᠵᠢᠭᠤᠯᠤᠨ ᠳᠠᠭᠠᠨ᠎ᠠ᠃
ᠬᠥᠬᠡᠬᠣᠲᠠ ᠪᠤᠭᠤᠲᠤ ᠣᠷᠳᠣᠰ ᠤᠯᠠᠭᠠᠠᠴᠠᠪ᠎ᠤᠨ ᠤᠶᠤᠨᠲᠤ ᠬᠣᠲᠠ᠎ᠶ᠋ᠢᠨ ᠪᠠᠢᠭᠤᠯᠤᠯᠲᠠ᠎ᠶ᠋ᠢ ᠨᠢᠭᠡ ᠴᠣᠭ᠍ᠴᠠᠵᠢᠭᠤᠯᠤᠨ ᠨᠠᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ᠎ᠶ᠋ᠢ ᠠᠬᠢᠭᠤᠯᠬᠤ᠎ᠶ᠋ᠢᠨ ᠲᠥᠯᠥᠭᠡ᠂ ᠲᠦᠷᠦᠭᠦᠯᠡᠨ ᠬᠢᠬᠦ᠌ ᠰᠠᠯᠠᠭ᠎ᠠ ᠮᠥᠴᠢᠷ ᠪᠣᠯᠬᠤ ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ ᠨᠢᠭᠡᠳᠦᠯᠲᠡᠶ ᠲᠥᠯᠥᠪᠵᠢᠭᠦᠯᠦᠨ᠂ ᠲᠤᠰᠭᠠᠶ ᠠᠩᠭᠢ᠎ᠪᠠᠷ ᠠᠬᠢᠭᠤᠯᠵᠤ᠂ ᠪᠠᠢᠴᠠᠭᠠᠨ ᠰᠤᠳᠤᠯᠵᠤ ᠱᠠᠯᠠᠪᠲᠠᠭᠤᠯᠤᠨ ᠵᠢᠯᠣᠭᠣᠳᠭᠤ᠂ ᠱᠢᠶ᠋ᠳᠪᠦᠷᠢᠲᠦ ᠪᠣᠳᠣᠯᠭ᠎ᠠ ᠲᠣᠭ᠍ᠲᠠᠭᠠᠬᠤ ᠯᠠᠪᠯᠠᠭ᠎ᠠ᠎ᠶ᠋ᠢ ᠭᠦᠨᠵᠡᠭᠡᠶ ᠥᠷᠨᠢᠭᠦᠯᠵᠦ᠍᠂ ᠤᠶᠤᠨᠲᠤ ᠬᠣᠲᠠ ᠵᠢᠨ ᠨᠢᠭᠡ ᠴᠣᠭ᠍ᠴᠠᠵᠢᠭᠰᠡᠨ ᠬᠡᠷᠡᠭᠯᠡᠯᠳᠡ ᠵᠢᠨ ᠴᠢᠳᠠᠮᠵᠢ ᠪᠠ ᠪᠠᠢᠳᠠᠯ᠎ᠤᠨ ᠲᠤᠬᠠᠶ ᠨᠡᠢᠭᠡᠮ ᠨᠡᠢᠲᠡ᠎ᠶ᠋ᠢᠨ ᠰᠠᠨᠠᠯ ᠰᠠᠨᠠᠭᠤᠯᠭ᠎ᠠ᠎ᠶ᠋ᠢ ᠥᠷᠭᠡᠨ᠎ᠢᠶᠡᠷ ᠬᠤᠷᠢᠶᠠᠵᠤ᠂ ᠬᠥᠬᠡᠬᠣᠲᠠ ᠪᠤᠭᠤᠲᠤ ᠣᠷᠳᠣᠰ ᠤᠯᠠᠭᠠᠨᠴᠠᠪ᠎ᠤᠨ ᠨᠠᠩ ᠥᠨᠳᠥᠷ ᠬᠠᠷᠠᠯᠲᠠ ᠲᠡᠢᠰᠢ ᠱᠢᠪᠲᠤᠯᠤᠯᠲᠠ ᠭᠠᠷᠭᠠᠬᠤ ᠶ᠋ᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠤᠶᠤᠨᠲᠤ ᠬᠣᠲᠠ᠎ᠶ᠋ᠢ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ᠌ ᠬᠣᠱᠢᠭᠤᠴᠢ ᠣᠷᠣᠨ᠂ ᠪᠥᠬᠥ᠌ ᠤᠯᠤᠰ᠎ᠤᠨ ᠱᠢᠨ᠎ᠡ ᠬᠡᠯᠪᠡᠷᠢ᠎ᠶ᠋ᠢᠨ ᠤᠶᠤᠨᠲᠤ ᠬᠣᠲᠠ᠎ᠶ᠋ᠢ ᠪᠠᠢᠭᠤᠯᠬᠤ ᠪᠡᠷ ᠬᠦᠴᠦᠯᠡᠪᠡ᠃
2021 ᠣᠨ᠎ᠤ 12 ᠰᠠᠷ᠎ᠠ᠎ᠶ᠋ᠢᠨ 28 ᠤ᠋ ᠡᠳᠦᠷ᠂ ᠤᠯᠤᠰ᠎ᠤᠨ ᠮᠡᠳᠡᠭᠡ ᠵᠠᠩᠭᠢ᠎ᠶ᠋ᠢᠨ ᠲᠥᠪ ᠪᠣᠯᠤᠨ ᠠᠽᠢᠶ᠎ᠠ ᠲᠢᠪ᠎ᠦᠨ ᠳ᠋ᠠᠢᠲ᠋ᠠ ᠵᠢᠨ ᠪᠦᠯᠦᠭ᠌ᠯᠡᠯ᠎ᠦᠨ ᠬᠠᠮᠲᠤᠷᠠᠨ ᠡᠷᠭᠢᠯᠡᠭ᠌ᠰᠡᠨ 《2021 ᠠᠽᠢᠶ᠎ᠠ ᠲᠢᠪ ᠨᠣᠮᠣᠬᠠᠨ ᠲᠡᠯᠡᠶ᠎ᠶ᠋ᠢᠨ ᠣᠷᠣᠨ᠎ᠤ ᠤᠶᠤᠨᠲᠤ ᠬᠣᠲᠠ᠎ᠶ᠋ᠢᠨ ᠬᠥᠭ᠌ᠵᠢᠯᠲᠡ᠎ᠶ᠋ᠢᠨ ᠶᠠᠷᠢᠶᠠᠨ᠎ᠤ ᠲᠠᠪᠴᠠᠩ》᠎ᠡᠴᠡ ᠪᠠᠶᠠᠷ᠎ᠤᠨ ᠮᠡᠳᠡᠭᠡ ᠤᠯᠠᠮᠵᠢᠯᠠᠭᠲᠠᠪᠠ᠄ ᠬᠥᠬᠡᠬᠣᠲᠠ ᠱᠢᠨ᠎ᠡ ᠬᠡᠯᠪᠡᠷᠢ᠎ᠶ᠋ᠢᠨ ᠤᠶᠤᠨᠲᠤ ᠬᠣᠲᠠ᠎ᠶ᠋ᠢᠨ ᠪᠠᠢᠭᠤᠯᠤᠯᠲᠠ᠎ᠶ᠋ᠢᠨ ᠲᠠᠯ᠎ᠠ᠎ᠪᠠᠷ ᠬᠢ ᠡᠯᠪᠡᠭ ᠪᠠᠶᠠᠯᠢᠭ ᠦᠷ᠎ᠡ ᠪᠦᠲᠦᠭᠡᠯ᠎ᠢᠶᠡᠷ᠎ᠢᠶᠡᠨ 《2021 ᠣᠨ᠎ᠤ ᠳᠤᠮᠳᠠᠳᠤ ᠤᠯᠤᠰ᠎ᠤᠨ ᠳᠠᠭᠠᠭᠤᠯᠤᠭ᠍ᠴᠢ ᠤᠶᠤᠨᠲᠤ ᠬᠣᠲᠠ》᠎ᠶ᠋ᠢᠨ ᠱᠠᠩᠨᠠᠯ᠎ᠢ ᠭᠠᠷᠲᠠᠵᠠᠢ᠃ ᠡᠨᠡ ᠪᠣᠯ ᠬᠥᠬᠡᠬᠣᠲᠠ 《2021 ᠤᠨ᠎ᠤ ᠬᠣᠲᠠ᠎ᠶ᠋ᠢᠨ ᠲᠣᠭᠠᠴᠢᠯᠠᠯᠳᠠ ᠲᠡᠢᠰᠢ ᠬᠡᠯᠪᠡᠷᠢ ᠪᠠᠨ ᠬᠤᠪᠢᠷᠠᠭᠤᠯᠤᠭᠰᠠᠠ ᠵᠠᠭᠤᠨ ᠬᠦᠴᠦᠷᠬᠡᠭ᠎ᠦᠨ ᠨᠡᠷᠡᠰ᠎ᠤᠨ ᠵᠢᠬᠰᠠᠭᠠᠯᠳᠠ》 《2021 ᠤᠨ᠎ᠤ ᠬᠣᠲᠠ᠎ᠶ᠋ᠢᠨ ᠲᠣᠭᠠᠴᠢᠯᠠᠭ᠍ᠰᠠᠨ ᠵᠠᠰᠠᠯᠲᠠ᠎ᠶ᠋ᠢᠨ ᠵᠠᠭᠤᠨ ᠬᠦᠴᠦᠷᠬᠡᠭ᠎ᠦᠨ ᠨᠡᠷᠡᠰ᠎ᠤᠨ ᠵᠢᠬᠰᠠᠭᠠᠯᠳᠠ 》 ᠵᠢᠨ ᠬᠤᠤᠰ ᠨᠡᠷᠡᠰ᠎ᠦᠨ ᠵᠢᠭ᠍ᠰᠠᠭᠠᠯᠲᠠ᠎ᠶ᠋ᠢᠨ ᠵᠠᠭᠤᠨ ᠬᠦᠴᠦᠷᠬᠡᠭ ᠵᠢᠴᠢ ᠪᠥᠬᠥ᠌ ᠤᠯᠤᠰ᠎ᠤᠨ ᠠᠩᠬᠠᠳᠠᠭ᠍ᠴᠢ ᠪᠦᠯᠦᠭ 《ᠮᠢᠩᠭᠠᠨ ᠮᠧᠭ᠎ᠠ ᠵᠢᠨ ᠬᠣᠲᠠ》 ᠶ᠋ᠢᠨ ᠳᠠᠷᠠᠭ᠎ᠠ ᠣᠯᠤᠭ᠍ᠰᠠᠨ ᠤᠶᠤᠨᠲᠤ ᠬᠣᠲᠠ᠎ᠶ᠋ᠢᠨ ᠪᠠᠢᠭᠤᠯᠤᠯᠲᠠ᠎ᠶ᠋ᠢᠨ ᠪᠠᠰᠠ ᠨᠢᠭᠡᠨ ᠣᠨᠴᠠᠭᠠᠶ ᠢᠷᠠᠭᠤ ᠠᠯᠳᠠᠷ ᠶᠤᠮ᠃
ᠬᠤᠷᠠᠯ᠎ᠠᠴᠠ ᠡᠮᠦᠨᠡᠬᠢ 12 ᠰᠠᠷ᠎ᠠ᠎ᠶ᠋ᠢᠨ 21᠎ᠤ᠋ ᠡᠳᠦᠷ᠂ ᠬᠥᠬᠡᠬᠣᠲᠠ 《ᠬᠣᠲᠠ᠎ᠶ᠋ᠢᠨ ᠶᠡᠬᠡ ᠲᠠᠷᠢᠬᠢ》2.0 ᠢ᠋ ᠵᠢᠩᠬᠢᠨᠢ᠎ᠪᠡᠷ ᠨᠡᠢᠲᠡᠯᠡᠪᠡ᠃ ᠲᠣᠮᠣ ᠳ᠋ᠠᠢᠲ᠋ᠠ᠎ᠶ᠋ᠢᠨ ᠲᠠᠪᠴᠠᠩ᠂ ᠣᠶᠤᠨᠴᠢᠯᠠᠭ᠍ᠰᠠᠨ ᠠᠬᠤᠶ ᠪᠠᠢᠳᠠᠯ᠂ ᠬᠠᠮᠵᠢᠯᠴᠠᠨ ᠬᠣᠯᠪᠣᠭᠠᠯᠠᠨ ᠬᠥᠳᠡᠯᠦᠯᠴᠡᠬᠦ᠌ ᠭᠤᠷᠪᠠᠨ ᠲᠠᠯ᠎ᠠ᠎ᠪᠠᠷ ᠲᠠᠰ ᠳᠡᠪᠱᠢᠭᠦᠯᠵᠠᠢ᠃
ᠤᠳᠤ᠂ ᠬᠥᠬᠡᠬᠣᠲᠠ ᠪᠤᠭᠤᠲᠤ ᠤᠷᠳᠤᠰ ᠤᠯᠠᠭᠠᠠᠴᠠᠪ 4 ᠬᠤᠳᠠ ᠨᠢᠭᠡᠨᠲᠡ ᠲᠣᠭᠠᠴᠢᠯᠠᠭ᠍ᠰᠠᠨ ᠰᠠᠭᠤᠷᠢ ᠲᠥᠬᠥᠭᠡᠷᠦᠮᠵᠢ᠎ᠶ᠋ᠢᠨ ᠬᠣᠯᠪᠣᠯᠳᠤᠨ ᠨᠡᠪᠲᠡᠷᠡᠯᠴᠡᠬᠦ᠌ ᠰᠠᠭᠤᠷᠢ᠎ᠶ᠋ᠢ ᠴᠣᠭ᠍ᠴᠠᠯᠠᠪᠠ᠃ 2021 ᠣᠨ᠎ᠳᠤ ᠪᠥᠬᠥ᠌ ᠣᠷᠣᠨ᠎ᠳᠤ 5G ᠰᠠᠭᠤᠷᠢ ᠥᠷᠲᠡᠭᠡ᠎ᠶ᠋ᠢ 10133 ᠱᠢᠨ᠎ᠡ᠎ᠪᠡᠷ ᠪᠦᠲᠦᠬᠡᠨ ᠪᠠᠢᠭᠤᠯᠪᠠ᠂ ᠡᠭᠦᠨ᠎ᠳᠦ 4 ᠬᠣᠲᠠ᠎ᠳᠤ 5G ᠰᠠᠭᠤᠷᠢ ᠥᠷᠲᠡᠭᠡ᠎ᠶ᠋ᠢ 4090 ᠱᠢᠨ᠎ᠡ᠎ᠪᠡᠷ ᠪᠦᠲᠦᠬᠡᠨ ᠪᠠᠢᠭᠤᠯᠵᠤ᠂ 4 ᠬᠣᠲᠠ᠎ᠳᠤ 5G ᠰᠠᠭᠤᠷᠢ ᠥᠷᠲᠡᠭᠡ᠎ᠶ᠋ᠢ ᠨᠡᠢᠲᠡ 10033 ᠪᠦᠲᠦᠬᠡᠨ ᠪᠠᠢᠭᠤᠯᠵᠠᠢ᠃ 4 ᠬᠣᠲᠠ ᠳ᠋ᠠᠢᠲ᠋ᠠ᠎ᠶ᠋ᠢᠨ ᠲᠥᠪ᠎ᠦᠨ ᠪᠥᠲᠥᠭᠡᠨ ᠪᠠᠢᠭᠤᠯᠤᠯᠲᠠ᠎ᠶ᠋ᠢ ᠶᠡᠬᠡᠪᠡᠷ ᠠᠬᠢᠭᠤᠯᠵᠤ᠂ ᠣᠷᠣᠨ ᠪᠦᠰᠡ ᠠᠯᠤᠰᠯᠠᠭ᠍ᠰᠠᠨ ᠦᠶ᠋ᠯᠡᠴᠢᠯᠡᠭᠡᠨ᠎ᠦ ᠵᠠᠭ᠍ᠪᠤᠷ᠎ᠢ ᠢᠳᠡᠪᠬᠢᠲᠡᠶ ᠰᠦᠪᠡᠭ᠌ᠴᠢᠯᠡᠪᠡ᠃ 4 ᠬᠣᠲᠠ 《ᠬᠥᠬᠡᠬᠣᠲᠠ ᠪᠤᠭᠤᠲᠤ ᠣᠷᠳᠣᠰ ᠤᠯᠠᠭᠠᠨᠴᠠᠪ᠎ᠤᠨ ᠤᠶᠤᠨᠲᠤ ᠬᠣᠲᠠ᠎ᠶ᠋ᠢᠨ ᠪᠠᠢᠭᠤᠯᠤᠯᠲᠠ᠎ᠶ᠋ᠢ ᠨᠢᠭᠡ ᠴᠣᠭ᠍ᠴᠠᠵᠢᠭᠤᠯᠤᠭ᠍ᠰᠠᠨ ᠳ᠋ᠠᠢᠲ᠋ᠠ᠎ᠶ᠋ᠢᠨ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ ᠬᠠᠮᠢᠶᠠᠷᠤᠯᠲᠠ᠎ᠶ᠋ᠢᠨ ᠵᠥᠪᠯᠡᠯᠴᠡᠭᠡᠷ 》 ᠲᠣᠭ᠍ᠲᠠᠬᠤ᠎ᠪᠠᠷ ᠳᠠᠮᠵᠢᠭᠤᠯᠤᠨ᠂ ᠳ᠋ᠠᠢᠲ᠋ᠠ᠎ᠶ᠋ᠢ ᠬᠠᠮᠲᠤ᠎ᠪᠠᠷ ᠡᠳ᠋ᠯᠡᠬᠦ ᠠᠭᠤᠯᠭ᠎ᠠ᠂ ᠠᠷᠭ᠎ᠠ ᠮᠠᠶᠢᠭ ᠪᠠ ᠵᠣᠬᠢᠴᠠᠭᠤᠯᠬᠤ ᠲᠣᠭ᠍ᠲᠠᠴᠠ᠎ᠶ᠋ᠢ ᠤᠯᠠᠮ ᠨᠢᠭᠡ ᠠᠯᠬᠤᠮ ᠲᠣᠳᠣᠷᠬᠠᠢᠯᠠᠵᠠᠢ᠃ ᠬᠥᠬᠡᠬᠣᠲᠠ᠎ᠶ᠋ᠢᠨ 《ᠬᠣᠲᠠ᠎ᠶ᠋ᠢᠨ ᠶᠡᠬᠡ ᠲᠠᠷᠢᠬᠢ》 2.0 ᠬᠡᠪ᠎ᠨᠢ ᠰᠤᠷᠭᠠᠨ ᠬᠥᠮᠦᠵᠢᠯ ᠡᠮ ᠡᠮᠨᠡᠯᠭᠡ᠂ ᠣᠯᠠᠨ ᠨᠡᠢᠲᠡ᠎ᠶ᠋ᠢᠨ ᠶᠠᠪᠤᠵᠤ ᠰᠠᠭᠤᠬᠤ᠂ ᠣᠶᠤᠨᠴᠢ᠎ᠪᠠᠷ ᠬᠢᠵᠢᠭ᠎ᠲᠡᠶ ᠲᠡᠮᠡᠴᠡᠬᠦ᠌ ᠵᠡᠷᠭᠡ 15 ᠬᠡᠷᠡᠭ᠌ᠯᠡᠯᠳᠡ ᠵᠢᠨ ᠪᠠᠢᠳᠠᠯ᠎ᠢ ᠪᠦᠷᠢᠯᠳᠦᠭᠦᠯᠪᠡ᠃ ᠪᠤᠭᠤᠲᠤ᠎ᠶ᠋ᠢᠨ ᠤᠶᠤᠨᠲᠤ ᠬᠣᠲᠠ᠎ᠶ᠋ᠢᠨ ᠡᠵᠡᠩᠨᠡᠯᠲᠡ᠎ᠶ᠋ᠢᠨ ᠵᠢᠯᠣᠭᠣᠳᠭᠤ ᠲᠥᠪ᠎ᠢ ᠠᠱᠢᠭ᠍ᠯᠠᠯᠲᠠ᠎ᠳᠤ ᠣᠷᠣᠭᠤᠯᠵᠤ᠂ ᠤᠶᠤᠨᠲᠤ ᠬᠣᠲᠠ᠎ᠶ᠋ᠢᠨ ᠲᠣᠭ᠎ᠠ ᠪᠠᠷᠢᠮᠲᠠ᠎ᠶ᠋ᠢᠨ ᠰᠠᠭᠤᠷᠢ᠎ᠶ᠋ᠢ ᠠᠩᠬ᠎ᠠ ᠠᠯᠬᠤᠮ ᠴᠤᠬᠴᠠᠯᠠᠵᠠᠢ᠃ ᠣᠷᠳᠣᠰ ᠬᠣᠲᠠ ᠣᠶᠤᠨᠴᠢ ᠲᠥᠪ᠂ ᠣᠶᠤᠨᠴᠢ ᠬᠣᠯᠪᠣᠭ᠎ᠠ᠂ ᠣᠶᠤᠨᠴᠢ ᠬᠡᠷᠡᠭ᠌ᠯᠡᠯᠳᠡ ᠵᠢᠴᠢ ᠬᠣᠲᠠ᠎ᠶ᠋ᠢᠨ ᠡᠵᠡᠩᠨᠡᠯᠲᠡ᠎ᠶ᠋ᠢᠨ ᠵᠢᠯᠣᠭᠣᠳᠭᠤ ᠲᠥᠪ᠎ᠢ ᠲᠦᠷᠭᠡᠳᠭᠡᠨ ᠪᠦᠲᠦᠬᠡᠨ ᠪᠠᠢᠭᠤᠯᠬᠤ᠎ᠪᠠᠷ ᠪᠣᠶ᠃ ᠤᠯᠠᠭᠠᠨᠴᠠᠪ ᠬᠣᠲᠠ ᠶᠠᠭ ᠱᠢᠨ᠎ᠡ ᠬᠡᠯᠪᠡᠷᠢ᠎ᠶ᠋ᠢᠨ ᠤᠶᠤᠨᠲᠤ ᠬᠣᠲᠠ᠎ᠶ᠋ᠢᠨ ᠪᠠᠢᠭᠤᠯᠤᠯᠲᠠ᠎ᠶ᠋ᠢᠨ ᠠᠵᠢᠯ᠎ᠢ ᠥᠷᠨᠢᠭᠦᠯᠵᠦ᠍᠂ ᠭᠤᠤᠯᠳᠠᠭᠤ ᠬᠣᠲᠠ᠎ᠶ᠋ᠢᠨ ᠡᠵᠡᠩᠨᠡᠯᠲᠡ ᠬᠠᠮᠢᠶᠠᠷᠤᠯᠲᠠ᠎ᠶ᠋ᠢᠨ ᠲᠥᠪ᠂ ᠤᠶᠤᠨᠲᠤ ᠬᠡᠷᠡᠭ᠌ᠯᠡᠭᠡ᠂ ᠬᠣᠲᠠ᠎ᠶ᠋ᠢᠨ ᠲᠣᠭᠠᠴᠢᠯᠠᠭ᠍ᠰᠠᠨ ᠲᠠᠪᠴᠠᠩ᠎ᠢ ᠪᠥᠲᠥᠭᠡᠨ ᠪᠠᠢᠭᠤᠯᠵᠤ ᠪᠠᠢᠨ᠎ᠠ᠃
《ᠨᠢᠭᠡ ᠳᠠᠷᠤᠪᠴᠢ᠎ᠪᠠᠷ ᠱᠢᠭᠤᠳ ᠬᠦᠢᠴᠡᠳᠬᠡᠵᠥ》᠂ ᠤᠴᠢᠷ ᠶᠠᠪᠤᠳᠠᠯ ᠪᠦᠲᠦᠭᠡᠬᠦ᠌᠎ᠳᠦ ᠵᠣᠪᠠᠬᠤ ᠦᠭᠡᠢ ᠪᠤᠯᠤᠯ᠎ᠠ᠃ ᠤᠶᠤᠨᠲᠤ ᠬᠣᠲᠠ᠎ᠶ᠋ᠢᠨ ᠪᠠᠢᠭᠤᠯᠤᠯᠲᠠ᠎ᠶ᠋ᠢ ᠨᠢᠭᠡ ᠴᠣᠭ᠍ᠴᠠᠵᠢᠭᠤᠯᠬᠤ᠎ᠨᠢ ᠣᠯᠠᠨ ᠲᠦᠮᠡᠨ᠎ᠦ ᠠᠵᠢᠯ ᠶᠠᠪᠤᠳᠠᠯ ᠭᠦᠶ᠋ᠴᠡᠳᠭᠡᠬᠦ᠌᠎ᠳᠦ ᠦᠨᠡᠨ ᠬᠦ᠌ ᠲᠥᠬᠥᠮ ᠦᠵᠡᠭᠦᠯᠵᠡᠢ᠄ ᠬᠥᠬᠡᠬᠣᠲᠠ ᠪᠤᠭᠤᠲᠤ ᠣᠷᠳᠣᠰ ᠤᠯᠠᠭᠠᠨᠴᠠᠪ᠎ᠤᠨ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡ᠎ᠶ᠋ᠢᠨ《ᠬᠠᠷᠢᠯᠴᠠᠨ ᠭᠦᠶ᠋ᠴᠡᠳᠭᠡᠵᠦ᠍ ᠬᠠᠷᠢᠯᠴᠠᠨ ᠮᠡᠳᠡᠷᠡᠬᠦ᠌》 ᠵᠦᠶ᠋ᠯᠡᠰ᠎ᠦᠨ ᠬᠡᠪᠴᠢᠶ᠎ᠡ᠎ᠶ᠋ᠢ ᠤᠯᠠᠮ ᠨᠢᠭᠡ ᠠᠯᠬᠤᠮ ᠥᠷᠭᠡᠳᠭᠡᠨ᠎ᠡ; ᠥᠯᠥ᠍ ᠬᠥᠳᠡᠯᠬᠦ᠌ ᠬᠥᠷᠥᠩᠭᠡ᠎ᠶ᠋ᠢᠨ ᠳᠡᠩᠰᠡᠯᠡᠯᠲᠡ᠎ᠶ᠋ᠢᠨ《ᠳᠥᠷᠪᠡᠨ ᠬᠣᠲᠠ᠎ᠳ᠋ᠤ ᠪᠦᠬᠦᠨ ᠢ᠋ ᠭᠦᠶ᠋ᠴᠡᠳᠭᠡᠬᠦ᠌》ᠲᠤᠬᠠᠢᠯᠠᠭ᠍ᠰᠠᠨ ᠠᠵᠢᠯ᠎ᠢ ᠰᠦᠯᠵᠢᠶᠡᠨ ᠳᠡᠭᠡᠷ᠎ᠡ ᠪᠠ ᠪᠤᠳᠠᠳᠤ ᠴᠤᠬᠴᠠ ᠲᠡᠬᠡᠷ᠎ᠠ ᠭᠦᠶ᠋ᠴᠡᠳᠭᠡᠵᠦ ᠲᠡᠢᠯᠬᠦ᠌ᠪᠤᠯᠪᠠ; 《ᠳᠣᠲᠣᠨᠠᠬᠢ ᠰᠦᠯᠵᠢᠶ᠎ᠡ᠎ᠵᠢ ᠭᠠᠳᠠᠭ᠍ᠰᠢ ᠨᠡᠭᠦᠯᠭᠡᠬᠦ᠌》 ᠠᠵᠢᠯ᠎ᠢ ᠪᠦᠬᠦᠨ᠎ᠢ ᠪᠡᠶᠡᠯᠡᠭᠦᠯᠪᠡ; ᠬᠥᠬᠡᠬᠣᠲᠠ ᠪᠤᠭᠤᠲᠤ ᠣᠷᠳᠣᠰ ᠤᠯᠠᠭᠠᠨᠴᠠᠪ ᠤ᠋ᠨ ᠤᠨᠳᠤᠤ ᠭᠠᠵᠠᠷ᠎ᠤᠨ ᠡᠭᠦᠳᠡᠨ ᠡᠮᠨᠡᠯᠭᠡ᠎ᠶ᠋ᠢᠨ ᠤᠵᠢᠭ ᠡᠪᠡᠳᠴᠢᠨ᠎ᠦ ᠵᠠᠷᠤᠳᠠᠯ᠎ᠢ ᠱᠢᠭᠤᠳ ᠲᠡᠰᠦᠯᠦᠨ ᠪᠤᠳᠤᠬᠤ᠎ᠶ᠋ᠢ ᠠᠩᠬ᠎ᠠ ᠠᠯᠬᠤᠮ ᠪᠡᠶᠡᠯᠡᠭᠦᠯᠵᠦ᠍᠂ 4 ᠬᠣᠲᠠ᠎ᠶ᠋ᠢᠨ ᠳᠠᠭᠠᠳᠭᠠᠯ᠎ᠳᠤ ᠣᠷᠣᠯᠴᠠᠭ᠍ᠰᠠᠳ ᠡᠮᠨᠡᠯᠭᠡ᠎ᠶ᠋ᠢᠨ ᠳᠠᠭᠠᠳᠭᠠᠯ᠎ᠤᠨ ᠡᠯᠧᠺᠲ᠋ᠷᠣᠨ ᠭᠡᠷᠡᠴᠢ ᠪᠠᠷᠢᠮᠲᠠ᠎ᠪᠠᠷ ᠳᠡᠮᠵᠢᠨ ᠺᠣᠳ᠋ ᠱᠢᠷᠪᠢᠵᠦ᠍ ᠡᠪᠡᠳᠴᠢᠨ ᠦᠵᠡᠭᠦᠯᠬᠦ᠌᠂ ᠺᠣᠳ᠋ ᠱᠢᠷᠪᠢᠵᠦ᠍ ᠡᠮ ᠬᠤᠳᠠᠯᠳᠤᠨ ᠠᠪᠬᠤ᠎ᠶ᠋ᠢ ᠪᠡᠶᠡᠯᠡᠭᠦᠯᠵᠦ᠍᠂ 4 ᠬᠣᠲᠠ᠎ᠶ᠋ᠢᠨ ᠬᠣᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠬᠦᠨᠳᠦ ᠡᠪᠡᠳᠴᠢᠨ᠎ᠦ ᠳᠠᠭᠠᠳᠭᠠᠯ᠎ᠤᠨ ᠪᠠᠯᠠ ᠮᠦᠩᠬᠦ ᠴᠤᠭ᠍ᠯᠠᠭᠤᠯᠬᠤ᠂ ᠲᠥᠷᠥ᠎ᠶ᠋ᠢᠨ ᠪᠣᠳᠣᠯᠭ᠎ᠠ᠎ᠶ᠋ᠢᠨ ᠪᠠᠷᠢᠮᠵᠢᠶ᠎ᠠ᠎ᠶ᠋ᠢ ᠨᠢᠭᠡᠳᠦᠯᠲᠡᠶ ᠪᠣᠯᠭᠠᠪᠠ; ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ《ᠨᠢᠭᠡ ᠰᠦᠯᠵᠢᠶᠡᠳ᠋ᠦ ᠪᠦᠬᠦᠨ᠎ᠢ ᠭᠦᠶ᠋ᠴᠡᠳᠭᠡᠬᠦ᠌》 ᠲᠠᠪᠴᠠᠩ᠎ᠢ ᠤᠯᠠᠮ ᠨᠢᠭᠡ ᠠᠯᠬᠤᠮ ᠱᠢᠯᠢᠳᠡᠭ᠌ᠵᠢᠭᠦᠯᠦᠨ ᠲᠠᠰ ᠳᠡᠪᠱᠢᠭᠦᠯᠵᠦ᠍᠂ ᠨᠥᠬᠥᠴᠡᠯ᠎ᠳᠦ ᠨᠡᠢᠴᠡᠬᠦ᠌ ᠳᠠᠭᠠᠳᠭᠠᠯ᠎ᠳᠤ ᠣᠷᠣᠯᠴᠠᠭ᠍ᠰᠠᠳ ᠥᠪᠡᠷᠲᠡᠭᠡᠨ ᠵᠠᠰᠠᠬᠤ ᠣᠷᠣᠨ᠎ᠤ ᠬᠡᠪᠴᠢᠶᠡᠨ᠎ᠳᠦ ᠱᠢᠯᠵᠢᠬᠦ᠌ ᠦᠶᠡᠰ᠂ ᠠᠵᠢᠯ ᠠᠯᠳᠠᠯᠲᠠ᠎ᠶ᠋ᠢᠨ ᠳᠠᠭᠠᠳᠭᠠᠯ᠎ᠤᠨ ᠬᠠᠷᠢᠴᠠᠭ᠎ᠠ᠎ᠶ᠋ᠢ ᠱᠢᠯᠵᠢᠭᠦᠯᠦᠨ ᠵᠠᠯᠭᠠᠭᠤᠯᠵᠤ᠂ ᠲᠦᠷᠢᠮ᠎ᠦᠨ ᠳᠣᠲᠣᠷᠠᠬᠢ ᠨᠠᠰᠤᠵᠢᠯ᠎ᠤᠨ ᠳᠠᠭᠠᠳᠭᠠᠯ᠎ᠤᠨ ᠬᠠᠷᠢᠴᠠᠭ᠎ᠠ᠎ᠶ᠋ᠢ ᠱᠢᠯᠵᠢᠭᠦᠯᠬᠦ᠌᠎ᠶ᠋ᠢ ᠰᠦᠯᠵᠢᠶᠡᠨ ᠳᠡᠭᠡᠷ᠎ᠡ ᠭᠦᠶ᠋ᠴᠡᠳᠭᠡᠬᠦ᠌᠎ᠶ᠋ᠢ ᠪᠡᠶᠡᠯᠡᠭᠦᠯᠦᠨ᠎ᠡ; ᠬᠥᠬᠡᠬᠣᠲᠠ ᠪᠤᠭᠤᠲᠤ ᠣᠷᠳᠣᠰ ᠣᠯᠠᠨ ᠨᠡᠢᠲᠡ᠎ᠶ᠋ᠢᠨ ᠵᠠᠮ ᠬᠠᠷᠢᠯᠴᠠᠭᠠᠨ᠎ᠤ 《ᠪᠦᠷᠢᠨ ᠴᠢᠳᠠᠮᠵᠢᠳᠤ ᠺᠠᠷᠲ》 ᠢ᠋ ᠬᠠᠷᠢᠯᠴᠠᠨ ᠨᠡᠪᠳᠡᠷᠡᠬᠦᠯᠵᠦ᠂ ᠤᠳᠤ ᠶᠠᠭ ᠤᠯᠠᠭᠠᠨᠴᠠᠪ ᠬᠣᠲᠠ᠎ᠯᠤᠭ᠎ᠠ ᠬᠠᠷᠢᠯᠴᠠᠨ ᠬᠣᠯᠪᠣᠭᠠᠯᠠᠵᠤ ᠬᠠᠷᠢᠯᠴᠠᠨ ᠨᠡᠪᠲᠡᠷᠡᠯᠴᠡᠬᠦ᠌᠎ᠶ᠋ᠢ ᠠᠬᠢᠭᠤᠯᠵᠤ ᠪᠣᠶ ᠁ 2021 ᠣᠨ᠎ᠳᠤ ᠬᠥᠬᠡᠬᠣᠲᠠ ᠪᠤᠭᠤᠲᠤ ᠣᠷᠳᠣᠰ ᠤᠯᠠᠭᠠᠨᠴᠠᠪ᠎ᠤᠨ ᠵᠠᠰᠠᠭ᠎ᠤᠨ ᠶᠠᠪᠤᠳᠠᠯ᠎ᠤᠨ 161 ᠵᠦᠶ᠋ᠯ᠎ᠦᠨ ᠦᠶ᠋ᠯᠡᠴᠢᠯᠡᠭᠡᠨ᠎ᠦ ᠵᠦᠶ᠋ᠯᠡᠰ᠎ᠢ《ᠳᠥᠷᠪᠡᠨ ᠬᠣᠲᠠ᠎ᠳᠤ ᠪᠦᠬᠦᠨ ᠢ᠋ ᠭᠦᠶ᠋ᠴᠡᠳᠭᠡᠬᠦ᠌》 ᠶ᠋ᠢ ᠪᠡᠶᠡᠯᠡᠭᠦᠯᠪᠡ᠃
ᠡᠨᠡ ᠵᠢᠯ᠂ ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ ᠬᠦᠴᠦ᠍᠎ᠪᠡᠨ ᠲᠥᠪᠯᠡᠷᠡᠭᠦᠯᠦᠨ᠂ ᠣᠶᠤᠨᠳᠤ ᠬᠣᠲᠠ᠎ᠶ᠋ᠢᠨ ᠪᠠᠢᠭᠤᠯᠤᠯᠲᠠ᠎ᠶ᠋ᠢ ᠨᠢᠭᠡ ᠴᠣᠭ᠍ᠴᠠᠵᠢᠭᠤᠯᠬᠤ ᠠᠵᠢᠯ᠎ᠤᠨ ᠲᠣᠭ᠍ᠲᠠᠴᠠ᠎ᠶ᠋ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠍᠂ ᠬᠥᠬᠡᠬᠣᠲᠠ ᠪᠤᠭᠤᠲᠤ ᠣᠷᠳᠣᠰ ᠤᠯᠠᠭᠠᠨᠴᠠᠪ 4 ᠬᠣᠲᠠ᠎ᠳᠤ ᠣᠶᠤᠨᠳᠤ ᠬᠣᠲᠠ᠎ᠶ᠋ᠢᠨ ᠪᠠᠢᠭᠤᠯᠤᠯᠲᠠ᠎ᠶ᠋ᠢ ᠨᠢᠭᠡ ᠴᠣᠭ᠍ᠴᠠᠵᠢᠭᠤᠯᠬᠤ ᠬᠡᠷᠡᠭ ᠡᠷᠬᠢᠯᠡᠭ᠌ᠴᠢᠳ᠎ᠦᠨ ᠬᠤᠷᠠᠯ ᠪᠠ ᠭᠦᠶ᠋ᠴᠡᠳᠭᠡᠬᠦ᠌ ᠵᠥᠪᠯᠡᠯ ᠪᠠᠢᠭᠤᠯᠬᠤ᠎ᠶ᠋ᠢ ᠠᠬᠢᠭᠤᠯᠵᠤ᠂ ᠨᠢᠭᠡ ᠴᠣᠭ᠍ᠴᠠᠵᠢᠭᠰᠠᠨ ᠪᠠᠢᠭᠤᠯᠤᠯᠲᠠ᠎ᠶ᠋ᠢ ᠵᠣᠬᠢᠴᠠᠭᠤᠯᠬᠤ ᠱᠢᠶ᠋ᠳᠪᠦᠷᠢᠲᠦ ᠪᠣᠳᠣᠯᠭ᠎ᠠ ᠲᠣᠭ᠍ᠲᠠᠭᠠᠬᠤ ᠲᠣᠭ᠍ᠲᠠᠴᠠ᠎ᠶ᠋ᠢ ᠪᠠᠢᠭᠤᠯᠤᠨ ᠪᠦᠷᠢᠨᠱᠢᠭᠦᠯᠵᠦ᠍᠂ 4 ᠬᠣᠲᠠ᠎ᠳᠤ ᠣᠶᠤᠨᠳᠤ ᠬᠣᠲᠠ᠎ᠶ᠋ᠢᠨ ᠪᠠᠢᠭᠤᠯᠤᠯᠲᠠ᠎ᠶ᠋ᠢ ᠨᠢᠭᠡ ᠴᠣᠭ᠍ᠴᠠᠵᠢᠭᠤᠯᠬᠤ ᠬᠥᠭ᠌ᠵᠢᠯᠲᠡ᠎ᠶ᠋ᠢᠨ ᠲᠤᠰᠭᠠᠶ ᠪᠠᠯᠠ ᠮᠥᠩᠭᠥ᠌ ᠴᠤᠭ᠍ᠯᠠᠭᠤᠯᠬᠤ᠎ᠶ᠋ᠢ ᠠᠬᠢᠭᠤᠯᠵᠤ᠂ 4 ᠬᠣᠲᠠ᠎ᠳᠤ ᠣᠶᠤᠨᠳᠤ ᠬᠣᠲᠠ᠎ᠶ᠋ᠢᠨ ᠪᠠᠢᠭᠤᠯᠤᠯᠲᠠ᠎ᠶ᠋ᠢ ᠨᠢᠭᠡ ᠴᠣᠭ᠍ᠴᠠᠵᠢᠭᠤᠯᠬᠤ ᠰᠠᠭᠤᠷᠢ ᠮᠥᠩᠭᠥ᠌ ᠪᠠᠢᠭᠤᠯᠬᠤ᠎ᠶ᠋ᠢ ᠲᠥᠯᠥᠪᠵᠢᠭᠦᠯᠦᠨ ᠠᠬᠢᠭᠤᠯᠵᠤ᠂ ᠲᠥᠷᠥᠯ ᠵᠦᠶ᠋ᠯ᠎ᠦᠨ ᠨᠠᠢᠳᠠᠪᠤᠷᠢᠵᠢᠭᠤᠯᠤᠯᠲᠠ᠎ᠶ᠋ᠢ ᠲᠦᠷᠭᠡᠳᠭᠡᠨ ᠠᠬᠢᠭᠤᠯᠵᠤ᠂ ᠠᠬᠤᠶ ᠲᠠᠯᠠᠪᠠᠶ᠎ᠶ᠋ᠢᠨ ᠬᠡᠷᠡᠭ᠌ᠯᠡᠯᠲᠡ᠎ᠶ᠋ᠢ ᠴᠢᠩᠭᠠᠳᠭᠠᠵᠤ᠂ ᠬᠥᠬᠡᠬᠣᠲᠠ ᠪᠤᠭᠤᠲᠤ ᠣᠷᠳᠣᠰ ᠤᠯᠠᠭᠠᠨᠴᠠᠪ ᠤ᠋ᠨ ᠣᠷᠣᠨ ᠪᠦᠰᠡ᠎ᠶ᠋ᠢᠨ ᠥᠷᠭᠡᠨ ᠣᠯᠠᠨ ᠬᠣᠲᠠ᠎ᠶ᠋ᠢᠨ ᠠᠷᠠᠳ᠎ᠤᠨ ᠬᠦᠷᠲᠡᠮᠵᠢ᠎ᠶ᠋ᠢᠨ ᠲᠥᠷᠥᠭ᠌ᠳᠡᠯ᠂ ᠵᠢᠷᠭᠠᠯᠲᠤ ᠲᠥᠷᠥᠭ᠌ᠳᠡᠯ᠂ ᠠᠮᠤᠷ ᠲᠦᠪᠱᠢᠨ᠎ᠦ ᠲᠥᠷᠥᠭ᠌ᠳᠡᠯ᠎ᠢ ᠦᠨᠡᠨ ᠬᠦ᠌ ᠨᠡᠮᠡᠭ᠌ᠳᠡᠭᠦᠯᠵᠡᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠹᠦ᠋ ᠭᠸᠨ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃