2022-02-22 10:21:22
2 ᠰᠠᠷ᠎ᠠ᠎ᠶ᠋ᠢᠨ 10 ᠤ᠋ ᠡᠳᠦᠷ᠂ ᠰᠤᠷᠪᠤᠯᠵᠢᠯᠠᠭ᠍ᠴᠢ ᠠᠵᠤ ᠠᠬᠤᠢᠯᠠᠯ᠎ᠳᠤ ᠡᠷᠬᠢᠨ ᠰᠤᠷᠪᠤᠯᠵᠢᠯᠠᠭ᠎ᠠ ᠬᠢᠬᠦ ᠪᠡᠷ ᠪᠠᠢᠭ᠎ᠠ ᠤᠯᠠᠭᠠᠨᠴᠠᠪ ᠬᠣᠲᠠ᠎ᠶ᠋ᠢᠨ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠣᠪᠴᠢᠶᠠᠨ᠎ᠤ ᠳᠡᠳ᠋ ᠳᠠᠷᠤᠭ᠎ᠠ ᠯᠢ ᠷᠦᠢ ᠴᠢᠩ᠎ᠲᠡᠶ ᠬᠠᠮᠲᠤ ᠥᠪᠥᠷ ᠮᠣᠩᠭᠣᠯ᠎ᠤᠨ ᠤᠯᠠᠭᠠᠨᠴᠠᠪ᠎ᠤᠨ ᠴᠠᠬᠠᠷ ᠳᠡᠭᠡᠳᠦ ᠱᠢᠨ᠎ᠡ ᠮᠡᠷᠭᠡᠵᠢᠯ᠎ᠦᠨ ᠨᠡᠭᠡᠭᠡᠯᠲᠡ᠎ᠶ᠋ᠢᠨ ᠲᠣᠭᠣᠷᠢᠭ᠎ᠤᠨ ᠶᠤᠸᠠᠨ ᠵᠢᠩ ᠤᠮᠠᠷᠠᠲᠤ᠎ᠶ᠋ᠢᠨ ᠤᠯᠠᠭᠠᠨᠴᠠᠪ᠎ᠤᠨ ᠬᠢᠵᠠᠭᠠᠷᠲᠤ ᠺᠣᠮᠫᠠᠨᠢ᠎ᠳᠤ ᠬᠦᠷᠬᠦ ᠳ᠋ᠤ᠂ ᠰᠠᠶᠢᠬᠠᠨ ᠪᠠᠢᠭᠤᠯᠤᠭ᠍ᠳᠠᠭ᠍ᠰᠠᠨ ᠦᠶ᠋ᠯᠡᠳᠪᠦᠷᠢ᠎ᠶ᠋ᠢᠨ ᠲᠠᠰᠤᠭ᠎ᠲᠤ 100 ᠭᠠᠷᠤᠶ ᠠᠵᠢᠯᠲᠠᠨ ᠲᠥᠬᠥᠭᠡᠷᠦᠮᠵᠢ᠎ᠪᠡᠨ ᠲᠤᠷᠱᠢᠨ ᠲᠣᠬᠢᠷᠠᠭᠤᠯᠵᠤ᠂ ᠬᠥᠷ ᠬᠥᠭ᠌ᠵᠢᠶᠡᠨᠲᠡᠶ ᠶᠠᠭᠠᠷᠠᠯᠳᠤᠵᠤ ᠪᠠᠢᠯ᠎ᠠ᠃
ᠲᠤᠰ ᠺᠣᠮᠫᠠᠨᠢ ᠨᠢᠳᠤᠨᠤᠠ᠎ᠤ 3 ᠰᠠᠷ᠎ᠠ᠎ᠳᠤ ᠤᠯᠠᠭᠠᠨᠴᠠᠪ᠎ᠲᠤ ᠨᠤᠲᠤᠭᠰᠢᠵᠤ᠂ 212 ᠮᠦ᠍ ᠭᠠᠵᠠᠷ ᠡᠵᠡᠯᠡᠵᠦ᠍ ᠂ ᠨᠢᠭᠡᠳᠦᠭᠡᠷ ᠬᠤᠭᠤᠴᠠᠭᠠᠨ᠎ᠳᠤ 60 ᠳ᠋ᠦᠩᠱᠢᠭᠤᠷ ᠲᠥᠭᠥᠷᠢᠭ᠎ᠦᠨ ᠪᠡᠯᠡ ᠣᠷᠣᠭᠤᠯᠬᠤ᠎ᠪᠠᠷ ᠲᠥᠯᠥᠪᠯᠡᠵᠦ᠍᠂ ᠵᠢᠯ᠎ᠳᠦ 2000 ᠢᠵᠢ ᠨᠡᠭᠦᠷᠡᠰᠦᠲᠥ᠋ᠷᠥᠭ᠌ᠴᠢ᠎ᠶ᠋ᠢᠨ ᠱᠢᠷᠬᠡᠭ᠌ᠯᠢᠭ᠎ᠦᠨ ᠰᠠᠯᠬᠢᠨ ᠬᠦᠴᠦᠨ᠎ᠢᠶᠡᠷ ᠴᠠᠬᠢᠯᠭᠠᠨ᠎ᠭᠠᠷᠭᠠᠬᠤ ᠢᠯᠳᠡᠰᠤ ᠦᠢᠯᠡᠳᠪᠦᠷᠢᠯᠡᠬᠦ᠌ ᠦᠢᠯᠡᠳᠪᠦᠷᠢᠯᠡᠯ᠎ᠦᠨ ᠱᠤᠭᠤᠮ ᠪᠠᠢᠭᠤᠯᠵᠤ᠂ ᠣᠳᠣ 4 ᠲᠦᠮᠡᠨ ᠲᠡᠭ᠌ᠰᠢ ᠳᠥᠷᠪᠡᠯᠵᠢᠨ ᠮᠸᠲᠷ᠎ᠤᠨ ᠦᠢᠯᠡᠳᠪᠦᠷᠢᠯᠡᠯ᠎ᠦᠨ ᠲᠠᠰᠤᠭ᠎ᠨᠢ ᠠᠱᠢᠭ᠍ᠯᠠᠯᠲᠠ᠎ᠳᠤ ᠣᠷᠣᠭᠠᠳ ᠪᠠᠢᠨ᠎ᠠ᠃
ᠲᠤᠰ ᠺᠤᠮᠫᠠᠨᠢ ᠵᠢᠨ ᠨᠡᠭᠡᠭᠡᠨ ᠬᠥᠭ᠌ᠵᠢᠭᠦᠯᠵᠦ᠍ ᠪᠦᠳᠦᠭᠡᠨ ᠪᠠᠢᠭᠤᠯᠬᠤ᠎ᠶ᠋ᠢ ᠬᠠᠷᠢᠭᠤᠴᠠᠵᠤ ᠪᠠᠢᠭ᠎ᠠ ᠬᠠᠷᠢᠭᠤᠴᠠᠯᠭᠠᠲᠠᠨ ᠵᠠᠩ ᠯᠢ ᠮᠢᠨ᠄《ᠲᠠ᠎ᠨᠠᠷ ᠶᠡᠬᠡ ᠲᠤᠰᠠ ᠪᠣᠯᠤᠭᠰᠠᠠ᠂ ᠪᠢᠳᠡᠨ᠎ᠳᠦ 3 ᠰᠠᠷ᠎ᠠ᠎ᠶ᠋ᠢᠨ ᠴᠠᠭ ᠠᠷᠪᠢᠯᠠᠵᠤ ᠥᠭ᠌ᠴᠡᠢ᠂ ᠤᠳᠤ 6 ᠦᠢᠯᠡᠳᠪᠦᠷᠢᠯᠡᠯ᠎ᠦᠨ ᠱᠤᠭᠤᠮ᠎ᠢ ᠶᠠᠭ ᠲᠤᠬᠢᠷᠠᠭᠤᠯᠤᠨ ᠲᠤᠷᠰᠢᠨ ᠬᠡᠷᠡᠭ᠌ᠯᠡᠵᠦ᠍ ᠪᠤᠢ᠂ 3 ᠰᠠᠷ᠎ᠠ᠎ᠶ᠋ᠢᠨ ᠡᠬᠢ᠎ᠪᠡᠷ ᠲᠤᠷᠱᠢᠨ ᠦᠢᠯᠡᠳᠪᠦᠷᠢᠯᠡᠵᠦ᠍ ᠲᠠᠢᠯᠤᠨ᠎ᠠ᠃ ᠨᠡᠢᠭᠡᠮ᠎ᠦᠨ ᠠᠶᠤᠯ ᠲᠦᠭ᠌ᠰᠢᠭᠦᠷᠢ᠎ᠶ᠋ᠢᠨ ᠲᠣᠭ᠍ᠲᠠᠪᠤᠷᠢᠲᠤ ᠴᠢᠨᠠᠷ᠎ᠤᠨ ᠦᠨᠡᠯᠡᠯᠲᠡ᠎ᠶ᠋ᠢᠨ ᠮᠡᠳᠡᠭᠦᠯᠦᠯᠲᠡ᠎ᠶ᠋ᠢ ᠵᠢᠯ᠎ᠦᠨ ᠡᠮᠦᠨ᠎ᠡ ᠳᠡᠭᠡᠭ᠌ᠰᠢ ᠮᠡᠳᠡᠭᠦᠯᠦᠭ᠌ᠰᠡᠨ ᠂ ᠬᠢᠨᠠᠨ ᠵᠥᠪᠱᠢᠶᠡᠷᠡᠭᠦᠶ᠋ᠢ ᠯᠡ ᠬᠦᠯᠢᠶᠡᠵᠦ᠍ ᠪᠠᠢᠨ᠎ᠠ ᠂ ᠱᠠᠯᠠᠪᠳᠠᠭᠤᠯᠵᠥ ᠥᠭ᠌ᠭᠦᠨ᠎ᠡ ᠦᠦ?︾ᠬᠡᠵᠤ ᠮᠠᠰᠢ ᠪᠠᠶᠠᠷᠲᠠᠢ ᠪᠡᠷ ᠯᠢ ᠷᠦᠢ ᠴᠢᠡᠭ ᠳ᠋ᠤ ᠶᠠᠷᠢᠬᠤ ᠳ᠋ᠤ᠂ ᠯᠢ ᠷᠦᠢ ᠴᠢᠩ ᠄ 《 ᠪᠢᠳᠡ ᠳᠠᠷᠤᠢᠬᠠᠨ ᠬᠠᠷᠢᠯᠴᠠᠵᠤ ᠵᠣᠬᠢᠴᠠᠭᠤᠯᠤᠭᠠᠳ ᠠᠯᠢ ᠲᠦᠷᠭᠡᠨ᠎ᠢᠶᠡᠷ ᠱᠢᠢᠳᠪᠦᠷᠢᠯᠡᠬᠦ᠌᠎ᠪᠡᠷ ᠴᠢᠷᠮᠠᠢᠨ᠎ᠠ!ᠰᠡᠭᠦᠯᠴᠢ᠎ᠶ᠋ᠢᠨ ᠬᠤᠭᠤᠴᠠᠭᠠᠨ᠎ᠤ ᠦᠶ᠋ᠯᠡᠳᠪᠦᠷᠢᠯᠡᠯ ᠡᠵᠡᠩᠨᠡᠯᠲᠡ᠎ᠶ᠋ᠢᠨ ᠶᠠᠪᠤᠴᠠ ᠳ᠋ᠤ ᠬᠦᠴᠢᠷᠳᠡᠯ ᠲᠤᠯᠭᠠᠷᠠᠪᠠᠯ ᠴᠠᠭ ᠲᠤᠬᠠᠶ᠎ᠳᠤᠨᠢ ᠪᠢᠳᠡᠨ᠎ᠢ ᠡᠷᠢᠬᠡᠷᠡᠢ!》 ᠬᠡᠵᠤ ᠬᠠᠷᠢᠭᠤ ᠦᠭᠬᠦᠨ᠎ᠠ ᠃
ᠡᠨᠡ ᠨᠢ ᠵᠦᠪᠬᠡᠨ ᠤᠯᠠᠭᠠᠨᠴᠠᠪ ᠬᠤᠳᠠ᠎ᠶ᠋ᠢᠨ ᠰᠢᠨ᠎ᠠ ᠠᠷᠭ᠎ᠠ ᠠᠪᠴᠠᠯ ᠠᠪᠴᠤ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠱᠢᠯᠢᠳᠡᠭ᠌ᠵᠢᠭᠦᠯᠵᠦ᠍ ᠠᠵᠤ ᠠᠬᠤᠢᠯᠠᠯ᠎ᠳᠤ ᠳᠣᠲᠣᠨᠣ ᠦᠢᠯᠡᠴᠢᠯᠡᠵᠤ ᠪᠠᠢᠭ᠎ᠠ ᠵᠢᠨ ᠬᠤᠷᠢᠶᠠᠩᠭᠤᠢ ᠳᠦᠷᠰᠦ ᠪᠣᠯᠤᠨ᠎ᠠ᠃
ᠣᠢᠷ᠎ᠠ᠎ᠶ᠋ᠢᠨ ᠵᠢᠯ ᠳ᠋ᠦ ᠂ ᠤᠯᠠᠭᠠᠨᠴᠠᠪ ᠬᠣᠲᠠ ᠶᠡᠷᠦᠩᠬᠡᠶ ᠱᠦᠵᠢ ᠰᠢ ᠵᠢᠨ ᠫᠢᠩ᠎ᠦᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠲᠤᠬᠠᠶ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠂ ᠪᠥᠬᠥ᠌ ᠣᠷᠣᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠵᠤ ᠂ ᠪᠥᠬᠥ᠌ ᠬᠣᠲᠠ᠎ᠶ᠋ᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠤᠳᠤᠷᠢᠳᠭᠤ ᠳᠤᠭᠤᠢᠯᠠᠩ ᠪᠠᠢᠭᠤᠯᠵᠤ᠂《ᠤᠯᠠᠭᠠᠨᠴᠠᠪ ᠬᠣᠲᠠ᠎ᠶ᠋ᠢᠨ ᠴᠢᠨᠠᠷ ᠰᠠᠢᠲᠠᠶ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠪᠣᠶ ᠪᠣᠯᠭᠠᠵᠤ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠠᠷᠭ᠎ᠠ ᠬᠡᠮᠵᠢᠶ᠎ᠡ》 ᠵᠡᠷᠭᠡ ᠱᠢᠷᠢᠰ ᠲᠥᠷᠥ᠎ᠶ᠋ᠢᠨ ᠪᠣᠳᠣᠯᠭ᠎ᠠ ᠪᠢᠴᠢᠭ ᠮᠠᠲ᠋ᠧᠷᠢᠶᠠᠯ᠎ᠢ ᠨᠡᠢᠲᠡᠯᠡᠵᠦ᠍ ᠂ ᠵᠠᠰᠠᠭ ᠵᠠᠬᠢᠷᠭᠠᠨ᠎ᠤ ᠬᠢᠨᠠᠨ ᠵᠥᠪᠱᠢᠶᠡᠷᠡᠯ᠎ᠦᠨ ᠦᠷ᠎ᠡ ᠪᠦᠲᠦᠮᠵᠢ ᠵᠢ ᠲᠡᠭᠡᠭᠰᠢᠯᠡᠬᠦᠯᠬᠦ ᠂ ᠲᠣᠭ᠎ᠠ ᠪᠠᠷᠢᠮᠲᠠ᠎ᠶ᠋ᠢ ᠢᠯᠡᠭᠦᠬᠡᠨ ᠬᠠᠮᠳᠤ ᠪᠠᠷ ᠡᠳ᠋ᠯᠡᠵᠦ᠂ ᠠᠵᠤ ᠠᠬᠤᠢᠯᠠᠯ ᠪᠠ ᠣᠯᠠᠨ ᠲᠦᠮᠡᠨ᠎ᠢ ᠳᠤᠲᠠᠭᠤ ᠭᠦᠶᠦᠯᠭᠡᠬᠦ᠌ ᠂ 《 ᠮᠥᠩᠬᠡ ᠰᠤᠪᠠᠭ ᠂ ᠲᠠᠨ᠎ᠳᠤ ᠬᠠᠪᠰᠤᠷᠤᠨ ᠭᠦᠶ᠋ᠴᠡᠳᠭᠡᠬᠦ᠌ 》 ᠠᠵᠢᠯ ᠢ᠋ ᠬᠦᠨᠵᠡᠭᠡᠢ ᠰᠠᠢᠳᠦᠷ ᠬᠢᠬᠦ ᠂ ᠬᠠᠮᠲᠤᠷᠠᠨ ᠭᠦᠶ᠋ᠴᠡᠳᠭᠡᠬᠦ᠌ ᠵᠦᠶ᠋ᠯᠡᠰ᠎ᠢ ᠰᠢᠨ᠎ᠠ ᠪᠡᠷ ᠭᠠᠷᠭᠠᠬᠤ ᠂ ᠵᠠᠰᠠᠭ ᠠᠵᠤ ᠠᠬᠤᠢᠯᠠᠯ᠎ᠤᠨ ᠨᠡᠪᠲᠡᠷᠡᠯᠴᠡᠬᠦ᠌ ᠲᠠᠪᠴᠠᠩ ᠪᠠᠢᠭᠤᠯᠬᠤ ᠵᠡᠷᠭᠡ ᠠᠷᠭ᠎ᠠ ᠬᠡᠯᠪᠡᠷᠢ᠎ᠪᠡᠷ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠦᠨ ᠪᠠᠢᠭᠤᠯᠤᠯᠲᠠ᠎ᠶ᠋ᠢ ᠦᠷᠭᠦᠯᠵᠢᠯᠡᠨ ᠠᠬᠢᠭᠤᠯᠪᠠ᠃
ᠵᠠᠰᠠᠭ ᠵᠠᠬᠢᠷᠭᠠᠨ᠎ᠤ ᠬᠢᠨᠠᠨ ᠵᠥᠪᠱᠢᠶᠡᠷᠡᠯ᠎ᠦᠨ ᠦᠷ᠎ᠡ ᠪᠦᠲᠦᠮᠵᠢ ᠵᠢ ᠲᠠᠭᠡᠭᠰᠢᠯᠡᠬᠦᠯᠬᠦ ᠲᠠᠯ᠎ᠠ ᠪᠡᠷ᠂ ᠲᠤᠰ ᠬᠤᠲᠠ ᠵᠠᠰᠠᠭ᠎ᠤᠨ ᠣᠷᠳᠣᠨ᠎ᠤ ᠪᠠᠯᠠ ᠣᠷᠣᠭᠤᠯᠤᠯᠲᠠ᠎ᠶ᠋ᠢᠨ ᠲᠥᠷᠥᠯ ᠵᠦᠶ᠋ᠯ᠎ᠦᠨ ᠪᠣᠯᠤᠮᠵᠢᠲᠤ ᠰᠤᠳᠤᠯᠤᠯ᠎ᠤᠨ ᠬᠢᠨᠠᠨ ᠵᠥᠪᠱᠢᠶᠡᠷᠡᠯ ᠪᠠ ᠠᠵᠤ ᠠᠬᠤᠢᠯᠠᠯ᠎ᠤᠨ ᠪᠠᠯᠠ ᠣᠷᠣᠭᠤᠯᠤᠯᠲᠠ᠎ᠶ᠋ᠢᠨ ᠲᠥᠷᠥᠯ ᠵᠦᠶ᠋ᠯ᠎ᠦᠨ ᠬᠢᠨᠠᠨ ᠵᠥᠪᠱᠢᠶᠡᠷᠡᠬᠦ ᠭᠠᠷᠳᠠᠮ ᠬᠦᠢᠴᠡᠳᠬᠡᠬᠦ ᠵᠢ 5 ᠠᠵᠢᠯᠯᠠᠬᠤ ᠡᠳᠦᠷ ᠪᠣᠯᠭᠠᠠ ᠪᠣᠭᠣᠨᠢᠰᠭᠠᠵᠤ ᠂ ᠲᠥᠷᠥᠯ ᠵᠦᠶ᠋ᠯ᠎ᠦᠨ ᠳᠠᠩᠰᠠᠯᠠᠭᠤᠯᠤᠯᠲᠠ᠎ᠶ᠋ᠢ 1 ᠠᠵᠢᠯᠯᠠᠬᠤ ᠡᠳᠦᠷ ᠪᠣᠯᠭᠠᠠ ᠪᠣᠭᠣᠨᠢᠰᠭᠠᠵᠤ᠂ ᠠᠵᠤ ᠠᠬᠤᠢᠯᠠᠯ ᠡᠷᠭᠢᠯᠡᠨ ᠪᠠᠢᠭᠤᠯᠬᠤ ᠭᠠᠷ ᠬᠦᠢᠴᠡᠳᠭᠡᠯ ᠤ᠋ᠨ ᠴᠠᠭ᠎ᠢ 1 ᠠᠵᠢᠯᠯᠠᠬᠤ ᠡᠳᠦᠷ ᠪᠣᠯᠭᠠᠠ ᠪᠣᠭᠣᠨᠢᠰᠭᠠᠵᠤ ᠂ 2021 ᠣᠨ᠎ᠤ ᠦᠨᠡᠯᠡᠨ ᠵᠢᠱ᠌ᠢᠬᠦ᠌ ᠬᠤᠭᠤᠴᠠᠭᠠᠨ᠎ᠳᠠᠬᠢ ᠵᠠᠬ᠎ᠠ ᠳᠡᠯᠭᠡᠭᠦᠷ᠎ᠦᠨ ᠭᠤᠤᠯ ᠴᠣᠭ᠍ᠴᠠ᠎ᠶ᠋ᠢᠨ ᠲᠣᠭ᠎ᠠ ᠬᠡᠮᠵᠢᠶ᠎ᠡ ᠠᠳᠠᠯᠢ ᠬᠤᠭᠤᠴᠠᠭᠠᠨ᠎ᠤ᠎ᠬᠢ᠎ᠡᠴᠡ 14.1% ᠪᠠᠷ ᠨᠡᠮᠡᠭ᠌ᠳᠡᠪᠠ; ᠪᠠᠷᠢᠯᠭ᠎ᠠ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠥᠷᠥᠯ ᠵᠦᠶ᠋ᠯ᠎ᠢ ᠬᠢᠨᠠᠨ ᠵᠥᠪᠱᠢᠶᠡᠷᠡᠬᠦ᠌ ᠴᠠᠭ᠎ᠢ 70 ᠠᠵᠢᠯᠯᠠᠬᠤ ᠡᠳᠦᠷ᠎ᠦᠨ ᠳᠣᠲᠣᠷ᠎ᠠ ᠬᠦᠢᠴᠡᠳᠬᠡᠬᠦ ᠪᠠᠷ ᠪᠣᠭᠣᠨᠢᠰᠭᠠᠵᠤ᠂ ᠬᠢᠨᠠᠨ ᠵᠥᠪᠱᠢᠶᠡᠷᠡᠬᠦ᠌ ᠵᠦᠶ᠋ᠯᠡᠰ᠎ᠦᠨ ᠮᠠᠲ᠋ᠧᠷᠢᠶᠠᠯ᠎ᠢ 86 ᠵᠦᠶ᠋ᠯ ᠪᠠᠢᠭ᠍ᠰᠠᠨ᠎ᠠᠴᠠ 39 ᠵᠦᠶ᠋ᠯ ᠪᠣᠯᠭᠠᠨ ᠴᠣᠮᠬᠠᠳᠭᠠᠪᠠ; ᠲᠤᠭᠳᠠᠮᠠᠯ ᠬᠥᠷᠥᠩᠭᠡ᠎ᠶ᠋ᠢᠨ ᠡᠩ᠎ᠦᠨ ᠳᠠᠩᠰᠠᠯᠠᠯ᠎ᠢ 5 ᠠᠵᠢᠯᠯᠠᠬᠤ ᠡᠳᠦᠷ ᠦᠨ ᠳᠣᠲᠣᠷ᠎ᠠ ᠭᠦᠶ᠋ᠴᠡᠳᠭᠡᠵᠦ᠍ ᠳᠠᠭᠤᠰᠭᠠᠬᠤ᠂ ᠪᠠᠷᠢᠴᠠᠭᠠᠯᠠᠬᠤ ᠳᠠᠩᠰᠠᠯᠠᠯ᠎ᠢ 1 ᠠᠵᠢᠯᠯᠠᠬᠤ ᠡᠳᠦᠷ᠎ᠦᠨ ᠳᠣᠲᠣᠷ᠎ᠠ ᠭᠦᠶ᠋ᠴᠡᠳᠭᠡᠵᠦ᠍ ᠳᠠᠭᠤᠰᠭᠠᠬᠤ ᠪᠤᠯᠭᠠᠵᠠᠢ᠃
ᠲᠣᠭ᠎ᠠ ᠪᠠᠷᠢᠮᠲᠠ᠎ᠶ᠋ᠢ ᠢᠯᠡᠭᠦᠬᠡᠨ ᠬᠠᠮᠳᠤ᠎ᠪᠠᠷ ᠡᠳ᠋ᠯᠡᠵᠦ᠂ ᠠᠵᠤ ᠠᠬᠤᠢᠯᠠᠯ ᠪᠠ ᠣᠯᠠᠨ ᠲᠦᠮᠡᠨ᠎ᠢ ᠳᠤᠲᠠᠭᠤ ᠭᠦᠶᠦᠯᠭᠡᠬᠦ᠌ ᠪᠡᠷ ᠴᠢᠷᠮᠠᠢᠵᠠᠢ᠃ ᠲᠣᠰ ᠬᠣᠲᠠ 《 ᠢᠨᠲ᠋ᠧᠷ ᠰᠦᠯᠵᠢᠶ᠎ᠡ + ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡ》 ᠶ᠋ᠢ ᠭᠦᠨᠵᠡᠭᠡᠢᠷᠡᠭᠦᠯᠵᠦ᠍᠂ ᠵᠠᠰᠠᠭ ᠵᠠᠬᠢᠷᠭᠠᠨ᠎ᠤ ᠡᠷᠬᠡ᠎ᠶ᠋ᠢ 2136 ᠵᠦᠶ᠋ᠯ ᠬᠠᠰᠤᠵᠤ᠂ ᠪᠠᠭᠠᠰᠭᠠᠭ᠍ᠰᠠᠨ ᠨᠣᠷᠮ᠎ᠠ 35%᠎ᠳ᠋ᠤ ᠬᠦᠷᠴᠡᠶ; ᠡᠯᠧᠺᠲ᠋ᠷᠣᠨ ᠦᠨᠡᠮᠯᠡᠯ᠎ᠦᠨ ᠬᠡᠷᠡᠭ᠌ᠯᠡᠯᠲᠡ᠎ᠶ᠋ᠢ ᠠᠬᠢᠭᠤᠯᠵᠤ ᠂ ᠡᠯᠧᠺᠲ᠋ᠷᠣᠨ ᠦᠨᠡᠮᠯᠡᠯ᠎ᠢ 129 ᠲᠥᠷᠥᠯ ᠪᠤᠯᠭᠠᠵᠤ ᠂ ᠬᠠᠮᠤᠭ ᠣᠯᠠᠨ᠎ᠳᠠᠭᠠᠨ ᠨᠢᠭᠡ ᠯᠡ ᠤᠳᠠᠭ᠎ᠠ ᠭᠦᠶᠦᠯᠭᠡᠬᠦ᠌ 》 ᠵᠦᠶ᠋ᠯᠡᠰ᠎ᠦᠨ ᠬᠠᠷᠢᠴᠠᠯ᠎ᠤᠨ ᠨᠣᠷᠮ᠎ᠠ᠎ᠶ᠋ᠢ 98%᠎ᠳ᠋ᠤ ᠬᠦᠷᠭᠡᠪᠠ; 《ᠮᠥᠩᠬᠡ ᠰᠤᠪᠠᠭ》 ᠲᠤ᠌ ᠲᠤᠰ ᠬᠣᠲᠠ ᠵᠢᠠ 87 ᠲᠦᠮᠡᠨ ᠬᠥᠮᠦᠨ ᠳᠠᠩᠰᠠᠯᠠᠭᠤᠯᠵᠤ᠂ ᠳᠠᠩᠰᠠᠯᠠᠭᠤᠯᠤᠭ᠍ᠰᠠᠨ ᠨᠣᠷᠮ᠎ᠠ ᠪᠥᠬᠥ᠌ ᠣᠷᠣᠨ᠎ᠤ ᠲᠡᠷᠢᠭᠦᠨ᠎ᠳᠦ ᠵᠢᠭᠰᠠᠭᠠᠭᠳᠠᠵᠠᠢ᠃
ᠲᠤᠰ ᠬᠤᠲᠠ ᠵᠢᠨ 《ᠮᠥᠩᠬᠡ ᠰᠤᠪᠠᠭ᠂ ᠲᠠᠨ᠎ᠳᠤ ᠬᠠᠪᠰᠤᠷᠤᠨ ᠭᠦᠶ᠋ᠴᠡᠳᠭᠡᠬᠦ᠌ 》 ᠠᠵᠢᠯ ᠭᠦᠨᠵᠡᠭᠡᠢᠷᠡᠨ ᠪᠣᠳᠠᠲᠠᠢᠵᠢᠵᠤ᠂ ᠲᠤᠰ ᠬᠣᠲᠠ᠎ᠳᠤ 13 ᠪᠠᠯᠠ ᠣᠷᠣᠭᠤᠯᠤᠯᠲᠠ᠎ᠶ᠋ᠢᠨ ᠲᠥᠷᠥᠯ ᠵᠦᠶ᠋ᠯ᠎ᠢ ᠣᠷᠣᠯᠠᠨ ᠭᠦᠶ᠋ᠴᠡᠳᠭᠡᠵᠦ᠍ ᠬᠠᠪᠰᠤᠷᠤᠨ ᠭᠦᠶ᠋ᠴᠡᠳᠭᠡᠬᠦ᠌ ᠪᠠᠢᠭᠤᠯᠤᠮᠵᠢ ᠪᠠᠢᠭᠤᠯᠵᠤ᠂ ᠬᠣᠲᠠ᠎ᠶ᠋ᠢᠨ ᠱᠠᠲᠤᠨ᠎ᠤ ᠣᠷᠣᠯᠠᠨ ᠭᠦᠶ᠋ᠴᠡᠳᠭᠡᠵᠦ᠍ ᠬᠠᠪᠰᠤᠷᠤᠨ ᠭᠦᠶ᠋ᠴᠡᠳᠭᠡᠬᠦ᠌ ᠪᠠᠢᠭᠤᠯᠤᠮᠵᠢ ᠬᠢᠭᠡᠳ ᠴᠢᠬᠤᠯᠠ ᠶᠡᠬᠡ ᠲᠥᠷᠥᠯ ᠵᠦᠶ᠋ᠯ ᠦᠨ ᠲᠢᠩᠬᠢᠮ᠎ᠦᠨ ᠲᠠᠰ᠎ᠤᠨ ᠳᠠᠭᠠᠭᠠᠴᠢᠯᠠᠨ ᠬᠠᠷᠢᠭᠤᠴᠠᠵᠤ ᠪᠠᠢᠭ᠎ᠠ ᠤᠳᠤᠷᠢᠳᠤᠯᠭ᠎ᠠ᠎ᠶ᠋ᠢᠨ ᠬᠠᠷᠢᠯᠴᠠᠨ ᠬᠥᠳᠡᠯᠦᠯᠴᠡᠵᠦ᠍ ᠬᠠᠮᠲᠤᠷᠠᠨ ᠬᠥᠳᠡᠯᠦᠯᠴᠡᠬᠦ᠌ ᠲᠣᠭ᠍ᠲᠠᠴᠠ᠎ᠶ᠋ᠢ ᠪᠠᠢᠭᠤᠯᠪᠠ᠃ ᠨᠢᠳᠤᠨᠤᠠ ᠡᠴᠡ᠂ ᠲᠤᠰ ᠬᠣᠲᠠ ᠶ᠋ᠢᠨ ᠡᠯ᠎ᠡ ᠱᠠᠲᠤᠨ᠎ᠤ ᠣᠷᠣᠯᠠᠨ ᠭᠦᠶ᠋ᠴᠡᠳᠭᠡᠵᠦ᠍ ᠬᠠᠪᠰᠤᠷᠤᠨ ᠭᠦᠶ᠋ᠴᠡᠳᠭᠡᠬᠦ᠌ ᠪᠠᠢᠭᠤᠯᠤᠮᠵᠢ ᠵᠢᠨ 215 ᠲᠤᠰᠭᠠᠶ ᠪᠠ ᠲᠤᠱᠢᠶᠠᠯ ᠬᠠᠪᠰᠤᠷᠭᠠᠭ᠍ᠰᠠᠨ ᠣᠷᠣᠯᠠᠨ ᠭᠦᠶ᠋ᠴᠡᠳᠭᠡᠭ᠌ᠴᠢ᠂ ᠤᠲᠠᠰᠤ ᠪᠡᠷ ᠬᠠᠷᠢᠯᠴᠠᠬᠤ᠂ ᠵᠢᠷᠬᠢᠶ᠎ᠠ ᠪᠠᠷ ᠬᠠᠷᠢᠯᠴᠠᠬᠤ ᠂ ᠬᠡᠷ᠎ᠲᠦᠨᠢ ᠬᠦᠷᠴᠦ᠍ ᠦᠶ᠋ᠯᠡᠴᠢᠯᠡᠬᠦ᠌ ᠵᠡᠷᠭᠡ ᠠᠷᠭ᠎ᠠ ᠬᠡᠯᠪᠡᠷᠢ ᠪᠡᠷ 3000 ᠭᠠᠷᠤᠶ ᠤᠳᠠᠭ᠎ᠠ ᠠᠵᠤ ᠠᠬᠤᠢᠯᠠᠯ ᠳ᠋ᠤ ᠤᠢᠯᠡᠴᠢᠯᠡᠨ᠂ 179 ᠲᠥᠷᠥᠯ ᠵᠦᠶ᠋ᠯ᠎ᠦᠨ 231 ᠵᠦᠶ᠋ᠯᠡᠰ᠎ᠲᠦ ᠣᠷᠣᠯᠠᠨ ᠭᠦᠶ᠋ᠴᠡᠳᠭᠡᠵᠦ᠍ ᠬᠠᠪᠰᠤᠷᠤᠨ ᠭᠦᠶ᠋ᠴᠡᠳᠭᠡᠬᠦ᠌ ᠦᠶ᠋ᠯᠡᠴᠢᠯᠡᠭᠡ ᠬᠠᠩᠭᠠᠪᠠ᠃
ᠲᠣᠰ ᠬᠣᠲᠠ ᠬᠠᠮᠲᠤᠷᠠᠨ ᠭᠦᠶ᠋ᠴᠡᠳᠭᠡᠬᠦ᠌ ᠵᠦᠶ᠋ᠯᠡᠰ᠎ᠢ ᠰᠢᠨ᠎ᠠ ᠪᠡᠷ ᠭᠠᠷᠭᠠᠬᠤ᠂ ᠪᠥᠬᠥ᠌ ᠣᠷᠣᠨ᠎ᠳᠤ ᠲᠦᠷᠦᠭᠦᠯᠡᠨ 《ᠰᠤᠷᠭᠠᠭᠤᠯᠢ ᠳ᠋ᠤ ᠤᠷᠤᠭᠰᠠᠨ ᠰᠢᠨ᠎ᠠ ᠰᠣᠷᠣᠭ᠍ᠴᠢ᠎ᠶ᠋ᠢᠨ ᠡᠷᠡᠭᠦᠯ ᠮᠡᠨᠳᠦ᠍᠎ᠶ᠋ᠢᠨ ᠦᠨᠡᠮᠯᠡᠯ ᠢ ᠨᠢᠭᠡ ᠯᠡ ᠤᠳᠠᠭ᠎ᠠ ᠳ᠋ᠦ ᠭᠦᠶ᠋ᠴᠡᠳᠭᠡᠬᠦ᠌》 ᠤᠢᠯᠡᠴᠢᠯᠡᠭᠡ ᠭᠠᠷᠭᠠᠵᠤ ᠂ ᠲᠤᠰ ᠬᠣᠲᠠ᠎ᠶ᠋ᠢᠨ 10 ᠲᠦᠮᠡ ᠭᠠᠷᠤᠶ ᠬᠥᠮᠦᠨ᠎ᠳᠦ ᠠᠱᠢᠭ ᠬᠦᠷᠲᠡᠭᠡᠪᠡ᠃ ᠡᠬᠦᠨ ᠡᠴᠡ ᠭᠠᠳᠠᠨ᠎ᠠ ᠲᠤᠰ ᠬᠤᠲᠠ ᠪᠠᠰᠠ ᠠᠵᠤ ᠠᠬᠤᠢᠯᠠᠯ ᠣᠯᠠᠨ ᠲᠦᠮᠡᠨ᠎ᠦ ᠤᠨᠳᠤᠤ ᠭᠠᠵᠠᠷ ᠠᠵᠢᠯ ᠶᠠᠪᠤᠳᠠᠯ ᠭᠦᠶ᠋ᠴᠡᠳᠭᠡᠬᠦ᠌ 《 ᠣᠯᠠᠨ ᠭᠠᠵᠠᠷ᠎ᠢᠶᠠᠷ ᠭᠦᠶᠦᠬᠦ᠌ 》 ᠵᠡᠷᠭᠡ ᠠᠰᠠᠭᠤᠳᠠᠯ᠎ᠤᠨ ᠲᠣᠭᠣᠷᠢᠨ᠎ᠳᠤ᠂ 《ᠮᠤᠵᠢ ᠠᠯᠤᠰᠯᠠᠨ ᠨᠡᠢᠳᠡᠮ ᠭᠦᠶ᠋ᠴᠡᠳᠭᠡᠬᠦ᠌》 ᠵᠦᠶ᠋ᠯᠡᠰ᠎ᠦᠨ ᠪᠠᠷᠢᠮᠵᠢᠶ᠎ᠠ ᠲᠣᠭ᠍ᠲᠠᠭᠠᠵᠤ᠂ 1500 ᠭᠠᠷᠤᠶ ᠵᠦᠶ᠋ᠯ᠎ᠦᠨ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠵᠦᠶ᠋ᠯᠡᠰ ᠨᠢ 《ᠮᠤᠵᠢ ᠠᠯᠤᠰᠯᠠᠨ ᠨᠡᠢᠳᠡᠮ ᠭᠦᠶ᠋ᠴᠡᠳᠭᠡᠬᠦ᠌》 ᠶ᠋ᠢ ᠪᠡᠶᠡᠯᠡᠭᠦᠯᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠹᠦ᠋ ᠭᠸᠨ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃