ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ᠎ᠢ᠋ ᠱᠢᠯᠢᠳᠡᠭᠵᠢᠭᠦᠯᠦᠶ᠎᠎ᠡ > ᠥᠪᠥᠷ ᠮᠣᠩᠭᠣᠯ᠎ᠤ᠋ᠨ ᠠᠵᠢᠯᠯᠠᠭ᠎ᠠ

2022-02-23 10:05:30

ᠵᠣᠬᠢᠶᠠᠭ᠍ᠴᠢ᠄ ᠬᠤᠷᠴᠠ ᠭᠣᠣ ᠮᠢᠨ ᠨᠠ ᠣᠩᠱᠢᠭ᠍ᠰᠠᠨ ᠣᠳᠠᠭ᠎ᠠ᠄ 3

《ᠳᠥᠷᠪᠡᠨ ᠬᠠᠮᠤᠭ》 ᠤ᠋ᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ᠋ ᠴᠤᠭᠴᠠᠯᠠᠵᠤ 《ᠬᠢᠨᠭᠭᠠᠨ ᠤ᠋ ᠬᠤᠷᠳᠤᠴᠡ》 ᠪᠡᠷ 《 ᠬᠢᠨᠭᠭᠠᠨ ᠤ᠋ ᠬᠠᠯᠠᠮᠵᠢ 》 ᠢ᠋ᠢ ᠬᠦᠷᠭᠡᠨ᠎ᠠ

ᠴᠠᠭᠠᠨ ᠰᠠᠷ᠎ᠠ ᠵᠢᠨ ᠠᠮᠠᠷᠠᠯᠲᠠ ᠥᠩᠭᠡᠷᠡᠮᠡᠭ᠌ᠴᠡ ᠲᠦᠴᠢᠦᠸᠠᠨ ᠱᠢᠶᠠᠨ ᠤ᠋ 《ᠮᠥᠩᠬᠡ ᠰᠤᠪᠠᠭ·ᠨᠢᠭᠡ ᠯᠡ ᠤᠳᠠᠭ᠎ᠠ ᠳ᠋ᠤ ᠬᠦᠢᠴᠡᠳᠭᠡᠬᠦ》 ᠶᠡᠷᠦᠩᠬᠡᠢᠯᠡᠭ᠌ᠰᠡᠨ ᠭᠥᠯᠢᠶᠡᠨ ᠠᠪᠴᠤ᠌ ᠱᠢᠶ᠋ᠳᠪᠦᠷᠢᠯᠡᠬᠦ᠌ ᠴᠤᠨᠭᠬᠤᠪᠴᠢ ᠢ᠋ᠢᠨ ᠠᠵᠢᠯᠲᠠᠨ ᠶᠠᠭ ᠲᠦᠴᠢᠦᠸᠠᠨ ᠪᠠᠯᠭᠠᠰᠤ ᠵᠢᠨ ᠬᠤᠪᠢ ᠵᠢᠨ ᠦᠶ᠋ᠯᠡᠳᠪᠦᠷᠢ ᠬᠤᠳᠠᠯᠳᠤᠭᠠᠨ ᠤ᠋ ᠡᠷᠦᠬᠡ ᠹᠠᠩ ᠴᠢ ᠵᠦ᠍ ᠳ᠋ᠤ ᠦᠶ᠋ᠯᠡᠳᠪᠦᠷᠢ ᠬᠤᠳᠠᠯᠳᠤᠭᠠᠨ ᠤ᠋ ᠡᠵᠡᠩᠨᠡᠯᠲᠡ ᠵᠢᠨ ᠦᠨᠡᠮᠯᠡᠯ ᠬᠢᠵᠦ᠍ ᠥᠭ᠌ᠴᠦ ᠪᠠᠢᠯ᠎ᠠ᠃ 《ᠡᠢᠮᠦ᠍ ᠲᠦᠷᠭᠡᠨ ᠶᠠᠪᠤᠳᠠᠯ ᠵᠢᠡᠨ ᠭᠦᠶ᠋ᠴᠡᠳᠭᠡᠴᠢᠬᠡᠨ᠎ᠡ ᠭᠡᠵᠦ᠍ ᠪᠤᠳᠤᠵᠤ ᠣᠯᠤᠭ᠍ᠰᠠᠨ ᠥᠬᠡᠶ᠂ ᠣᠲᠣ ᠰᠠᠨᠠᠭ᠎ᠠ ᠠᠮᠠᠷᠠᠯ᠎ᠠ》 ᠬᠡᠵᠤ ᠨᠠᠷᠢᠨ ᠨᠢᠮᠪᠠᠢ ᠦᠢᠯᠡᠴᠢᠯᠡᠭᠡ ᠪᠤᠯᠤᠨ ᠳᠥᠭᠥᠮ ᠳᠥᠲᠡ ᠭᠦᠢᠴᠡᠳᠭᠡᠬᠦ᠌ ᠶᠠᠪᠤᠴᠠ ᠳ᠋ᠤᠨᠢ ᠹᠠᠩ ᡁᠢ ᠵᠦ᠍ ᠰᠡᠳᠬᠢᠯ ᠬᠠᠨᠤᠮᠵᠢᠳᠡᠢ ᠪᠠᠢᠯ᠎ᠠ᠃

ᠴᠠᠭᠠᠨ ᠰᠠᠷ᠎ᠠ ᠵᠢᠨ ᠠᠮᠠᠷᠠᠯᠲᠠ ᠵᠢᠨ ᠳᠠᠷᠠᠭᠠᠬᠢ ᠠᠵᠢᠯ ᠡᠬᠢᠯᠡᠭᠰᠡᠨ ᠠᠩᠬᠠᠨ ᠤ᠋ ᠡᠳᠦᠷ᠂ ᠬᠢᠩᠭᠠᠨ ᠠᠢᠮᠠᠭ ᠤ᠋ᠨ ᠡᠯ᠎ᠡ ᠭᠠᠵᠠᠷ ᠤ᠋ᠨ ᠡᠯ᠎ᠡ ᠲᠤᠬᠠᠢᠯᠠᠭ᠍ᠰᠠᠨ ᠠᠵᠢᠯ ᠤ᠋ᠨ ᠴᠣᠩᠬᠣᠪᠴᠢ ᠪᠦᠬᠦᠨ ᠠᠵᠢᠯ ᠢ᠋ᠢᠡᠨ ᠦᠳᠲᠡᠷ ᠲᠦᠷᠭᠡᠨ ᠡᠬᠢᠯᠡᠭᠦᠯᠵᠦ᠍᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ᠋ ᠦᠷᠭᠦᠯᠵᠢᠯᠡᠨ ᠱᠢᠯᠢᠳᠡᠭ᠌ᠵᠢᠭᠦᠯᠬᠦ᠌ ᠵᠢ ᠪᠥᠬᠥ᠌ ᠬᠦᠴᠦᠨ ᠵᠢᠡᠷ ᠠᠬᠢᠭᠤᠯᠤᠭᠰᠠᠨ ᠠᠵᠢ᠃

《ᠨᠢᠭᠡ ᠠᠵᠤ ᠠᠬᠤᠢᠯᠠᠯ ᠤ᠋ᠨ ᠲᠤᠬᠠᠢᠯᠠᠭᠰᠠᠨ ᠠᠵᠢᠯ ᠡᠷᠬᠢᠯᠡᠬᠦ᠌᠎ᠭᠠᠷ ᠬᠦᠢᠴᠡᠳᠭᠡᠯ ᠢ᠋ ᠬᠦᠢᠴᠡᠳᠭᠡᠬᠦ ᠳ᠋ᠤ ᠬᠡᠳᠦᠢ ᠴᠠᠭ ᠬᠡᠷᠡᠭᠰᠡᠳᠡᠭ ᠪᠤᠢ?》 ᠬᠡᠰᠡᠨ ᠠᠰᠠᠭᠤᠯᠳᠠ ᠳ᠋ᠤ ᠬᠢᠩᠭᠠᠨ ᠠᠢᠮᠠᠭ ᠤ᠋ᠨ ᠬᠢᠨ 《20 ᠮᠢᠨᠦ᠋ᠲ !》 ᠬᠡᠰᠡᠨ ᠬᠠᠷᠢᠭᠤᠯᠳᠡ ᠦᠬᠬᠦᠯ᠎ᠠ᠃ ᠣᠢᠷ᠎ᠠ ᠵᠢᠨ ᠵᠢᠯ᠎ᠡᠴᠡ ᠨᠠᠭᠠᠰᠢ᠂ ᠬᠢᠩᠭᠠᠨ ᠠᠢᠮᠠᠭ《ᠨᠢᠭᠡ ᠥᠷᠲᠡᠭᠡ ᠳ᠋ᠤ ᠬᠦᠢᠴᠡᠳᠭᠡᠬᠦ》 ᠦᠶ᠋ᠯᠡᠴᠢᠯᠡᠭᠡᠨ ᠤ᠋ ᠴᠢᠳᠠᠮᠵᠢ ᠵᠢ ᠦᠷᠭᠦᠯᠵᠢᠯᠡᠨ ᠪᠠᠳᠠᠷᠠᠭᠤᠯᠵᠤ᠂ 《ᠨᠢᠭᠡ ᠴᠣᠭ᠍ᠴᠠᠵᠢᠭᠤᠯᠬᠤ》 ᠲᠠᠪᠴᠠᠩ ᠤ᠋ᠨ ᠪᠠᠢᠭᠤᠯᠤᠯᠲᠠ ᠵᠢ ᠲᠡᠭᠦᠯᠳᠡᠷᠵᠢᠭᠦᠯᠵᠦ᠂《ᠪᠥᠬᠥ᠌ ᠶᠠᠪᠤᠴᠡ》 ᠳ᠋ᠤ ᠰᠦᠯᠵᠢᠶᠡᠨ ᠳᠡᠭᠡᠷ᠎ᠡ ᠬᠢᠨᠠᠨ ᠵᠥᠪᠱᠢᠶᠡᠷᠡᠬᠦ᠌ ᠵᠢ ᠠᠬᠢᠭᠤᠯᠵᠤ᠂ ᠠᠵᠤ ᠠᠬᠤᠢᠯᠠᠯ ᠳ᠋ᠤ ᠬᠣᠯᠪᠣᠭ᠍ᠳᠠᠭ᠍ᠰᠠᠨ ᠡᠯ᠎ᠡ ᠵᠦᠶ᠋ᠯ ᠤ᠋ᠨ ᠬᠠᠷᠠᠭᠠᠯᠵᠠᠯ ᠤ᠋ᠨ ᠲᠥᠷᠥ ᠵᠢᠨ ᠪᠣᠳᠣᠯᠭ᠎ᠠ ᠵᠢ ᠬᠢᠨᠠᠮᠠᠭᠠᠶ ᠨᠠᠢᠳᠠᠪᠤᠷᠢᠵᠢᠭᠤᠯᠵᠤ᠂ ᠲᠥᠷᠥ ᠵᠢᠨ ᠪᠣᠳᠣᠯᠭ᠎ᠠ ᠪᠠᠷ ᠬᠠᠮᠤᠭ ᠤ᠋ᠨ ᠬᠠᠷᠠᠭᠠᠯᠵᠠᠯ ᠲᠠᠢ ᠂ ᠥᠪᠡᠷ ᠤ᠋ᠨ ᠥᠷᠲᠡᠭ ᠵᠢᠡᠷ ᠬᠠᠮᠤᠭ ᠤ᠋ᠨ ᠳᠤᠤᠷ᠎ᠠ᠂ ᠦᠶ᠋ᠯᠡᠴᠢᠯᠡᠭᠡ ᠪᠡᠷ ᠬᠠᠮᠤᠭ ᠤ᠋ᠨ ᠰᠠᠢᠨ ᠂ ᠶᠠᠪᠤᠳᠠᠯ ᠭᠦᠶ᠋ᠴᠡᠳᠭᠡᠬᠦ᠌ ᠪᠡᠷ ᠬᠠᠮᠤᠭ ᠤ᠋ᠨ ᠲᠦᠷᠭᠡᠨ 《ᠳᠥᠷᠪᠡᠨ ᠬᠠᠮᠤᠭ》 ᠤ᠋ᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ᠋ ᠬᠦᠴᠦᠯᠡᠨ ᠴᠤᠭᠴᠠᠯᠠᠵᠤ᠂ 《 ᠬᠢᠩᠭᠠᠨ ᠤ᠋ ᠬᠤᠷᠳᠤᠴᠠ》 ᠪᠠᠷ 《ᠬᠢᠩᠭᠠᠨ ᠤ᠋ ᠬᠠᠯᠠᠮᠵᠢ》 ᠵᠢ ᠬᠦᠷᠬᠡᠵᠤ ᠪᠠᠢᠨ᠎ᠠ ᠃

ᠭᠣᠭ᠍ᠴᠣᠭ᠎ᠠ ᠵᠢ ᠴᠦᠬᠡᠳᠬᠡᠭᠰᠡᠨ᠂ ᠴᠠᠭ ᠢ᠋ ᠪᠤᠭᠤᠨᠢᠰᠬᠠᠬᠰᠠᠨ᠂ ᠮᠠᠲ᠋ᠧᠷᠢᠶᠠᠯ ᠢ᠋ ᠴᠦᠬᠡᠳᠬᠡᠭᠰᠡᠨ᠂ ᠵᠠᠷᠤᠳᠠᠯ ᠢ᠋ ᠪᠠᠭᠠᠰᠭᠠᠬᠰᠠᠨ ᠂ ᠭᠦᠶᠦᠬᠦ᠌ ᠵᠢ ᠴᠦᠬᠡᠳᠬᠡᠭᠰᠡᠨ᠂ ᠦᠶ᠋ᠯᠡᠴᠢᠯᠡᠭᠡ ᠵᠢ ᠱᠢᠯᠢᠳᠡᠭ᠌ᠵᠢᠭᠦᠯᠦᠭᠰᠡᠨ ᠤ᠋ ᠠᠷᠤ ᠳ᠋ᠤ ᠬᠢᠩᠭᠠᠨ ᠠᠢᠮᠠᠭ ᠤ᠋ᠨ ᠲᠣᠭ᠎ᠠ ᠪᠠᠷᠢᠮᠲᠠ ᠵᠢ ᠬᠠᠷᠢᠯᠴᠠᠨ ᠨᠡᠪᠲᠡᠷᠡᠭᠦᠯᠵᠦ᠍ ᠬᠠᠮᠲᠤ ᠪᠠᠷ ᠡᠳ᠋ᠯᠡᠬᠦ ᠶ᠋ᠢ ᠪᠥᠬᠥ᠌ ᠬᠦᠴᠦᠨ ᠵᠢᠡᠷ ᠠᠬᠢᠭᠤᠯᠵᠤ᠂ ᠵᠠᠰᠠᠭ ᠤ᠋ᠨ ᠶᠠᠪᠤᠳᠠᠯ ᠤ᠋ᠨ ᠦᠶ᠋ᠯᠡᠴᠢᠯᠡᠭᠡᠨ ᠤ᠋ ᠵᠦᠶ᠋ᠯᠡᠰ ᠢ᠋ 《ᠠᠢᠮᠠᠭ ᠤ᠋ᠨ ᠳᠣᠲᠣᠷ᠎ᠠ ᠨᠡᠢᠳᠡᠮ ᠭᠦᠶ᠋ᠴᠡᠳᠭᠡᠬᠦ᠌》 ᠵᠢ ᠪᠡᠶᠡᠯᠡᠭᠦᠯᠦᠭ᠌ᠰᠡᠨ ᠦᠷ᠎ᠡ ᠪᠦᠳᠦᠬᠡᠯ ᠨᠢᠭᠤᠭᠳᠠᠵᠤ ᠪᠤᠢ᠃ ᠣᠳᠣᠬᠠᠨ ᠳ᠋ᠤ ᠬᠢᠩᠭᠠᠨ ᠠᠢᠮᠠᠭ ᠨᠢᠭᠡᠨᠲᠡ ᠬᠢᠨᠠᠨ ᠵᠥᠪᠱᠢᠶᠡᠷᠡᠬᠦ᠌ 311 ᠵᠦᠶ᠋ᠯ ᠢ᠋ 《ᠨᠢᠭᠡ ᠰᠦᠯᠵᠢᠶ᠎ᠡ ᠪᠡᠷ ᠨᠡᠢᠳᠡᠮ ᠭᠦᠶ᠋ᠴᠡᠳᠭᠡᠬᠦ᠌》 ᠵᠢ ᠪᠡᠶᠡᠯᠡᠭᠦᠯᠵᠦ᠍᠂ ᠪᠥᠬᠥ᠌ ᠠᠢᠮᠠᠭ ᠤ᠋ᠨ 《ᠨᠢᠭᠡ ᠴᠣᠩᠬᠤᠪᠴᠢ ᠪᠠᠷ ᠭᠥᠯᠢᠶᠡᠨ ᠠᠪᠴᠤ᠌ ᠱᠢᠶ᠋ᠳᠪᠦᠷᠢᠯᠡᠬᠦ᠌》 ᠱᠢᠰᠲ᠋ᠧᠮ ᠳ᠋ᠤ ᠨᠢᠭᠡᠨᠲᠡ 2.7 ᠲᠦᠮᠡᠨ ᠬᠤᠪᠢ ᠲᠣᠭ᠎ᠠ ᠪᠠᠷᠢᠮᠲᠠ ᠵᠢ ᠲᠡᠮᠳᠡᠭ᠌ᠯᠡᠨ ᠣᠷᠣᠭᠤᠯᠵᠤ ᠂ 《ᠮᠥᠩᠬᠡ ᠰᠤᠪᠠᠭ》APP ᠳ᠋ᠤ173 ᠬᠤᠪᠢ ᠥᠨᠳᠥᠷ ᠳᠠᠪᠲᠠᠮᠵᠢᠲᠤ ᠠᠷᠠᠳ ᠲᠦ᠍ ᠲᠥᠬᠥᠮ ᠦᠵᠡᠭᠦᠯᠬᠦ᠌ ᠤᠨᠴᠠᠯᠢᠬᠳᠤ ᠬᠡᠷᠡᠭ᠌ᠯᠡᠭᠡ ᠢ᠋ᠢ ᠵᠠᠯᠭᠠᠨ ᠣᠷᠣᠭᠤᠯᠵᠤ᠂ ᠶᠠᠪᠤᠳᠠᠯ ᠭᠦᠶ᠋ᠴᠡᠳᠭᠡᠬᠦ᠌ ᠬᠦᠮᠦᠰ ᠵᠥᠪᠬᠡᠨ ᠨᠢᠭᠡ ᠯᠡ ᠡᠭᠦᠳᠡ ᠪᠡᠷ ᠣᠷᠣᠵᠤ᠂ ᠵᠥᠪᠬᠡᠨ ᠨᠢᠭᠡ ᠯᠡ ᠴᠣᠩᠬᠤᠪᠴᠢ ᠳ᠋ᠤ ᠭᠦᠷᠪᠡᠯ ᠳᠠᠷᠤᠶ ᠠᠢᠮᠠᠭ ᠤ᠋ᠨ ᠳᠣᠲᠣᠷᠠᠬᠢ ᠡᠯ᠎ᠡ ᠬᠣᠱᠢᠭᠤ ᠱᠢᠶᠠᠨ ᠬᠣᠲᠠ ᠵᠢᠨ ᠬᠣᠭᠣᠷᠣᠨᠳᠣᠬᠢ ᠵᠦᠶ᠋ᠯᠡᠰ ᠢ᠋ ᠲᠤᠰ ᠭᠠᠵᠠᠷ ᠪᠠ ᠤᠨᠳᠤᠤ ᠭᠠᠵᠠᠷ ᠲᠦ᠍ ᠭᠦᠶ᠋ᠴᠡᠳᠭᠡᠵᠤ ᠲᠠᠢᠯᠬᠦ ᠪᠤᠯᠵᠤ᠂ ᠵᠠᠰᠠᠭ ᠤ᠋ᠨ ᠶᠠᠪᠤᠳᠠᠯ ᠤ᠋ᠨ ᠦᠶ᠋ᠯᠡᠴᠢᠯᠡᠭᠡᠨ ᠤ᠋ ᠵᠦᠶ᠋ᠯᠡᠰ ᠢ᠋ 《ᠨᠢᠭᠡ ᠴᠣᠩᠬᠤᠪᠴᠢ ᠪᠠᠷ ᠭᠥᠯᠢᠶᠡᠨ ᠠᠪᠴᠤ᠌ ᠱᠢᠶ᠋ᠳᠪᠦᠷᠢᠯᠡᠬᠦ᠌》 ᠪᠠ 《ᠨᠢᠭᠡ ᠰᠦᠯᠵᠢᠶ᠎ᠡ ᠪᠡᠷ ᠨᠡᠢᠳᠡᠮ ᠭᠦᠶ᠋ᠴᠡᠳᠭᠡᠬᠦ᠌ 》 ᠵᠢ ᠪᠡᠶᠡᠯᠡᠭᠦᠯᠪᠠ᠃ ᠬᠢᠩᠭᠠᠨ ᠠᠢᠮᠠᠭ ᠤ᠋ᠨ 《12345 ᠵᠠᠰᠠᠭ ᠤ᠋ᠨ ᠶᠠᠪᠤᠳᠠᠯ ᠤ᠋ᠨ ᠦᠶ᠋ᠯᠡᠴᠢᠯᠡᠭᠡᠨ ᠤ᠋ ᠠᠷᠠᠳ ᠲᠦ᠍ ᠲᠥᠬᠥᠮ ᠦᠵᠡᠭᠦᠯᠬᠦ᠌ ᠬᠠᠯᠠᠮᠱᠢᠯ ᠤᠲᠠᠰᠤ》 ᠵᠢᠩᠬᠢᠨᠢ ᠪᠡᠷ ᠨᠡᠪᠲᠡᠷᠡᠬᠦᠯᠵᠦ᠍᠂ 7×24 ᠴᠠᠭ ᠂ 365 ᠬᠤᠨᠤᠭ ᠵᠢᠡᠷ 《ᠨᠢᠭᠡ ᠨᠣᠮᠧᠷ ᠵᠢᠡᠷ ᠨᠠᠪᠳᠡᠷᠡᠬᠦ》 ᠵᠠᠰᠠᠭ ᠤ᠋ᠨ ᠶᠠᠪᠤᠳᠠᠯ ᠤ᠋ᠨ ᠦᠶ᠋ᠯᠡᠴᠢᠯᠡᠭᠡᠨ ᠤ᠋ ᠵᠠᠭ᠍ᠪᠤᠷ ᠢ᠋ ᠤᠯᠠᠮ ᠨᠢᠭᠡ ᠠᠯᠬᠤᠮ ᠪᠦᠷᠢᠯᠳᠦᠭᠦᠯᠪᠡ ᠃

ᠨᠠᠮ ᠵᠠᠰᠠᠭ ᠤ᠋ᠨ ᠪᠠᠢᠭᠤᠯᠭ᠎ᠠ ᠵᠢᠨ ᠤᠳᠤᠷᠢᠳᠭᠤ ᠺᠠᠳ᠋ᠷᠴᠤᠳ ᠵᠠᠬ᠎ᠠ ᠳᠡᠯᠭᠡᠭᠦᠷ ᠤ᠋ᠨ ᠭᠤᠤᠯ ᠴᠣᠭ᠍ᠴᠠ ᠵᠢ ᠳᠠᠭᠠᠭᠠᠴᠢᠯᠠᠨ ᠬᠠᠷᠢᠯᠴᠠᠬᠤ ᠪᠠᠷ ᠲᠠᠮᠵᠢᠨ ᠨᠠᠮ ᠤ᠋ᠨ ᠬᠣᠷᠢᠶ᠎ᠠ᠂ ᠵᠠᠰᠠᠭ ᠤ᠋ᠨ ᠣᠷᠳᠣᠨ ᠪᠣᠯᠤᠨ ᠡᠯ᠎ᠡ ᠲᠥᠷᠥᠯ ᠤ᠋ᠨ ᠵᠠᠬ᠎ᠠ ᠳᠡᠯᠭᠡᠭᠦᠷ ᠤ᠋ᠨ ᠭᠤᠤᠯ ᠴᠣᠭ᠍ᠴᠠ ᠯᠤᠭ᠎ᠠ ᠵᠢᠨ ᠬᠠᠷᠢᠯᠴᠠᠭ᠎ᠠ ᠰᠣᠯᠢᠯᠴᠠᠭᠠᠨ ᠤ᠋ ᠬᠥᠭᠥᠷᠭᠡ ᠵᠢ ᠴᠣᠭ᠍ᠴᠠᠯᠠᠵᠤ᠂ ᠵᠠᠬ᠎ᠠ ᠳᠡᠯᠭᠡᠭᠦᠷ ᠤ᠋ᠨ ᠭᠤᠤᠯ ᠴᠣᠭ᠍ᠴᠠ ᠵᠢᠨ ᠪᠤᠳᠠᠳᠤ ᠠᠰᠠᠭᠤᠳᠠᠯ ᠢ᠋ ᠱᠢᠶ᠋ᠳᠪᠦᠷᠢᠯᠡᠬᠦ᠌ ᠵᠢ ᠬᠠᠪᠰᠤᠷᠤᠨ ᠠᠬᠢᠭᠤᠯᠪᠠ᠃ ᠲᠠᠷᠤᠢ᠂ ᠰᠦᠯᠵᠢᠶᠡᠨ ᠳᠡᠭᠡᠷ᠎ᠡ《ᠥᠪᠥᠷ ᠮᠣᠩᠭᠣᠯ ᠤ᠋ᠨ ᠠᠵᠤ ᠠᠬᠤᠢᠯᠠᠯ ᠤ᠋ᠨ ᠨᠡᠪᠳᠡᠷᠡᠯᠴᠡᠬᠡ》 ᠠᠷᠠᠳ ᠤ᠋ᠨ ᠡᠵᠡᠨᠭᠨᠡᠯᠳᠡ ᠢ᠋ᠢᠨ ᠠᠵᠤ ᠠᠬᠤᠢᠯᠠᠯ ᠤ᠋ᠨ ᠶᠡᠷᠦᠩᠬᠡᠢᠯᠡᠭ᠌ᠰᠡᠨ ᠦᠶ᠋ᠯᠡᠴᠢᠯᠡᠭᠡᠨ ᠤ᠋ ᠲᠠᠪᠴᠠᠩ ᠢ᠋ ᠬᠡᠷᠡᠭ᠌ᠯᠡᠬᠦ᠌ ᠪᠡᠷ ᠲᠠᠮᠵᠢᠨ ᠵᠠᠬ᠎ᠠ ᠳᠡᠯᠭᠡᠭᠦᠷ ᠤ᠋ᠨ ᠭᠤᠤᠯ ᠴᠣᠭ᠍ᠴᠠ ᠵᠢᠨ ᠬᠠᠷᠢᠭᠤ ᠲᠤᠰᠭᠠᠭ᠍ᠰᠠᠨ ᠮᠡᠳᠡᠭᠡ ᠵᠠᠩᠭᠢ ᠵᠢ ᠲᠤᠰᠭᠠᠶ ᠬᠥᠮᠦᠨ 24 ᠴᠠᠭ ᠵᠢᠡᠷ ᠴᠠᠭ ᠲᠤᠬᠠᠶ ᠳ᠋ᠤᠨᠢ ᠳᠠᠮᠵᠢᠭᠤᠯᠵᠤ᠂ ᠮᠡᠳᠡᠭᠡ ᠵᠠᠩᠭᠢ ᠳ᠋ᠤ ᠰᠡᠷᠡᠮᠵᠢᠳᠡᠢ ᠪᠠᠢᠯᠭᠠᠬᠤ ᠤᠷᠢᠳᠴᠢᠯᠠᠨ ᠰᠡᠷᠡᠮᠵᠢᠯᠡᠭᠦᠯᠬᠦ᠌ ᠲᠣᠭ᠍ᠲᠠᠴᠠ ᠵᠢ ᠬᠡᠷᠡᠭ᠌ᠯᠡᠨ᠂ ᠵᠠᠬ᠎ᠠ ᠳᠡᠯᠭᠡᠭᠦᠷ ᠤ᠋ᠨ ᠭᠤᠤᠯ ᠴᠣᠭ᠍ᠴᠠ ᠵᠢᠨ ᠬᠠᠷᠢᠭᠤ ᠲᠤᠰᠭᠠᠭ᠍ᠰᠠᠨ ᠬᠦᠰᠡᠯ ᠱᠠᠭᠠᠷᠳᠠᠯᠭ᠎ᠠ ᠳ᠋ᠤ ᠴᠠᠭ ᠲᠤᠬᠠᠶ ᠳ᠋ᠤᠨᠢ ᠬᠠᠷᠢᠭᠤᠯᠲᠠ ᠦᠭᠴᠦ ᠪᠠᠢᠨ᠎ᠠ᠃ ᠣᠳᠣᠬᠠᠨ ᠳ᠋ᠤ ᠬᠢᠩᠭᠠᠨ ᠠᠢᠮᠠᠭ ᠨᠢᠭᠡᠨᠲᠡ ᠲᠤᠭᠳᠠᠭᠰᠠᠨ ᠴᠢᠭᠯᠡᠯ ᠵᠢᠡᠷ ᠦᠢᠯᠡᠴᠢᠯᠡᠬᠦ᠌ ᠺᠠᠳ᠋ᠷ ᠢ᠋ 2.3 ᠲᠦᠮᠡ ᠲᠣᠭ᠍ᠲᠠᠭᠠᠵᠤ᠂ 4.7 ᠲᠦᠮᠡᠨ ᠵᠠᠬ᠎ᠠ ᠳᠡᠯᠭᠡᠭᠦᠷ ᠤ᠋ᠨ ᠭᠣᠣᠯ ᠴᠣᠭ᠍ᠴᠠ ᠲᠣᠭ᠍ᠲᠠᠭ᠍ᠰᠠᠨ ᠴᠢᠭᠯᠡᠯ ᠲᠠᠢ ᠤᠢᠯᠡᠴᠢᠯᠡᠬᠡ ᠢ᠋ᠢ ᠬᠦᠷᠳᠡᠵᠤ ᠪᠤᠢ᠃《ᠥᠪᠥᠷ ᠮᠣᠩᠭᠣᠯ ᠤ᠋ᠨ ᠠᠵᠤ ᠠᠬᠤᠢᠯᠠᠯ ᠤ᠋ᠨ ᠨᠡᠪᠳᠡᠷᠡᠯᠴᠡᠬᠡ》ᠲᠠᠪᠴᠠᠩ ᠳ᠋ᠤ ᠳᠠᠩᠰᠠᠯᠠᠭᠤᠯᠤᠭ᠍ᠰᠠᠨ ᠠᠵᠤ ᠠᠬᠤᠢᠯᠠᠯ 3.2 ᠲᠦᠮᠡ ᠳ᠋ᠤ ᠬᠦᠷᠴᠤ᠂ ᠳᠠᠩᠰᠠᠯᠠᠭᠤᠯᠤᠭ᠍ᠰᠠᠨ ᠬᠡᠮᠵᠢᠶ᠎ᠡ ᠨᠢ ᠪᠥᠬᠥ᠌ ᠣᠷᠣᠨ ᠤ᠋ ᠬᠣᠶᠠᠳᠤᠭᠠᠷ ᠲᠦ᠍ ᠣᠷᠣᠵᠤ᠂ ᠤᠳᠤᠬᠠᠨ ᠪᠤᠯᠳᠠᠯ᠎ᠠ 308 ᠵᠤᠷᠪᠤᠰ ᠬᠦᠰᠡᠯ ᠱᠠᠭᠠᠷᠳᠠᠯᠭ᠎ᠠ ᠵᠢ ᠭᠥᠯᠢᠶᠡᠨ ᠠᠪᠴᠤ᠌ ᠪᠦᠬᠦᠨ ᠢ᠋ ᠱᠢᠶ᠋ᠳᠪᠦᠷᠢᠯᠡᠪᠡ ᠃

ᠡᠭᠦᠨ ᠤ᠋ ᠬᠠᠮᠳᠤ ᠬᠢᠩᠭᠠᠨ ᠠᠢᠮᠠᠭ ᠪᠠᠰᠠ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ᠋ ᠱᠢᠯᠢᠳᠡᠭ᠌ᠵᠢᠭᠦᠯᠬᠦ᠌ ᠤᠯᠠᠨ ᠲᠦᠮᠡᠨ ᠤ᠋ ᠰᠠᠨᠠᠯ ᠰᠠᠨᠠᠭᠤᠯᠭ᠎ᠠ ᠵᠢ ᠬᠤᠷᠢᠶᠠᠬᠤ ᠲᠤᠰᠭᠠᠶ ᠠᠵᠢᠯᠯᠠᠭ᠎ᠠ ᠥᠷᠨᠢᠭᠦᠯᠵᠦ᠍᠂ 《ᠵᠢᠯ ᠪᠣᠯᠭᠠᠨ ᠪᠦᠷ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ᠋ ᠱᠢᠯᠢᠳᠡᠭ᠌ᠵᠢᠭᠦᠯᠬᠦ᠌ ᠪᠤᠭᠤᠮᠳᠡ ᠰᠢᠪᠳᠤᠯᠬᠤ ᠤᠨ ᠮᠦᠨ》 ᠬᠡᠬᠦ ᠣᠢᠯᠠᠭᠠᠭ᠍ᠳᠠᠬᠤᠨ ᠢ᠋ ᠪᠣᠶ ᠪᠣᠯᠭᠠᠵᠤ᠂ ᠨᠡᠢᠭᠡᠮ ᠨᠡᠢᠲᠡ ᠡᠴᠡ ᠠᠵᠤ ᠠᠬᠤᠢᠯᠠᠯ ᠤ᠋ᠨ ᠬᠥᠭ᠌ᠵᠢᠯᠲᠡ ᠵᠢᠨ ᠬᠦᠴᠢᠷ ᠠᠰᠠᠭᠤᠳᠠᠯ ᠢ᠋ ᠱᠢᠶ᠋ᠳᠪᠦᠷᠢᠯᠡᠬᠦ᠌᠂ ᠪᠥᠬᠥ᠌ ᠠᠢᠮᠠᠭ ᠤ᠋ᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ᠋ ᠱᠢᠯᠢᠳᠡᠭ᠌ᠵᠢᠭᠦᠯᠬᠦ᠌ ᠲᠤᠬᠠᠶ ᠰᠠᠨᠠᠯ ᠰᠠᠨᠠᠭᠤᠯᠭ᠎ᠠ ᠵᠢ ᠥᠷᠭᠡᠨ ᠲᠠᠯᠬᠡᠷ ᠵᠢᠡᠷ ᠴᠤᠭ᠍ᠯᠠᠭᠤᠯᠬᠤ ᠵᠢᠨ ᠬᠠᠮᠲᠤ ᠲᠣᠭ᠍ᠲᠠᠮᠠᠯ ᠬᠤᠭᠤᠴᠠᠭ᠎ᠠ ᠲᠠᠶ ᠪᠠᠷ ᠬᠠᠷᠢᠭᠤ ᠲᠤᠰᠬᠠᠵᠤ ᠵᠠᠷᠯᠠᠨ ᠮᠡᠳᠡᠭ᠌ᠳᠡᠬᠦ᠌ ᠲᠣᠭ᠍ᠲᠠᠴᠠ ᠵᠢ ᠪᠠᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ᠋ ᠦᠨᠡᠯᠡᠨ ᠵᠢᠱ᠌ᠢᠭ᠌ᠰᠡᠨ ᠦᠷ᠎ᠡ ᠳ᠋ᠦᠩ ᠵᠢᠡᠷ ᠦᠨᠳᠦᠰᠦᠯᠡᠯ ᠪᠤᠯᠭᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠤ᠋ᠨ ᠠᠳᠠᠭ ᠢ᠋ ᠨᠢ ᠱᠢᠭ᠌ᠰᠢᠭ᠌ᠳᠡᠭᠦᠯᠬᠦ᠌ ᠲᠦᠷᠢᠮ ᠢ᠋ ᠬᠡᠷᠡᠭ᠌ᠵᠢᠭᠦᠯᠵᠤ ᠪᠠᠢᠨ᠎ᠠ ᠃

ᠬᠢᠩᠭᠠᠨ ᠠᠢᠮᠠᠭ ᠤ᠋ᠨ ᠪᠠᠢᠩᠭᠤ ᠵᠢᠨ ᠳᠡᠳ᠋ ᠳᠠᠷᠤᠭ᠎ᠠ ᠵᠢᠶᠠᠩ ᠲᠢᠶᠠᠨ ᠬᠣ᠌᠂ ᠬᠢᠩᠭᠠᠨ ᠠᠢᠮᠠᠭ ᠲᠠᠷᠠᠭᠠᠴᠢ ᠪᠡᠷ ᠠᠵᠤ ᠠᠬᠤᠢᠯᠠᠯ ᠳ᠋ᠤ ᠦᠶ᠋ᠯᠡᠴᠢᠯᠡᠬᠦ᠌ ᠶᠠᠰᠤ ᠴᠢᠨᠠᠷ ᠦᠷ᠎ᠡ ᠪᠦᠲᠦᠮᠵᠢ ᠵᠢ ᠳᠡᠭᠡᠭ᠌ᠰᠢᠯᠡᠭᠦᠯᠬᠦ᠌ ᠲᠤᠰᠭᠠᠶ ᠠᠵᠢᠯᠯᠠᠭ᠎ᠠ ᠵᠢ ᠭᠤᠤᠯᠳᠠᠯᠭ᠎ᠠ ᠲᠠᠶ ᠥᠷᠨᠢᠭᠦᠯᠵᠦ᠍᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ᠋ ᠱᠢᠯᠢᠳᠡᠭ᠌ᠵᠢᠭᠦᠯᠬᠦ᠌ ᠠᠵᠢᠯᠯᠠᠭ᠎ᠠ ᠵᠢᠨ ᠲᠥᠰᠦᠯ ᠤ᠋ᠨ 3.0 ᠬᠡᠪᠯᠡᠯ ᠤ᠋ᠨ ᠲᠤᠰᠭᠠᠶ ᠠᠵᠢᠯᠯᠠᠭ᠎ᠠ᠂《ᠢᠨᠲ᠋ᠧᠷ ᠰᠦᠯᠵᠢᠶ᠎ᠡ + ᠵᠠᠰᠠᠭ ᠤ᠋ᠨ ᠶᠠᠪᠤᠳᠠᠯ ᠤ᠋ᠨ ᠦᠶ᠋ᠯᠡᠴᠢᠯᠡᠭᠡ》 ᠵᠢᠨ ᠴᠢᠳᠠᠪᠤᠷᠢ ᠵᠢ ᠳᠡᠭᠡᠭ᠌ᠰᠢᠯᠡᠭᠦᠯᠬᠦ᠌ ᠲᠤᠰᠭᠠᠶ ᠠᠵᠢᠯᠯᠠᠭ᠎ᠠ ᠪᠠ ᠵᠠᠰᠠᠭ ᠵᠠᠬᠢᠷᠭᠠᠨ ᠤ᠋ ᠬᠢᠨᠠᠨ ᠵᠥᠪᠱᠢᠶᠡᠷᠡᠬᠦ᠌ ᠴᠤᠩᠬᠤᠪᠴᠢ ᠵᠢ ᠲᠠᠰ ᠳᠡᠪᠱᠢᠭᠦᠯᠬᠦ᠌ ᠲᠤᠰᠭᠠᠶ ᠠᠵᠢᠯᠯᠠᠭ᠎ᠠ ᠵᠢ ᠨᠠᠢᠳᠠᠪᠤᠷᠢᠵᠢᠭᠤᠯᠵᠤ᠂ ᠠᠵᠤ ᠠᠬᠤᠢᠯᠠᠯ ᠤ᠋ᠨ ᠠᠵᠢᠯ ᠶᠠᠪᠤᠳᠠᠯ ᠵᠢᠡᠨ ᠭᠦᠶ᠋ᠴᠡᠳᠭᠡᠬᠦ᠌ ᠵᠢ ᠨᠠᠩ ᠲᠥᠬᠥᠮ ᠲᠦᠳᠡ᠂ ᠨᠡᠩ ᠱᠢᠭᠤᠳ ᠱᠢᠯᠤᠭᠤᠨ ᠪᠣᠯᠭᠠᠵᠤ᠂ ᠠᠵᠤ ᠠᠬᠤᠶ ᠵᠢᠨ ᠲᠣᠭ᠍ᠲᠠᠭᠤᠨ ᠨᠡᠮᠡᠭ᠌ᠳᠡᠯ ᠪᠠ ᠴᠢᠨᠠᠷ ᠰᠠᠢᠲᠠᠶ ᠬᠥᠭ᠌ᠵᠢᠯᠲᠡ ᠳ᠋ᠤ ᠪᠠᠲᠤ ᠪᠠᠬᠢ ᠰᠠᠭᠤᠷᠢ ᠵᠢ ᠲᠠᠯᠪᠢᠨ᠎ᠠ ᠬᠡᠵᠤ ᠢᠯᠡᠷᠬᠡᠢᠯᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面