2022-02-24 09:57:32
ᠱᠢᠨ᠎ᠡ ᠵᠢᠯ ᠡᠬᠢᠯᠡᠮᠡᠭᠴᠡ᠂ ᠲᠦᠩᠯᠢᠶᠣᠤ ᠬᠤᠲᠠ᠎ᠶ᠋ᠢᠨ ᠬᠣᠷᠴᠢᠨ ᠲᠣᠭᠣᠷᠢᠭ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠭᠣᠣᠯᠳᠠᠯᠭ᠎ᠠ᠎ᠲᠠᠶ ᠠᠵᠤ ᠠᠬᠤᠢᠯᠠᠯ᠎ᠤᠨ ᠶᠠᠷᠢᠯᠴᠠᠬᠤ ᠬᠤᠷᠠᠯ ᠬᠢᠪᠠ᠂ ᠬᠤᠷᠠᠯ ᠳᠡᠭᠡᠷ᠎ᠡ ᠬᠣᠷᠴᠢᠨ ᠲᠣᠭᠣᠷᠢᠭ 31 ᠠᠵᠤ ᠠᠬᠤᠢᠯᠠᠯ᠎ᠲᠠᠶ 48 ᠲᠦᠷᠦᠯ ᠵᠦᠢᠯ᠎ᠦᠨ ᠭᠡᠷ᠎ᠡ ᠲᠣᠭ᠍ᠲᠠᠵᠤ᠂ ᠲᠥᠷᠥᠯ ᠵᠥᠢᠯ ᠨᠢ ᠡᠷᠳᠡᠨᠢ ᠱᠢᠰᠢ ᠠᠮᠢᠳᠤ ᠪᠣᠳᠠᠰ᠂ ᠮᠣᠩᠭᠣᠯ ᠬᠢᠲᠠᠳ ᠡᠮ ᠡᠮᠨᠡᠯᠭᠡ᠂ ᠱᠢᠨ᠎ᠡ ᠡᠨᠧᠷᠭᠢ᠂ ᠳᠡᠭᠡᠳᠦ ᠲᠡᠰ᠎ᠤᠨ ᠲᠤᠨᠤᠭᠯᠠᠯ ᠦᠢᠯᠡᠳᠬᠦ᠂ ᠪᠣᠬᠢᠷᠲᠤᠯ ᠦᠭᠡᠢ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨᠢᠡᠳ᠋ᠱᠢᠭᠦᠯᠬᠦ᠂ ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ᠎ᠤ ᠭᠦᠢᠯᠭᠡᠭᠡ ᠵᠡᠷᠭᠡ ᠤᠯᠠᠨ ᠭᠣᠣᠯᠳᠠᠯᠭ᠎ᠠ᠎ᠲᠠᠶ ᠬᠦᠷᠢᠶ᠎ᠡ ᠴᠠᠷᠠᠭᠠᠨ᠎ᠳᠦ ᠬᠣᠯᠪᠣᠭ᠍ᠳᠠᠵᠦ᠂ ᠭᠡᠷ᠎ᠡ ᠲᠣᠭ᠍ᠲᠠᠭ᠍ᠰᠠᠨ ᠶᠡᠷᠦᠩᠬᠡᠢ ᠬᠡᠮᠵᠢᠶ᠎ᠡ 362.26 ᠳ᠋ᠦᠩᠱᠢᠭᠤᠷ ᠲᠥᠭᠥᠷᠢᠭ᠎ᠲᠦ ᠬᠦᠷᠴᠦ᠍᠂ ᠲᠦᠩᠯᠢᠶᠣᠤ ᠬᠤᠲᠠ᠎ᠳᠤ ᠬᠥᠭ᠌ᠵᠢᠯᠲᠡ᠎ᠶ᠋ᠢᠨ ᠱᠢᠨ᠎ᠡ ᠬᠥᠳᠡᠯᠭᠡᠬᠦ᠌ ᠬᠦᠴᠦᠨ ᠨᠡᠮᠡᠷᠢᠯᠡᠭᠰᠡᠨ ᠪᠠᠢᠨ᠎ᠠ᠃
ᠲᠤᠰ ᠬᠤᠲᠠ ᠵᠢᠨ ᠠᠷᠠᠯᠵᠢᠶᠠᠴᠢᠨ ᠤᠷᠢᠵᠤ ᠪᠡᠯᠡ ᠮᠥᠩᠭᠥ᠌ ᠤᠷᠤᠭᠤᠯᠤᠨ ᠠᠪᠴᠢᠷᠠᠬᠰᠠᠨ ᠰᠠᠢᠨ ᠮᠡᠳᠡᠭᠡ ᠵᠠᠯᠭᠠᠭ᠎ᠠ᠎ᠪᠠᠷ ᠤᠯᠠᠮᠵᠢᠯᠠᠭ᠍ᠳᠠᠵᠤ ᠪᠠᠢᠭ᠎ᠠ ᠨᠢ ᠬᠤᠳᠠᠯᠳᠤᠭ᠎ᠠ ᠡᠷᠬᠢᠯᠡᠬᠦ᠌ ᠣᠷᠴᠢᠨ ᠨᠦᠭᠦᠴᠡᠯ᠎ᠤᠨ ᠬᠦᠴᠦᠲᠡᠢ ᠪᠠᠲᠤᠯᠠᠭ᠎ᠠ᠎ᠠᠴᠠ ᠰᠠᠯᠵᠤ ᠴᠢᠳᠠᠬᠤ ᠦᠭᠡᠢ᠃ ᠨᠢᠳᠤᠨᠤᠨ᠎ᠠᠴᠠ᠂ ᠲᠦᠩᠯᠢᠶᠣᠤ ᠬᠤᠳᠠ ᠬᠤᠳᠠᠯᠳᠤᠭ᠎ᠠ ᠡᠷᠬᠢᠯᠡᠬᠦ᠌ ᠣᠷᠴᠢᠨ ᠨᠦᠭᠦᠴᠡᠯ᠎ᠢ ᠱᠢᠯᠢᠳᠡᠭ᠌ᠵᠢᠭᠦᠯᠬᠦ᠌ ᠳᠡᠭᠡᠷ᠎ᠡ ᠠᠩᠬᠠᠷᠤᠯ᠎ᠢᠶᠠᠨ ᠲᠥᠪᠯᠡᠷᠡᠭᠦᠯᠵᠦ᠍᠂ 《 ᠵᠠᠰᠠᠭ᠎ᠢ ᠴᠤᠮᠬᠠᠳᠬᠠᠨ ᠡᠷᠭᠡ ᠵᠢ ᠳᠠᠯᠪᠢᠬᠤ᠂ ᠳᠠᠯᠪᠢᠬᠤ ᠬᠠᠮᠢᠶᠠᠷᠬᠤ ᠵᠢ ᠤᠶᠠᠯᠳᠤᠭᠤᠯᠬᠤ᠂ ᠦᠢᠯᠡᠴᠢᠯᠡᠬᠡ ᠵᠢ ᠰᠠᠢᠵᠢᠷᠠᠭᠤᠯᠬᠤ》 ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠥᠨ᠂ ᠠᠵᠢᠯ᠎ᠤᠨ ᠭᠣᠭ᠍ᠴᠣᠭ᠎ᠠ᠂ ᠪᠢᠴᠢᠭ ᠮᠠᠲ᠋ᠧᠷᠢᠶᠠᠯ᠂ ᠴᠠᠭᠤᠨᠬᠢᠵᠠᠭᠠᠷᠢᠤᠯᠠᠮ ᠨᠢᠭᠡ ᠠᠯᠬᠤᠮ ᠪᠠᠭᠠᠰᠭᠠᠵᠤ᠂ 144 ᠵᠦᠢᠯ᠎ᠦᠨ ᠭᠣᠣᠯᠳᠠᠯᠭ᠎ᠠ ᠲᠠᠶ ᠥᠭᠡᠷᠡᠴᠢᠯᠡᠯᠲᠡ᠎ᠶ᠋ᠢᠨ ᠡᠭᠦᠷᠭᠡ᠎ᠶ᠋ᠢ ᠪᠦᠬᠦ᠌ ᠬᠦᠴᠦᠨ᠎ᠢᠶᠡᠷ ᠠᠬᠢᠭᠤᠯᠪᠠ᠃《ᠲᠦᠩᠯᠢᠶᠣᠤ ᠬᠣᠲᠠ᠎ᠶ᠋ᠢᠨ ᠬᠤᠳᠠᠯᠳᠤᠭ᠎ᠠ ᠡᠷᠬᠢᠯᠡᠬᠥ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ 3 ᠵᠢᠯ᠎ᠦᠨ ᠠᠵᠢᠯᠯᠠᠭᠠᠨ᠎ᠤ ᠲᠥᠯᠥᠪᠯᠡᠭᠡ( 2021 — 2023 ᠣᠨ)》 ᠵᠢᠴᠢ ᠢᠵᠢ ᠪᠦᠷᠢᠳᠦᠭᠦᠯᠬᠦ᠌ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠶ᠋ᠢᠨ ᠠᠷᠭ᠎ᠠ ᠬᠡᠮᠵᠢᠶ᠎ᠡ᠎ᠶ᠋ᠢ ᠬᠡᠷᠡᠭ᠌ᠵᠢᠭᠦᠯᠵᠦ᠍᠂ ᠵᠠᠰᠠᠭ ᠵᠠᠬᠢᠷᠭᠠᠨ᠎ᠤ ᠬᠢᠨᠠᠨ ᠵᠥᠪᠱᠢᠶᠡᠷᠡᠬᠦ᠌ ᠪᠠ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠲᠣᠪᠴᠢᠶ᠎ᠠ ᠪᠠᠢᠭᠤᠯᠥᠨ᠂ ᠬᠣᠲᠠ᠎ᠶ᠋ᠢᠨ ᠱᠢᠭᠤᠳ ᠬᠠᠷᠢᠶ᠎ᠠ 30 ᠰᠠᠯᠠᠭ᠎ᠠ ᠮᠥᠴᠢᠷ᠎ᠢ ᠵᠣᠬᠢᠶᠠᠨ ᠪᠠᠢᠭᠤᠯᠵᠤ ᠨᠡᠢᠭᠡᠮ᠎ᠳᠦ ᠬᠠᠨᠳᠤᠭᠤᠯᠤᠨ 103 ᠵᠦᠢᠯ᠎ᠦᠨ ᠬᠤᠳᠠᠯᠳᠤᠭ᠎ᠠ ᠡᠷᠬᠢᠯᠡᠬᠥ ᠣᠷᠴᠢᠨ ᠨᠥᠭᠥᠴᠡᠯ᠎ᠢ ᠰᠠᠢᠵᠢᠷᠠᠭᠤᠯᠬᠤ ᠠᠮᠠᠯᠠᠯᠲᠠ ᠬᠢᠯᠭᠡᠵᠦ᠍᠂ 《24 ᠴᠠᠭ᠎ᠵᠢᠡᠷ ᠠᠵᠢᠯᠯᠠᠬᠤ》 ᠠᠥ᠋ᠲ᠋ᠣ᠋ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠵᠠᠭ᠍ᠪᠤᠷ᠂ 《ᠵᠠᠰᠠᠭ᠎ᠤᠨ ᠶᠠᠪᠤᠳᠠᠯ᠎ᠤᠨ ᠵᠣᠴᠢᠳ᠎ᠤᠨ ᠲᠢᠩᠬᠢᠮ》 ᠵᠡᠷᠭᠡ ᠠᠴᠢᠶᠠᠯᠠᠪᠤᠷᠢ᠎ᠶ᠋ᠢ ᠬᠡᠷᠡᠭ᠌ᠵᠢᠭᠦᠯᠵᠦ᠂ ᠪᠥᠬᠥ᠌ ᠣᠷᠣᠨ᠎ᠳᠤ ᠪᠠᠷᠢᠯᠭ᠎ᠠ᠎ᠵᠢᠨ ᠪᠥᠲᠥᠭᠡᠨ ᠪᠠᠢᠭᠤᠯᠤᠯᠲᠠ᠎ᠶ᠋ᠢᠨ ᠲᠥᠷᠥᠯ ᠵᠦᠶ᠋ᠯ᠎ᠢ ᠱᠠᠲᠤ ᠠᠯᠤᠰᠯᠠᠨ ᠬᠢᠨᠠᠨ ᠵᠥᠪᠱᠢᠶᠡᠷᠡᠬᠦ᠌᠎ᠶ᠋ᠢ ᠤᠷᠢᠳᠠᠪᠠᠷ ᠪᠡᠶᠡᠯᠡᠭᠦᠯᠵᠦ᠍᠂ ᠠᠷᠠᠳ᠎ᠠᠴᠠ ᠡᠵᠡᠩᠨᠡᠭ᠌ᠰᠡᠨ ᠠᠵᠤ ᠠᠬᠤᠢᠯᠠᠯ᠎ᠤᠨ ᠵᠣᠭᠣᠰ ᠥᠷᠢᠲᠦᠭᠰᠡᠳᠢ ᠵᠠᠭᠠᠯᠳᠤᠵᠤ ᠢᠯᠡᠴᠢᠯᠡᠨ ᠮᠡᠳᠡᠭᠦᠯᠬᠦ᠌ ᠲᠣᠭ᠍ᠲᠠᠴᠠ ᠪᠠᠢᠭᠤᠯᠵᠦ᠂ ᠠᠵᠤ ᠠᠬᠤᠢᠯᠠᠯ᠎ᠳᠤ ᠬᠣᠯᠪᠣᠭ᠍ᠳᠠᠭ᠍ᠰᠠᠨ ᠬᠠᠷᠠᠭᠠᠯᠵᠠᠯ᠎ᠤᠨ ᠲᠥᠷᠥ᠎ᠶ᠋ᠢᠨ ᠪᠣᠳᠣᠯᠭ᠎ᠠ᠎ᠶ᠋ᠢᠨ ᠪᠠᠯᠠ ᠮᠥᠩᠭᠥ ᠵᠢ 4096 ᠲᠦᠮᠡᠨᠲᠥᠭᠥᠷᠢᠭᠨᠠᠢᠳᠠᠪᠤᠷᠢᠵᠢᠭᠤᠯᠵᠥ᠂ᠬᠤᠳᠠᠯᠳᠤᠭᠠᠡᠷᠭᠢᠯᠡᠬᠦ᠌ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠲᠤᠰᠭᠠᠶ ᠠᠵᠢᠯᠯᠠᠭ᠎ᠠ᠎ᠳᠤ ᠢᠯᠡᠳᠲᠡ ᠦᠷ᠎ᠡ ᠪᠦᠲᠦᠮᠵᠢ ᠤᠯᠤᠬᠰᠠᠨ ᠪᠠᠢᠨ᠎ᠠ᠃
ᠬᠤᠳᠠᠯᠳᠤᠭ᠎ᠠ ᠡᠷᠬᠢᠯᠡᠬᠥ ᠣᠷᠴᠢᠨ ᠨᠥᠬᠥᠴᠡᠯ ᠪᠣᠯ ᠠᠵᠤ ᠠᠬᠤᠢᠯᠠᠯ᠎ᠤᠨ ᠣᠷᠣᠱᠢᠨ ᠲᠣᠭ᠍ᠲᠠᠨᠢᠵᠤ ᠬᠥᠭ᠌ᠵᠢᠬᠦ᠌᠎ᠶ᠋ᠢᠨ ᠰᠢᠮᠡᠳᠥ ᠬᠥᠷᠥᠰᠥ᠍ ᠮᠥᠨ᠃ ᠪᠥᠬᠥ᠌ ᠬᠣᠲᠠ᠎ᠶ᠋ᠢᠨ ᠬᠠᠸ᠋ᠯᠢᠵᠢᠬᠰᠠᠨ᠂ ᠵᠠᠬ᠎ᠠ ᠳᠡᠯᠭᠡᠭᠦᠷᠴᠢᠯᠡᠬᠰᠡᠨ᠂ ᠲᠥᠬᠥᠮᠴᠢᠯᠡᠭᠰᠡᠨ ᠬᠤᠳᠠᠯᠳᠤᠭ᠎ᠠ ᠡᠷᠬᠢᠯᠡᠬᠥ ᠣᠷᠴᠢᠨ ᠨᠥᠬᠥᠴᠡᠯ᠎ᠢ ᠦᠷᠭᠦᠯᠵᠢᠯᠡᠨ ᠱᠢᠯᠢᠳᠡᠭ᠌ᠵᠢᠭᠦᠯᠬᠦ᠌᠎ᠶ᠋ᠢᠨ ᠲᠥᠯᠥᠭᠡ ᠡᠨᠡ ᠵᠢᠯ ᠲᠦᠩᠯᠢᠶᠣᠤ ᠬᠣᠲᠠ ᠬᠣᠲᠠ ᠬᠣᠱᠢᠭᠤ ᠬᠣᠶᠠᠷ ᠱᠠᠲᠤᠨ᠎ᠤ ᠵᠠᠰᠠᠭ᠎ᠤᠨ ᠶᠠᠪᠤᠳᠠᠯ᠎ᠤᠨ ᠶᠡᠬᠡ ᠲᠢᠩᠬᠢᠮ᠎ᠳᠦ《ᠪᠥᠬᠥ᠌ ᠬᠣᠲᠠ ᠳ᠋ᠤ ᠲᠥᠭᠡᠮᠡᠯ ᠬᠥᠢᠴᠡᠳᠭᠡᠬᠥ》ᠴᠣᠩᠬᠣᠪᠴᠢ ᠲᠤᠬᠢᠷᠠᠭᠤᠯᠵᠥ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠵᠤ ᠠᠬᠤᠢᠯᠠᠯ᠎ᠳᠤ ᠬᠣᠯᠪᠣᠭ᠍ᠳᠠᠬᠤ ᠦᠶ᠋ᠯᠡᠴᠢᠯᠡᠭᠡᠨ᠎ᠦ《ᠪᠥᠬᠥ᠌ ᠬᠣᠲᠠ᠎ᠳ᠋ᠤ ᠲᠥᠭᠡᠮᠡᠯ ᠬᠥᠢᠴᠡᠳᠭᠡᠬᠥ》 ᠲᠤᠬᠠᠢᠯᠠᠭ᠍ᠰᠠᠨ ᠠᠵᠢᠯ᠎ᠤᠨ ᠬᠠᠮᠤᠷᠬᠤ ᠬᠦᠷᠢᠶ᠎ᠡ ᠬᠡᠪᠴᠢᠶ᠎ᠡ᠎ᠶ᠋ᠢ ᠢᠳᠡᠪᠬᠢᠲᠡᠶ᠎ᠪᠡᠷ ᠥᠷᠭᠡᠳᠭᠡᠨ᠂ ᠠᠵᠤ ᠠᠬᠤᠢᠯᠠᠯ᠎ᠳᠤ ᠬᠣᠯᠪᠣᠭ᠍ᠳᠠᠬᠤ ᠦᠶ᠋ᠯᠡᠴᠢᠯᠡᠭᠡᠨ᠎ᠦ ᠲᠦᠪᠱᠢᠨ᠎ᠢ ᠳᠡᠭᠡᠭ᠌ᠰᠢᠯᠡᠭᠦᠯᠪᠠ᠃ ᠬᠠᠪᠤᠷ᠎ᠤᠨ ᠤᠯᠠᠷᠢᠯ᠎ᠤᠨ ᠲᠥᠷᠥᠯ ᠵᠦᠶ᠋ᠯ᠎ᠢ ᠠᠵᠢᠯᠡᠬᠢᠯᠡᠭᠦᠯᠬᠦ᠌ᠴᠠᠭᠲᠤ᠂ ᠭᠣᠸ᠋ᠯᠳᠠᠯᠭ᠎ᠠ᠎ᠲᠠᠶ ᠲᠥᠷᠥᠯ ᠵᠦᠶ᠋ᠯ᠎ᠢ ᠲᠥᠪᠯᠡᠷᠡᠭᠦᠯᠦᠨ ᠬᠢᠨᠠᠨ ᠵᠥᠪᠱᠢᠶᠡᠷᠡᠬᠦ᠌ ᠰᠠᠷ᠎ᠠ᠎ᠶ᠋ᠢᠨ ᠠᠵᠢᠯᠯᠠᠭ᠎ᠠ᠎ᠶ᠋ᠢ ᠦᠷᠭᠦᠯᠵᠢᠯᠡᠨ ᠥᠷᠨᠢᠭᠦᠯᠵᠦ᠍᠂ ᠰᠠᠯᠠᠭ᠎ᠠ ᠮᠥᠴᠢᠷ ᠠᠯᠤᠰᠯᠠᠭ᠍ᠰᠠᠨ᠂ ᠬᠢᠨᠠᠨ ᠵᠥᠪᠱᠢᠶᠡᠷᠡᠬᠦ᠌ ᠲᠡᠰ ᠳᠠᠷᠠᠭᠠᠯᠠᠯ᠎ᠢ ᠰᠤᠯᠢᠬᠰᠠᠨ ᠵᠡᠷᠭᠡ ᠭᠣᠸ᠋ᠯᠳᠠᠯᠭ᠎ᠠ᠎ᠲᠠᠶ ᠲᠥᠷᠥᠯ ᠵᠦᠶ᠋ᠯ᠎ᠢ ᠨᠠᠢᠳᠠᠪᠤᠷᠢᠵᠢᠭᠤᠯᠬᠤ ᠠᠬᠢᠴᠠ᠎ᠶ᠋ᠢ ᠦᠨᠡᠨᠬᠦ᠌ ᠲᠦᠷᠭᠡᠳᠭᠡᠵᠠᠢ᠃ ᠡᠭᠦᠨ᠎ᠦ ᠬᠠᠮᠲᠤ ᠠᠵᠤ ᠠᠬᠤᠢᠯᠠᠯ᠎ᠳᠤ ᠠᠱᠢᠭ ᠬᠦᠷᠲᠡᠭᠡᠬᠦ᠌ ᠲᠥᠷᠥ᠎ᠶ᠋ᠢᠨ ᠪᠣᠳᠣᠯᠭ᠎ᠠ᠎ᠶ᠋ᠢᠨ《ᠭᠤᠶᠤᠴᠢᠯᠠᠬᠤ ᠥᠬᠡᠶ᠎ᠪᠡᠷ ᠡᠳ᠋ᠯᠡᠬᠦ᠌》 ᠵᠢ ᠢᠳᠡᠪᠬᠢᠲᠡᠶ᠎ᠪᠡᠷ ᠬᠠᠢᠨ ᠰᠦᠪᠡᠭ᠌ᠴᠢᠯᠡᠵᠦ᠍᠂ ᠠᠵᠤ ᠠᠬᠤᠢᠯᠠᠯ᠎ᠳᠤ ᠠᠱᠢᠭ ᠬᠦᠷᠲᠡᠭᠡᠬᠦ᠌ ᠲᠥᠷᠥ᠎ᠶ᠋ᠢᠨ ᠪᠣᠳᠣᠯᠭ᠎ᠠ᠎ᠶ᠋ᠢᠨ ᠬᠠᠨᠳᠤᠯᠭᠠᠲᠤ ᠴᠢᠨᠠᠷ᠂ ᠪᠣᠯᠤᠮᠵᠢᠲᠤ ᠴᠢᠨᠠᠷ ᠪᠠ ᠴᠠᠭ ᠲᠤᠬᠠᠢᠳᠥ ᠴᠢᠨᠠᠷ᠎ᠢ ᠦᠨᠡᠨ ᠬᠦ᠌ ᠳᠡᠭᠡᠭ᠌ᠰᠢᠯᠡᠭᠦᠯᠵᠠᠢ᠃ ᠬᠤᠯᠪᠤᠭᠠᠯᠠᠨ ᠬᠢᠨᠠᠨ ᠵᠥᠪᠱᠢᠶᠡᠷᠡᠬᠦ᠌᠂ ᠣᠷᠣᠨ ᠪᠦᠰᠡ᠎ᠶ᠋ᠢᠨ ᠦᠨᠡᠯᠡᠨ ᠵᠢᠱ᠌ᠢᠯᠲᠡ ᠬᠢᠬᠦ᠌᠂ ᠪᠠᠷᠢᠯᠭ᠎ᠠ ᠵᠢᠨ ᠣᠯᠠᠨ ᠵᠢᠷᠤᠭ᠎ᠢ ᠬᠠᠮᠲᠤᠷᠠᠨ ᠬᠢᠨᠠᠨ ᠪᠠᠢᠴᠠᠭᠠᠬᠤ᠂ ᠪᠠᠷᠢᠯᠭ᠎ᠠ ᠳᠠᠭᠤᠰᠤᠭ᠍ᠰᠠᠨ᠎ᠢ ᠬᠤᠯᠪᠤᠭᠠᠯᠠᠨ ᠱᠢᠯᠭᠠᠨ ᠬᠤᠷᠢᠶᠠᠨ ᠠᠪᠬᠤ ᠵᠡᠷᠭᠡ ᠠᠷᠭ᠎ᠠ ᠬᠡᠮᠵᠢᠶ᠎ᠡ᠎ᠶ᠋ᠢ ᠤᠯᠠᠮ ᠨᠢᠭᠡ ᠠᠯᠬᠤᠮ ᠬᠡᠷᠡᠭ᠌ᠵᠢᠭᠦᠯᠵᠥ᠂ ᠰᠠᠯᠠᠭ᠎ᠠ ᠮᠥᠴᠢᠷ ᠪᠠ ᠱᠠᠲᠤ ᠳᠠᠪᠬᠤᠷᠭ᠎ᠠ ᠠᠯᠤᠰᠯᠠᠠ ᠭᠦᠶ᠋ᠴᠡᠳᠭᠡᠬᠦ᠌ ᠶᠠᠪᠤᠴᠠ ᠵᠢ ᠬᠦᠴᠦᠯᠡᠨ ᠱᠢᠯᠢᠳᠡᠭ᠌ᠵᠢᠭᠦᠯᠵᠦ᠍᠂ ᠡᠨᠡ ᠵᠢᠯ᠎ᠦᠨ ᠡᠴᠦᠰ ᠪᠣᠯᠬᠤ᠎ᠳᠤ ᠪᠥᠬᠥ᠌ ᠬᠣᠲᠠ᠎ᠶ᠋ᠢᠨ ᠪᠠᠷᠢᠯᠭ᠎ᠠ ᠵᠢᠨᠪᠥᠲᠥᠭᠡᠨ ᠪᠠᠢᠭᠤᠯᠤᠯᠲᠠ᠎ᠶ᠋ᠢᠨ ᠲᠥᠷᠥᠯ ᠵᠦᠶ᠋ᠯ᠎ᠦᠨ ᠪᠥᠬᠥ᠌ ᠶᠠᠪᠤᠴᠠ ᠵᠢᠨ ᠬᠢᠨᠠᠨ ᠵᠥᠪᠱᠢᠶᠡᠷᠡᠯ᠎ᠢ 40 ᠠᠵᠢᠯᠯᠠᠬᠤ ᠡᠳᠦᠷ᠎ᠦᠨ ᠳᠣᠲᠣᠷ᠎ᠠ ᠭᠦᠶ᠋ᠴᠡᠳᠭᠡᠬᠥ ᠪᠡᠷ ᠴᠢᠷᠮᠠᠢᠵᠤ ᠪᠤᠢ᠃
ᠠᠷᠠᠳ᠎ᠲᠤ ᠲᠥᠬᠥᠮ ᠦᠵᠡᠭᠦᠯᠬᠦ᠌ ᠦᠶ᠋ᠯᠡᠴᠢᠯᠡᠭᠡ᠎ᠳᠦ ᠠᠩᠬᠠᠷᠤᠯ᠎ᠢᠶᠠᠨ ᠲᠥᠪᠯᠡᠷᠡᠭᠦᠯᠦᠨ᠂《ᠨᠢᠭᠡ ᠰᠦᠯᠵᠢᠶ᠎ᠡ᠎ᠪᠡᠷ ᠭᠦᠶ᠋ᠴᠡᠳᠭᠡᠬᠦ᠌》 ᠴᠢᠳᠠᠪᠤᠷᠢ᠎ᠶ᠋ᠢ ᠦᠷᠭᠦᠯᠵᠢᠯᠡᠨ ᠳᠡᠭᠡᠭ᠌ᠰᠢᠯᠡᠭᠦᠯᠵᠦ᠍᠂ ᠨᠠᠩ ᠣᠯᠠᠨ ᠦᠶ᠋ᠯᠡᠴᠢᠯᠡᠭᠡᠨ᠎ᠦ ᠵᠦᠶ᠋ᠯᠡᠰ᠎ᠢ《ᠨᠢᠭᠡ ᠯᠡ ᠤᠳᠠᠭ᠎ᠠ᠎ᠳᠤ ᠭᠦᠶ᠋ᠴᠡᠳᠭᠡᠬᠦ᠌》 ᠵᠢ ᠠᠬᠢᠭᠤᠯᠵᠦ᠂ ᠨᠠᠩ ᠣᠯᠠᠨ ᠥᠨᠳᠥᠷ ᠲᠠᠪᠳᠠᠮᠵᠢᠳᠤ ᠠᠷᠠᠳ᠎ᠤᠨ ᠠᠮᠢᠳᠤᠷᠠᠯ᠎ᠤᠨ ᠵᠦᠶ᠋ᠯᠡᠰ᠎ᠢ 《ᠠᠯᠠᠭᠠᠨ ᠳᠡᠭᠡᠷ᠎ᠡ᠎ᠪᠡᠨ ᠭᠦᠶ᠋ᠴᠡᠳᠭᠡᠬᠦ᠌ 》 ᠵᠢ ᠠᠬᠢᠭᠤᠯᠵᠤ᠂ 《ᠮᠥᠩᠬᠡ ᠰᠤᠪᠠᠬ》ᠤ᠋ᠠ ᠱᠢᠯᠵᠢᠮᠡᠯ ᠰᠥᠯᠵᠢᠶᠠᠨ ᠳ᠋ᠡᠬᠢ ᠥᠨᠳᠥᠷ ᠲᠠᠪᠳᠠᠮᠵᠢᠳᠤ ᠬᠡᠷᠡᠭ᠌ᠯᠡᠭᠡᠨ᠎ᠦ ᠬᠠᠮᠤᠷᠬᠤ ᠬᠡᠪᠴᠢᠶ᠎ᠡ᠎ᠶ᠋ᠢ ᠭᠣᠸ᠋ᠯᠳᠠᠯᠭ᠎ᠠ᠎ᠲᠠᠶ ᠥᠷᠭᠡᠳᠭᠡᠨ᠂ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ《ᠲᠠᠨ᠎ᠢ ᠬᠠᠪᠰᠤᠷᠤᠨ ᠭᠦᠶ᠋ᠴᠡᠳᠭᠡᠬᠦ᠌》 ᠵᠢ ᠠᠬᠢᠭᠤᠯᠵᠤ᠂ ᠣᠷᠣᠯᠠᠨ ᠭᠦᠶ᠋ᠴᠡᠳᠭᠡᠬᠦ᠌ ᠬᠠᠪᠰᠤᠷᠤᠨ ᠭᠦᠶ᠋ᠴᠡᠳᠭᠡᠬᠦ᠌ ᠡᠩᠨᠡᠭᠡ᠎ᠶ᠋ᠢ ᠤᠯᠠᠮ ᠨᠢᠭᠡ ᠠᠯᠬᠤᠮ ᠲᠡᠭᠦᠯᠳᠡᠷᠵᠢᠭᠦᠯᠵᠤ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠹᠦ᠋ ᠭᠸᠨ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃