ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ᠎ᠢ᠋ ᠱᠢᠯᠢᠳᠡᠭᠵᠢᠭᠦᠯᠦᠶ᠎᠎ᠡ > ᠥᠪᠥᠷ ᠮᠣᠩᠭᠣᠯ᠎ᠤ᠋ᠨ ᠠᠵᠢᠯᠯᠠᠭ᠎ᠠ

2022-02-26 10:46:43

ᠵᠣᠬᠢᠶᠠᠭ᠍ᠴᠢ᠄ ᠲᠡᠭᠦᠰᠪᠢᠯᠢᠭ ᠣᠩᠱᠢᠭ᠍ᠰᠠᠨ ᠣᠳᠠᠭ᠎ᠠ᠄ 3

《ᠣᠲᠣ ᠡᠵᠡᠩᠨᠡᠯᠲᠡ᠎ᠶᠢᠨ ᠦᠨᠡᠮᠯᠡᠯ ᠠᠪᠬᠤ᠎ᠳᠦ ᠦᠨᠡᠬᠡᠷ ᠲᠥᠬᠥᠮ ᠪᠣᠯᠵᠠᠶ᠂ ᠲᠤᠬᠠᠶ᠎ᠶᠢᠨ ᠡᠳᠦᠷ᠎ᠲᠦ ᠭᠠᠷ ᠭᠦᠢᠴᠡᠳᠬᠡᠯ ᠬᠢᠪᠠᠯ ᠲᠤᠬᠠᠢ᠎ᠶᠢᠨ ᠡᠳᠦᠷ᠎ᠲᠡᠭᠡᠨ ᠦᠨᠡᠮᠯᠡᠯ᠎ᠢᠶᠡᠨ ᠠᠪᠴᠢᠬᠠᠨ᠎ᠠ᠂ ᠠᠵᠢᠯᠲᠠᠨ᠎ᠤ ᠦᠢᠯᠡᠴᠢᠯᠡᠭᠡᠨ᠎ᠦ ᠣᠪᠣᠷ ᠰᠠᠢᠨ ᠪᠥᠭᠡᠤᠨ ᠲᠤᠬᠠᠢᠯᠠᠭᠰᠠᠨ᠎ᠠᠵᠢᠯ᠎ᠤᠨ᠎ᠲᠦᠪᠰᠢᠨ᠎ᠴᠦ᠎ᠥᠨᠳᠥᠷ᠂᠎ᠦᠨᠡᠬᠡᠷ᠎ᠰᠡᠳᠬᠢᠯ᠎ᠬᠠᠨᠤᠮᠵᠢᠲᠠᠶ᠎ᠪᠠᠢᠨ᠎ᠠ!᠎ᠪᠢ ᠤᠳᠠᠯ ᠦᠭᠡᠢ ᠳᠡᠯᠭᠡᠭᠦᠷ᠎ᠢᠶᠡᠨ ᠵᠠᠰᠠᠭᠠᠳ᠂ ᠴᠠᠭ᠎ᠲᠠᠭᠠᠨ ᠡᠵᠡᠩᠨᠡᠯᠲᠡ᠎ᠪᠡᠨ ᠡᠬᠢᠯᠡᠭᠦᠯᠬᠦ ᠪᠤᠯᠤᠨ᠎ᠠ》 ᠭᠡᠵᠦ ᠰᠠᠶᠢᠬᠠᠨ ᠡᠵᠡᠩᠨᠡᠯᠲᠡ᠎ᠶᠢᠨ ᠦᠨᠡᠮᠯᠡᠯ᠎ᠣᠯᠵᠤ ᠦᠰᠦ ᠵᠠᠰᠠᠬᠤ ᠳᠡᠯᠭᠡᠭᠦᠷ ᠨᠡᠭᠡᠭᠡᠬᠦ᠎ᠪᠡᠷ ᠪᠡᠯᠡᠳᠬᠡᠵᠦ ᠪᠠᠢᠭ᠎ᠠ ᠪᠠᠶᠠᠨᠨᠠᠭᠤᠷ ᠬᠤᠳᠠ᠎ᠶᠢᠨ ᠯᠢᠨᠾᠧ ᠲᠣᠭᠣᠷᠢᠭ᠎ᠤᠨ ᠵᠠᠯᠠᠭᠤ ᠸᠠᠩ ᠰᠢ ᠺᠸ ᠰᠡᠳᠬᠢᠯ ᠳᠣᠭᠳᠣᠯᠤᠨ ᠬᠡᠯᠡᠨ᠎ᠡ᠃

2 ᠰᠠᠷ᠎ᠠ᠎ᠶᠢᠨ 7᠎ᠤ ᠡᠳᠦᠷ᠂ ᠴᠠᠭᠠᠨ ᠰᠠᠷ᠎ᠠ᠎ᠶᠢᠨ ᠠᠮᠠᠷᠠᠯᠲᠠ᠎ᠶᠢᠨ ᠲᠠᠷᠠᠭ᠎ᠠ ᠠᠵᠢᠯ᠎ᠳᠤ ᠭᠠᠷᠤᠭᠰᠠᠨ ᠠᠩᠬᠠᠨ᠎ᠤ ᠡᠳᠦᠷ᠎ᠲᠦ᠂ ᠲᠡᠷᠡ ᠪᠠᠶᠠᠨᠨᠠᠭᠤᠷ ᠬᠤᠳᠠ᠎ᠶᠢᠨ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠲᠥᠪ᠎ᠲᠦ ᠬᠦᠷᠴᠦ ᠡᠵᠡᠩᠨᠡᠯᠲᠡ᠎ᠶᠢᠨ ᠦᠨᠡᠮᠯᠡᠯ᠎ᠭᠦᠢᠴᠡᠳᠬᠡᠪᠡ᠃᠎ᠠᠵᠢᠯᠲᠠᠨ᠎ᠤ᠎ᠬᠦᠯᠢᠴᠡᠩᠭᠦᠶ᠎ᠪᠥᠭᠡᠳ᠎ᠨᠢᠮᠪᠠᠶ ᠵᠢᠯᠣᠭᠣᠳᠣᠯᠭ᠎ᠠ ᠳᠤᠤᠷ᠎ᠠ᠂ ᠡᠯ᠎ᠡ ᠵᠦᠢᠯ᠎ᠦᠨ ᠲᠤᠬᠠᠢᠯᠠᠭᠰᠠᠨ ᠠᠵᠢᠯ᠎ᠢ ᠮᠠᠰᠢ ᠤᠷᠤᠭᠰᠢᠲᠠᠶ ᠬᠦᠢᠴᠡᠳᠬᠡᠵᠦ᠂ ᠲᠣᠰ ᠡᠳᠦᠷ᠎ᠲᠡᠭᠡᠨ ᠬᠢᠨᠠᠨ ᠬᠠᠷᠭᠤᠭᠤᠯᠵᠤ ᠪᠠᠲᠤᠯᠠᠭᠠᠳ ᠡᠵᠡᠩᠨᠡᠯᠲᠡ᠎ᠶᠢᠨ ᠦᠨᠡᠮᠯᠡᠯ ᠣᠯᠵᠠᠶ᠃ ᠡᠨᠡ ᠨᠢ ᠲᠦᠩᠭᠡᠵᠢ 20 ᠬᠦᠷᠦᠭᠰᠡᠨ ᠸᠠᠩ ᠰᠢ ᠺᠧ᠎ᠳᠦ ᠠᠪᠴᠤ ᠬᠡᠯᠡᠪᠡᠯ ᠶᠡᠷᠦ ᠪᠤᠰᠤ᠎ᠶᠢᠨ ᠤᠳᠬ᠎ᠠ ᠠᠭᠤᠯᠭ᠎ᠠ᠎ᠲᠠᠶ ᠪᠢᠯᠠ᠃

2021 ᠣᠨ᠎ᠳᠤ᠂ ᠪᠠᠶᠠᠨᠨᠠᠭᠤᠷ ᠬᠣᠲᠠ《ᠶᠡᠷᠦᠩᠬᠡᠢᠯᠡᠭᠰᠡᠨ ᠨᠢᠭᠡ ᠴᠣᠩᠬᠣᠪᠴᠢ》᠎ᠵᠢᠨ ᠭᠥᠯᠢᠶᠡᠨ ᠠᠪᠴᠤ ᠰᠢᠢᠳᠪᠦᠷᠢᠯᠡᠬᠦ ᠲᠠᠪᠴᠠᠩ᠎ᠢ ᠪᠠᠢᠭᠤᠯᠤᠨ ᠬᠡᠷᠡᠭᠯᠡᠭᠰᠡᠨ ᠪᠥᠭᠡᠳ ᠨᠠᠩ ᠣᠯᠠᠨ ᠵᠦᠢᠯᠡᠰ᠎ᠢ 《ᠨᠢᠭᠡ ᠰᠦᠯᠵᠢᠶ᠎ᠡ᠎ᠪᠡᠷ ᠭᠦᠢᠴᠡᠳᠬᠡᠬᠦ》᠂ 《ᠨᠢᠭᠡ ᠯᠡ ᠤᠳᠠᠭ᠎ᠠ᠎ᠳᠤ ᠭᠦᠢᠴᠡᠳᠬᠡᠬᠦ》᠂ 《ᠠᠯᠠᠭᠠᠨ ᠳᠡᠭᠡᠷ᠎ᠡ᠎ᠪᠡᠨ ᠭᠦᠢᠴᠡᠳᠬᠡᠬᠦ》᠂ 《ᠲᠠᠨ᠎ᠳᠤ ᠬᠠᠪᠰᠤᠷᠤᠨ ᠭᠦᠢᠴᠡᠳᠬᠡᠬᠦ》᠎ᠵᠢ ᠠᠬᠢᠭᠤᠯᠪᠠ᠃ ᠣᠳᠣᠬᠠᠨ᠎ᠳᠤ᠂ ᠲᠣᠰ ᠬᠣᠲᠠ᠎ᠶᠢᠨ ᠨᠢᠭᠡ ᠴᠣᠭᠴᠠᠵᠢᠭᠤᠯᠤᠭᠰᠠᠨ ᠲᠠᠪᠴᠠᠩ᠎ᠨᠢ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ 1556 ᠵᠦᠢᠯᠡᠰ᠎ᠢ ᠳᠠᠭᠠᠭᠠᠨ ᠠᠪᠴᠤ ᠨᠡᠢᠲᠡᠯᠡᠨ᠂ ᠣᠨᠴᠠᠯᠢᠭ ᠪᠥᠬᠥᠶ ᠲᠤᠰᠬᠠᠶ ᠰᠡᠳᠦᠪ 79 ᠵᠢ ᠨᠡᠢᠲᠡᠯᠡᠵᠦ᠂ ᠠᠷᠠᠳ᠎ᠲᠤ ᠲᠥᠬᠥᠮ ᠦᠵᠡᠭᠦᠯᠬᠦ ᠬᠡᠷᠡᠭᠯᠡᠭᠡᠨ᠎ᠳᠦ 37᠎ᠵᠢ ᠵᠠᠯᠭᠠᠨ ᠣᠷᠣᠭᠤᠯᠪᠠ᠃ 《ᠮᠥᠩᠬᠡ ᠰᠤᠪᠠᠭ》 APP᠎ᠳᠤ ᠨᠡᠢᠲᠡ 163 ᠣᠨᠴᠠᠯᠢᠭᠲᠤ ᠬᠡᠷᠡᠭᠯᠡᠭᠡᠨ᠎ᠢ ᠣᠷᠣᠭᠤᠯᠵᠤ᠂ ᠦᠨᠡᠨ ᠨᠡᠷ᠎ᠡ᠎ᠪᠡᠷ ᠳᠠᠩᠰᠠᠯᠠᠭᠤᠯᠤᠭᠰᠠᠨ ᠬᠡᠮᠵᠢᠶ᠎ᠡ 54.1 ᠲᠦᠮᠡᠨ ᠬᠥᠮᠦᠨ ᠪᠤᠯᠵᠤ ᠨᠡᠮᠡᠭᠳᠡᠪᠡ᠃ 《ᠨᠢᠭᠡ ᠤᠴᠢᠷ᠎ᠢ ᠨᠢᠭᠡ ᠯᠡ ᠤᠳᠠᠭ᠎ᠠ᠎ᠳᠤ ᠬᠥᠢᠴᠡᠳᠭᠡᠬᠥ》 ᠰᠦᠯᠵᠢᠶᠡᠨ ᠭᠠᠳᠠᠨᠠᠬᠢ ᠶᠡᠷᠦᠩᠬᠡᠢᠯᠡᠭᠰᠡᠨ ᠴᠣᠩᠬᠤᠪᠴᠢ᠎ᠶᠢ ᠨᠢᠭᠡᠳᠦᠯᠲᠡᠶ ᠪᠠᠢᠷᠢᠯᠠᠭᠤᠯᠵᠤ᠂ 103《ᠨᠢᠭᠡ ᠯᠡ ᠤᠳᠠᠭ᠎ᠠ᠎ᠳᠤ ᠬᠥᠢᠴᠡᠳᠭᠡᠬᠥ》 ᠭᠤᠤᠯ ᠰᠡᠳᠦᠪᠲᠦ ᠵᠦᠢᠯᠡᠰ᠎ᠦᠨ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠵᠢᠴᠢ ᠴᠤᠪᠤᠷᠠᠯ᠎ᠤᠨ ᠵᠢᠷᠤᠭ᠎ᠢ ᠨᠠᠷᠢᠯᠢᠬᠵᠢᠭᠤᠯᠤᠨ ᠲᠡᠭᠦᠯᠳᠡᠷᠵᠢᠭᠦᠯᠵᠦ᠂ ᠬᠢᠨᠠᠨ ᠵᠥᠪᠰᠢᠶᠡᠷᠡᠬᠦ ᠬᠡᠯᠬᠢᠶᠡᠰᠦ ᠳᠡᠭᠡᠷᠡᠬᠢ ᠣᠯᠠᠨ ᠰᠠᠯᠠᠭ᠎ᠠ ᠮᠥᠴᠢᠷ᠎ᠦᠨ ᠭᠤᠶᠤᠴᠢᠯᠠᠯ᠎ᠤᠨ ᠬᠦᠰᠦᠨᠦᠭᠲᠦ᠎ᠶᠢ 《ᠨᠢᠭᠡ ᠯᠡ ᠬᠦᠰᠦᠨᠦᠭ》 ᠪᠣᠯᠭᠠᠨ ᠡᠮᠬᠢᠯᠡᠨ ᠨᠡᠢᠯᠡᠭᠦᠯᠵᠦ᠂ 《ᠡᠮᠦᠨ᠎ᠡ ᠲᠠᠪᠴᠠᠩ᠎ᠢᠶᠠᠷ ᠶᠡᠷᠦᠩᠬᠡᠢᠯᠡᠨ ᠭᠥᠯᠢᠶᠡᠨ ᠠᠪᠴᠤ ᠰᠢᠢᠳᠪᠦᠷᠢᠯᠡᠬᠦ᠂ ᠠᠷᠤ ᠲᠠᠪᠴᠠᠩ᠎ᠢᠶᠠᠷ ᠲᠥᠷᠥᠯ ᠬᠤᠪᠢᠶᠠᠨ ᠬᠢᠨᠠᠨ ᠵᠥᠪᠰᠢᠶᠡᠷᠡᠬᠦ᠂ ᠨᠢᠭᠡᠳᠦᠯᠲᠡᠶ ᠴᠣᠩᠬᠤᠪᠴᠢ᠎ᠪᠠᠷ ᠪᠢᠴᠢᠭ ᠮᠠᠲ᠋ᠧᠷᠢᠶᠠᠯ ᠭᠠᠷᠭᠠᠬᠤ》 ᠭᠦᠢᠴᠡᠳᠬᠡᠬᠦ ᠵᠠᠭᠪᠤᠷ᠎ᠢ ᠬᠡᠷᠡᠭᠵᠢᠭᠦᠯᠪᠡ᠃

ᠥᠭᠡᠷᠡᠴᠢᠯᠡᠯᠲᠡ᠎ᠡᠴᠡ ᠡᠮᠦᠨᠡᠬᠢ᠎ᠲᠡᠶ ᠬᠠᠷᠢᠴᠠᠭᠤᠯᠪᠠᠯ᠂ ᠬᠣᠲᠠ᠂ ᠬᠣᠰᠢᠭᠤ ᠰᠢᠶᠠᠨ ᠲᠣᠭᠣᠷᠢᠭ᠎ᠤᠨ ᠬᠣᠶᠠᠷ ᠱᠠᠲᠤᠨ᠎ᠤ 791《ᠨᠢᠭᠡ ᠯᠡ ᠤᠳᠠᠭ᠎ᠠ᠎ᠳᠤ ᠭᠦᠢᠴᠡᠳᠬᠡᠬᠦ》 ᠵᠦᠢᠯᠡᠰ᠎ᠦᠨ ᠠᠵᠢᠯ ᠶᠠᠪᠤᠳᠠᠯ ᠭᠦᠢᠴᠡᠳᠬᠡᠬᠦ ᠮᠠᠲ᠋ᠧᠷᠢᠶᠠᠯ ᠳᠤᠮᠳᠠᠴᠢ᠎ᠪᠠᠷ 60.18% ᠪᠠᠷ ᠪᠠᠭᠠᠰᠴᠤ᠂ ᠭᠦᠢᠴᠡᠳᠬᠡᠬᠦ ᠭᠣᠭᠴᠣᠭ᠎ᠠ᠎ᠨᠢ ᠳᠤᠮᠳᠠᠴᠢ᠎ᠪᠠᠷ 64.36% ᠪᠠᠷ ᠪᠠᠭᠠᠰᠴᠤ᠂ ᠭᠦᠢᠴᠡᠳᠬᠡᠬᠦ ᠴᠠᠭ᠎ᠨᠢ ᠳᠤᠮᠳᠠᠴᠢ᠎ᠪᠠᠷ 45.07% ᠪᠠᠷ ᠪᠣᠭᠣᠨᠢᠰᠪᠠ᠃ ᠪᠥᠬᠥ ᠬᠣᠲᠠ᠎ᠳᠤ ᠨᠡᠢᠲᠡ 14.2 ᠲᠦᠮᠡ ᠭᠠᠷᠤᠶ 《ᠨᠢᠭᠡ ᠯᠡ ᠤᠳᠠᠭ᠎ᠠ᠎ᠳᠤ ᠭᠦᠢᠴᠡᠳᠬᠡᠬᠦ》 ᠵᠦᠢᠯᠡᠰ᠎ᠢ ᠰᠢᠢᠳᠪᠦᠷᠢᠯᠡᠪᠡ᠃ ᠪᠥᠬᠥ ᠬᠣᠲᠠ᠎ᠳᠤ 《ᠲᠠᠨ᠎ᠳᠤ ᠬᠠᠪᠰᠤᠷᠤᠨ ᠭᠦᠢᠴᠡᠳᠬᠡᠬᠦ》 ᠴᠣᠩᠬᠣᠪᠴᠢ 24 ᠲᠣᠬᠢᠷᠠᠭᠤᠯᠵᠤ᠂ ᠣᠷᠣᠯᠠᠨ ᠭᠦᠢᠴᠡᠳᠬᠡᠵᠦ ᠬᠠᠪᠰᠤᠷᠤᠨ ᠭᠦᠢᠴᠡᠳᠬᠡᠬᠦ ᠠᠵᠢᠯᠲᠠᠨ 165 ᠬᠥᠮᠦᠨ (ᠲᠤᠰᠬᠠᠶ ᠲᠤᠰᠢᠶᠠᠯᠲᠤ ᠠᠵᠢᠯᠲᠠᠨ 25 ᠬᠥᠮᠦᠨ ) ᠲᠣᠬᠢᠷᠠᠭᠤᠯᠵᠤ᠂ ᠨᠡᠢᠲᠡ 262 ᠲᠥᠷᠥᠯ ᠵᠦᠢᠯ᠎ᠳᠦ ᠣᠷᠣᠯᠠᠨ ᠭᠦᠢᠴᠡᠳᠬᠡᠵᠦ ᠬᠠᠪᠰᠤᠷᠤᠨ ᠭᠦᠢᠴᠡᠳᠬᠡᠬᠦ ᠦᠢᠯᠡᠴᠢᠯᠡᠭᠡ ᠬᠠᠩᠭᠠᠵᠤ᠂ ᠲᠥᠷᠥᠯ ᠵᠦᠢᠯ᠎ᠢ ᠲᠦᠷᠭᠡᠳᠬᠡᠨ ᠨᠠᠢᠳᠠᠪᠤᠷᠢᠵᠢᠭᠤᠯᠵᠤ ᠠᠵᠢᠯ ᠡᠬᠢᠯᠡᠭᠦᠯᠬᠦ᠎ᠳᠦ ᠬᠦᠴᠦᠨ ᠨᠡᠮᠡᠷᠢᠯᠡᠪᠡ᠃

《ᠲᠠ ᠰᠠᠢ᠌ᠨ ᠤᠤ? ᠡᠨᠡ ᠪᠣᠯ 12345 ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠠᠷᠠᠳ᠎ᠲᠤ ᠳᠥᠭᠥᠮ ᠦᠵᠡᠭᠦᠯᠬᠦ ᠬᠠᠯᠠᠮᠰᠢᠯ ᠤᠲᠠᠰᠤ᠂ ᠲᠠᠨ᠎ᠳᠤ ᠬᠠᠪᠰᠤᠷᠤᠮᠠᠷ ᠵᠦᠢᠯ ᠪᠠᠢᠨ᠎ᠠ ᠦᠦ?》 ᠪᠠᠶᠠᠨᠨᠠᠭᠤᠷ ᠬᠣᠲᠠ᠎ᠶᠢᠨ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠲᠥᠪ᠎ᠦᠨ ᠬᠣᠶᠠᠳᠤᠭᠠᠷ ᠠᠰᠠᠷ᠎ᠤᠨ ᠬᠣᠲᠠ᠎ᠶᠢᠨ12345 ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠠᠷᠠᠳ᠎ᠲᠤ ᠲᠥᠬᠥᠮ ᠦᠵᠡᠭᠦᠯᠬᠦ ᠬᠠᠯᠠᠮᠰᠢᠯ ᠤᠲᠠᠰᠤ᠎ᠶᠢ ᠵᠢᠯᠣᠭᠣᠳᠤᠨ ᠲᠣᠬᠢᠷᠠᠭᠤᠯᠬᠤ ᠲᠥᠪ᠎ᠲᠦ 29 ᠤᠲᠠᠰᠤ ᠵᠠᠯᠭᠠᠭᠴᠢ ᠶᠠᠭᠠᠷᠠᠯᠲᠠᠶ ᠠᠵᠢᠯᠯᠠᠨ᠎ᠠ᠃ ᠲᠤᠰ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠠᠷᠠᠳ᠎ᠲᠤ ᠳᠥᠭᠥᠮ ᠦᠵᠡᠭᠦᠯᠬᠦ ᠬᠠᠯᠠᠮᠰᠢᠯ ᠤᠲᠠᠰᠤ ᠨᠢ ᠪᠦᠬᠦ ᠵᠢᠯ᠎ᠳᠦ ᠠᠮᠠᠷᠠᠬᠤ ᠦᠭᠡᠶ ᠪᠠᠢᠵᠤ᠂ 24 ᠴᠠᠭ᠎ᠢᠶᠠᠷ ᠵᠢᠵᠢᠭᠦᠷᠯᠡᠬᠦ ᠳᠦᠷᠢᠮ᠎ᠢ ᠬᠡᠷᠡᠭᠵᠢᠭᠦᠯᠵᠦ ᠪᠠᠢᠨ᠎ᠠ᠃

ᠪᠠᠶᠠᠨᠨᠠᠭᠤᠷ᠎ᠬᠣᠲᠠ᠎ᠶᠢᠨ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠲᠥᠪ᠎ᠦᠨ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠬᠠᠮᠢᠶᠠᠷᠤᠯᠲᠠ᠎ᠶᠢᠨ ᠰᠠᠯᠠᠭᠠᠨ᠎ᠤ ᠳᠠᠷᠤᠭ᠎ᠠ ᠱᠢ ᠶᠠᠨ ᠹᠸᠢ ᠵᠢᠨ ᠲᠠᠨᠢᠯᠴᠠᠭᠤᠯᠤᠭᠰᠠᠨ᠎ᠢᠶᠠᠷ᠂ 2021 ᠣᠨ᠎ᠤ ᠡᠴᠦᠰ᠎ᠲᠦ᠂ ᠥᠪᠡᠷᠲᠡᠭᠡᠨ ᠵᠠᠰᠠᠬᠤ ᠣᠷᠣᠨ᠎ᠤ ᠱᠠᠭᠠᠷᠳᠠᠯᠭ᠎ᠠ ᠶᠣᠰᠣᠭᠠᠷ᠂12345 ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠠᠷᠠᠳ᠎ᠲᠤ ᠲᠥᠬᠥᠮ ᠦᠵᠡᠭᠦᠯᠬᠦ ᠬᠠᠯᠠᠮᠰᠢᠯ ᠤᠲᠠᠰᠤ ᠨᠢ ᠪᠥᠬᠥ ᠬᠣᠲᠠ᠎ᠶᠢᠨ 12348 ᠬᠠᠤᠯᠢ ᠴᠠᠭᠠᠵᠠ᠎ᠶᠢᠨ ᠦᠢᠯᠡᠴᠢᠯᠡᠭᠡᠨ᠎ᠦ ᠲᠤᠰᠬᠠᠶ ᠤᠲᠠᠰᠤ᠂ 12349 ᠠᠷᠠᠳ᠎ᠤᠨ ᠶᠠᠪᠤᠳᠠᠯ᠎ᠤᠨ ᠨᠠᠰᠤᠲᠠᠨ᠎ᠢ ᠲᠤᠰᠠᠯᠠᠬᠤ ᠦᠢᠯᠡᠴᠢᠯᠡᠭᠡᠨ᠎ᠦ ᠬᠠᠯᠠᠮᠰᠢᠯ ᠤᠲᠠᠰᠤ᠎ᠶᠢ ᠪᠠᠭᠲᠠᠭᠠᠭᠰᠠᠨ 33 ᠵᠤᠷᠪᠤᠰ ᠬᠠᠯᠠᠮᠰᠢᠯ ᠤᠲᠠᠰᠤ᠎ᠶᠢ ᠨᠢᠭᠡᠳᠭᠡᠵᠦ᠂ ᠣᠲᠣ ᠨᠢᠭᠡᠨᠲᠡ ᠪᠦᠬᠦᠨ᠎ᠢ ᠨᠢᠭᠡᠳᠭᠡᠵᠦ ᠳᠠᠭᠤᠰᠬᠠᠪᠠ᠃ ᠨᠢᠭᠡᠳᠭᠡᠭᠰᠡᠨ᠎ᠦ ᠳᠠᠷᠠᠭᠠᠬᠢ 12345 ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠠᠷᠠᠳ᠎ᠲᠤ ᠲᠥᠬᠥᠮ ᠦᠵᠡᠭᠦᠯᠬᠦ ᠬᠠᠯᠠᠮᠰᠢᠯ ᠤᠲᠠᠰᠤᠨ᠎ᠤ ᠲᠤᠬᠠᠢᠯᠠᠭᠰᠠᠨ ᠠᠵᠢᠯ᠎ᠤᠨ ᠬᠡᠪᠴᠢᠶ᠎ᠡ ᠲᠠᠰᠤᠷᠠᠯᠲᠠ ᠥᠬᠡᠶ ᠥᠷᠭᠡᠳᠴᠦ᠂ ᠲᠣᠰ ᠬᠣᠲᠠ᠎ᠶᠢᠨ ᠤᠨᠴᠠ ᠪᠠᠴᠢᠮ ᠪᠤᠶᠤ ᠴᠠᠭᠳᠠᠭ᠎ᠠ ᠵᠢᠨ ᠶᠠᠪᠤᠳᠠᠯ᠎ᠤᠨ ᠲᠤᠰᠠᠯᠠᠮᠵᠢ ᠭᠤᠶᠤᠴᠢᠯᠠᠬᠤ ᠲᠥᠷᠥᠯ᠎ᠡᠴᠡ ᠪᠤᠰᠤᠳ ᠪᠦᠬᠦᠢᠯᠡ ᠬᠠᠯᠠᠮᠰᠢᠯ ᠤᠲᠠᠰᠤ᠎ᠶᠢ ᠲᠤᠰᠬᠠᠢᠯᠠᠨ ᠭᠥᠯᠢᠶᠡᠨ ᠠᠪᠴᠤ ᠰᠢᠢᠳᠪᠦᠷᠢᠯᠡᠨ᠎ᠡ᠃

ᠲᠣᠰ ᠬᠣᠲᠠ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠠᠷᠠᠳ᠎ᠲᠤ ᠲᠥᠬᠥᠮ ᠦᠵᠡᠭᠦᠯᠬᠦ 12345 ᠬᠠᠯᠠᠮᠰᠢᠯ ᠤᠲᠠᠰᠤᠨ᠎ᠤ ᠦᠢᠯᠡᠴᠢᠯᠡᠭᠡᠨ᠎ᠦ ᠲᠦᠪᠰᠢᠨ᠎ᠢᠶᠡᠨ ᠦᠷᠭᠦᠯᠵᠢᠯᠡᠨ ᠳᠡᠭᠡᠭᠰᠢᠯᠡᠭᠦᠯᠵᠦ᠂ ᠭᠠᠷᠠᠭ᠎ᠤᠨ ᠬᠤᠷᠢᠶᠠᠩᠭᠤᠢᠯᠠᠨ ᠵᠠᠳᠠᠯᠵᠤ ᠲᠣᠬᠢᠷᠠᠭᠤᠯᠬᠤ ᠲᠦᠷᠢᠮ᠎ᠢ ᠪᠠᠢᠭᠤᠯᠤᠨ᠂ ᠨᠡᠢᠲᠡ 20.8 ᠲᠦᠮᠡᠨ ᠣᠯᠠᠨ ᠲᠦᠮᠡᠨ᠎ᠦ ᠢᠷᠡᠭᠦᠯᠦᠭᠰᠡᠨ ᠤᠲᠠᠰᠤ᠎ᠶᠢ ᠭᠥᠯᠢᠶᠡᠨ ᠠᠪᠴᠤ ᠰᠢᠢᠳᠪᠦᠷᠢᠯᠡᠨ᠂ 16.6 ᠲᠦᠮᠡᠨ ᠬᠤᠪᠢ ᠬᠦᠰᠡᠯ ᠱᠠᠭᠠᠷᠳᠠᠯᠭ᠎ᠠ᠎ᠶᠢ ᠭᠥᠯᠢᠶᠡᠨ ᠠᠪᠴᠤ ᠰᠢᠢᠳᠪᠦᠷᠢᠯᠡᠨ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ 98% ᠎ᠳ᠋ᠤ ᠬᠦᠷᠴᠦ᠂ ᠬᠠᠷᠢᠭᠤ ᠰᠤᠷᠪᠤᠯᠵᠢᠯᠠᠭ᠎ᠠ᠎ᠶᠢᠨ ᠬᠠᠨᠤᠮᠵᠢ᠎ᠶᠢᠨ ᠬᠡᠮᠵᠢᠶ᠎ᠠ 96% ᠳ᠋ᠤ ᠬᠥᠷᠪᠡ᠃ ᠲᠣᠰ ᠬᠣᠲᠠ᠎ᠶᠢᠨ12345 ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠠᠷᠠᠳ᠎ᠲᠤ ᠲᠥᠬᠥᠮ ᠦᠵᠡᠭᠦᠯᠬᠦ ᠬᠠᠯᠠᠮᠰᠢᠯ ᠤᠲᠠᠰᠤ᠎ᠨᠢ ᠪᠥᠬᠥ ᠤᠯᠤᠰ᠎ᠤᠨ ᠵᠠᠰᠠᠭ᠎ᠤᠨ ᠶᠠᠪᠤᠳᠠᠯ᠎ᠤᠨ ᠬᠠᠯᠠᠮᠰᠢᠯ ᠤᠲᠠᠰᠤᠨ᠎ᠤ ᠬᠠᠮᠤᠭ᠎ᠤᠨ ᠰᠠᠢᠨ ᠦᠢᠯᠡᠴᠢᠯᠡᠭᠡᠨ᠎ᠦ ᠬᠡᠷᠡᠭ᠎ᠦᠨ ᠵᠢᠱ᠌ᠢᠶ᠎ᠡ᠎ᠶᠢᠨ ᠱᠠᠩᠨᠠᠯ᠂ ᠪᠥᠬᠥ ᠤᠯᠤᠰ᠎ᠤᠨ ᠠᠵᠤ ᠠᠬᠤᠢᠯᠠᠯ᠎ᠳᠤ ᠦᠢᠯᠡᠴᠢᠯᠡᠬᠦ ᠬᠠᠨᠤᠮᠵᠢᠲᠠᠶ ᠬᠠᠯᠠᠮᠰᠢᠯ ᠤᠲᠠᠰᠤᠨ᠎ᠤ ᠰᠢᠯᠢᠳᠡᠭ ᠨᠢᠭᠡᠴᠢ ᠵᠡᠷᠭᠡ᠎ᠪᠡᠷ ᠦᠨᠡᠯᠡᠭᠳᠡᠪᠡ᠃

ᠪᠠᠶᠠᠨᠨᠠᠭᠤᠷ ᠬᠣᠲᠠ᠎ᠶᠢᠨ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠲᠥᠪ᠎ᠦᠨ ᠡᠷᠬᠢᠯᠡᠭᠴᠢ ᠭᠤᠤ ᠶᠤᠸᠠᠨ᠂ ᠰᠢᠨ᠎ᠡ ᠨᠢᠭᠡ ᠵᠢᠯ᠎ᠳᠦ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠲᠥᠪ᠎ᠦᠨ ᠡᠯ᠎ᠡ ᠴᠣᠩᠬᠤᠪᠴᠢ᠎ᠨᠢ ᠦᠵᠡᠯ ᠰᠠᠨᠠᠭ᠎ᠠ᠎ᠪᠠᠨ ᠨᠢᠭᠡᠳᠬᠡᠵᠦ᠂ ᠢᠲᠡᠭᠡᠯ ᠵᠣᠷᠢᠭ᠎ᠢᠶᠠᠨ ᠪᠠᠲᠤᠳᠬᠠᠨ᠂《ᠵᠠᠰᠠᠭ᠎ᠢ ᠴᠤᠮᠬᠠᠤᠡᠬᠠᠵᠤ ᠬᠠᠮᠢᠶᠠᠷᠤᠯᠲᠠ ᠦᠢᠯᠡᠴᠢᠯᠡᠭᠡ᠎ᠵᠢ ᠤᠶᠠᠯᠳᠤᠭᠤᠯᠬᠤ》ᠪᠠ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠠᠯᠬᠤᠴᠠ᠎ᠶᠢ ᠲᠦᠷᠭᠡᠳᠬᠡᠨ ᠠᠬᠢᠭᠤᠯᠵᠤ᠂ ᠪᠥᠬᠥ ᠬᠣᠲᠠ᠎ᠶᠢᠨ 《ᠨᠢᠭᠡ ᠰᠦᠯᠵᠢᠶ᠎ᠡ᠎ᠪᠡᠷ ᠬᠦᠢᠴᠡᠳᠬᠡᠬᠦ 》᠂ 《ᠠᠯᠠᠭᠠᠨ ᠳᠡᠭᠡᠷ᠎ᠡ ᠪᠠᠨ ᠬᠦᠢᠴᠡᠳᠬᠡᠬᠦ》᠂ 《ᠪᠡᠶ᠎ᠡ ᠪᠠᠨ ᠲᠠᠭᠠᠭᠠᠨ ᠭᠦᠢᠴᠡᠳᠬᠡᠬᠦ 》 ᠲᠦᠪᠰᠢᠨ᠎ᠢ ᠴᠢᠷᠮᠠᠢᠨ ᠳᠡᠭᠡᠭᠰᠢᠯᠡᠭᠦᠯᠵᠦ᠂ ᠰᠦᠯᠵᠢᠶᠡᠨ ᠳᠡᠭᠡᠷ᠎ᠡ ᠭᠦᠢᠴᠡᠳᠬᠡᠬᠦ ᠭᠦᠨᠴᠡ᠎ᠶᠢᠨ ᠭᠤᠷᠪᠠᠳᠤᠭᠠᠷ ᠳᠡᠰ᠎ᠠᠴᠠ ᠳᠡᠭᠡᠭᠰᠢᠬᠢ (ᠭᠤᠷᠪᠠᠳᠤᠭᠠᠷ ᠳᠡᠰ ᠪᠠᠭᠲᠠᠨ᠎ᠠ) ᠵᠦᠢᠯᠡᠰ᠎ᠦᠨ ᠬᠠᠷᠢᠴᠠᠯ᠎ᠢ 85% ᠎ᠡᠴᠨ ᠳᠡᠭᠡᠭᠰᠢ᠎ᠳᠦ ᠬᠦᠷᠦᠭᠦᠯᠵᠦ᠂ ᠮᠥᠩᠬᠡ ᠰᠤᠪᠠᠭ APP ᠎ᠵᠢᠨ ᠭᠦᠢᠴᠡᠳᠬᠡᠵᠦ ᠪᠣᠯᠬᠤ ᠬᠠᠷᠢᠴᠠᠯ᠎ᠢ 50% ᠡᠴᠨ ᠳᠤᠤᠷ᠎ᠠ ᠥᠬᠡᠶ ᠪᠠᠢᠯᠭᠠᠬᠤ ᠬᠠᠷᠠᠯᠲᠠ᠎ᠶᠢ ᠪᠡᠶᠡᠯᠡᠭᠦᠯᠦᠨ᠎ᠡ᠃ ᠡᠭᠦᠨ᠎ᠦ ᠬᠠᠮᠲᠤ᠂ ᠪᠠᠰᠠ ᠠᠵᠢᠯ᠎ᠤᠨ ᠠᠷᠭ᠎ᠠ ᠬᠡᠮᠵᠢᠶ᠎ᠡ᠎ᠪᠡᠨ ᠲᠠᠰᠤᠷᠠᠯᠲᠠ ᠥᠬᠡᠶ ᠰᠢᠨᠡᠴᠢᠯᠡᠵᠦ᠂ 《ᠪᠥᠬᠥ ᠶᠠᠪᠤᠴᠠ᠎ᠶᠢ ᠰᠦᠯᠵᠢᠶ᠎ᠡ᠎ᠪᠡᠷ ᠭᠦᠢᠴᠡᠳᠬᠡᠬᠦ》᠂ 《ᠤᠨᠳᠤᠤ ᠭᠠᠵᠠᠷ᠎ᠲᠤ ᠣᠷᠣᠯᠠᠨ ᠭᠥᠯᠢᠶᠡᠨ ᠠᠪᠴᠤ ᠣᠷᠣᠯᠠᠨ ᠭᠦᠢᠴᠡᠳᠬᠡᠬᠦ》᠂ 《ᠣᠯᠠᠨ ᠭᠠᠵᠠᠷ᠎ᠤᠨ᠎ᠬᠢᠨ ᠬᠣᠯᠪᠣᠭᠠᠯᠠᠨ ᠭᠦᠢᠴᠡᠳᠬᠡᠬᠦ》 ᠵᠡᠷᠭᠡ ᠨᠡᠢᠳᠡᠮ ᠬᠦᠢᠴᠡᠳᠬᠡᠬᠦ ᠵᠠᠭᠪᠤᠷ᠎ᠢ ᠲᠡᠭᠦᠯᠳᠡᠷᠵᠢᠭᠦᠯᠵᠦ᠂ ᠭᠤᠤᠯᠳᠠᠯᠭ᠎ᠠ᠎ᠲᠠᠶ ᠠᠷᠠᠳ᠎ᠤᠨ ᠠᠮᠢᠳᠤᠷᠠᠯ᠎ᠤᠨ ᠵᠦᠢᠯᠡᠰ᠎ᠦᠨ ᠰᠦᠯᠵᠢᠶᠡᠨ ᠭᠠᠳᠠᠨᠠᠬᠢ ᠴᠤᠩᠬᠤᠪᠴᠢ ᠭᠠᠷᠠᠭ᠎ᠤᠨ ᠵᠢᠷᠭᠤᠭᠠᠨ᠎ᠳᠤ ᠡᠭᠦᠳᠡ᠎ᠪᠡᠨ ᠬᠠᠭᠠᠬᠤ ᠥᠬᠡᠶ᠂ ᠴᠠᠭ᠎ᠢ ᠤᠷᠲᠤᠳᠬᠠᠭᠰᠠᠨ ᠦᠢᠯᠡᠴᠢᠯᠡᠭᠡ ᠵᠡᠷᠭᠡ ᠦᠢᠯᠡᠴᠢᠯᠡᠭᠡᠨ᠎ᠦ ᠵᠠᠭᠪᠤᠷ᠎ᠢ ᠢᠳᠡᠪᠬᠢᠲᠡᠶ ᠬᠡᠷᠡᠭᠵᠢᠭᠦᠯᠵᠦ᠂ ᠠᠵᠤ ᠠᠬᠤᠢᠯᠠᠯ ᠪᠠ ᠣᠯᠠᠨ ᠲᠦᠮᠡᠨ᠎ᠳᠦ ᠨᠠᠩ ᠳᠥᠭᠥᠮ ᠳᠥᠲᠡ ᠥᠨᠳᠥᠷ ᠪᠦᠲᠦᠮᠵᠢᠲᠡᠶ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠣᠷᠴᠢᠨ ᠲᠣᠭᠣᠷᠢᠨ᠎ᠢ ᠬᠠᠩᠭᠠᠨ᠎ᠠ ᠬᠡᠮᠡᠨ ᠢᠯᠡᠳᠭᠡᠨ᠎ᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面