2022-02-27 11:25:25
1 ᠰᠠᠷ᠎ᠠ᠎ᠶ᠋ᠢᠨ10 ᠤ ᠡᠳᠦᠷ᠂ ᠤᠯᠠᠭᠠᠨᠬᠠᠳᠠ ᠬᠣᠲᠠ ᠠᠷᠠᠯᠵᠢᠶᠠᠴᠢᠨ ᠤᠷᠢᠵᠤ ᠪᠠᠯᠠ ᠮᠦᠩᠭᠦ ᠣᠷᠣᠭᠤᠯᠵᠤ ᠠᠪᠴᠢᠷᠠᠬᠤ ᠡᠪᠦᠯ᠎ᠦᠨ ᠤᠯᠠᠷᠢᠯ᠎ᠤᠨ ᠰᠢᠪᠲᠤᠯᠤᠯᠲᠠ ᠵᠢᠨ ᠦᠷ᠎ᠡ ᠪᠦᠲᠦᠭᠡᠯ᠎ᠦᠨ ᠰᠦᠯᠵᠢᠶᠡᠨ ᠳᠡᠭᠡᠷ᠎ᠡ ᠭᠠᠷᠤᠨ ᠥᠰᠥᠭ ᠵᠢᠷᠤᠬᠤ ᠶᠡᠬᠡ ᠬᠤᠷᠠᠯ ᠬᠢᠵᠤ᠂ 114 ᠲᠥᠷᠥᠯ ᠵᠦᠶ᠋ᠯ᠎ᠤᠨ ᠭᠡᠷ᠎ᠡ ᠲᠤᠭᠲᠠᠵᠤ᠂ 753.5 ᠳ᠋ᠦᠩᠱᠢᠭᠤᠷ ᠲᠥᠭᠥᠷᠢᠭ᠎ᠦᠨ ᠪᠠᠯᠠ ᠣᠷᠣᠭᠤᠯᠬᠤ᠎ᠪᠠᠷ ᠲᠥᠯᠥᠪᠯᠡᠵᠦ ᠂ ᠠᠷᠠᠯᠵᠢᠶᠠᠴᠢᠨ ᠤᠷᠢᠵᠤ ᠪᠠᠯᠠ ᠮᠦᠩᠭᠦ ᠣᠷᠣᠭᠤᠯᠵᠤ ᠠᠪᠴᠢᠷᠠᠬᠤ ᠠᠵᠢᠯ ᠰᠢᠨ᠎ᠡ ᠤᠨ᠎ᠳ᠋ᠤ ᠰᠠᠢᠨ ᠡᠬᠢᠯᠡᠯᠲᠡ ᠲᠠᠢ ᠪᠤᠯᠪᠠ᠃
ᠬᠥᠭ᠌ᠵᠢᠯᠲᠡ ᠨᠢ ᠲᠦᠷᠦᠯ ᠵᠦᠢᠯ᠎ᠳᠦ ᠲᠦᠱᠢᠭ᠌ᠯᠡᠵᠦ ᠲᠦᠷᠦᠯ ᠵᠦᠢᠯ᠎ᠨᠢ ᠠᠷᠠᠯᠵᠢᠶᠠᠴᠢᠨ ᠤᠷᠢᠬᠤ᠎ᠳᠤ ᠲᠦᠱᠢᠭ᠌ᠯᠡᠵᠦ ᠠᠷᠠᠯᠵᠢᠶᠠᠴᠢᠨ ᠤᠷᠢᠬᠤ ᠨᠢ ᠣᠷᠴᠢᠨ ᠨᠦᠭᠦᠴᠡᠯ᠎ᠳᠤ ᠲᠦᠱᠢᠭ᠌ᠯᠡᠨ᠎ᠡ
2021ᠣᠨ᠎ᠳᠤ᠂ ᠤᠯᠠᠭᠠᠨᠬᠠᠳᠠ ᠪᠦᠬᠦ᠌ ᠬᠣᠲᠠ᠎ᠪᠠᠷ᠎ᠢᠶᠠᠨ ᠴᠠᠭ ᠦᠶ᠎ᠡ᠎ᠶ᠋ᠢᠨ ᠬᠥᠭ᠌ᠵᠢᠯᠲᠡ᠎ᠶ᠋ᠢᠨ ᠰᠤᠳᠠᠰᠤ᠎ᠶ᠋ᠢ ᠣᠨᠣᠪᠴᠢᠲᠠᠶ ᠡᠵᠡᠮᠳᠡᠵᠦ᠍᠂ ᠬᠤᠳᠠᠯᠳᠤᠭ᠎ᠠ ᠡᠷᠭᠢᠯᠡᠬᠦ᠌ ᠣᠷᠴᠢᠨ ᠨᠦᠭᠦᠴᠡᠯ᠎ᠢ ᠤᠷᠤᠭ᠍ᠰᠢᠯᠠᠯᠲᠠ ᠵᠢᠨ ᠵᠠᠮ ᠳ᠋ᠡᠬᠢ ᠢᠯᠠᠯᠲᠠ ᠤᠯᠬᠤ ᠠᠷᠭ᠎ᠠ ᠵᠠᠮ ᠪᠣᠯᠭᠠᠵᠤ᠂ ᠡᠯ᠎ᠡ ᠲᠥᠷᠥᠯ᠎ᠦᠨ ᠬᠦᠴᠢᠷ ᠲᠦᠪᠡᠭ ᠲᠠᠢ ᠠᠰᠠᠭᠤᠳᠠᠯ᠎ᠢ ᠠᠩᠬᠠᠷᠴᠤ᠌᠂ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠬᠢᠷᠢ ᠬᠡᠮᠵᠢᠶ᠎ᠡ᠎ᠶ᠋ᠢ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠵᠦ᠂ ᠦᠷᠭᠦᠯᠵᠢᠯᠡᠨ ᠥᠨᠳᠥᠷ ᠪᠦᠲᠦᠮᠵᠢᠲᠡᠶ᠂ ᠡᠷᠬᠡ ᠲᠡᠭ᠌ᠰᠢ ᠢᠯᠡ ᠲᠣᠳᠣ ᠬᠤᠳᠠᠯᠳᠤᠭ᠎ᠠ ᠡᠷᠭᠢᠯᠡᠬᠦ᠌ ᠣᠷᠴᠢᠨ ᠨᠦᠭᠦᠴᠡᠯ᠎ᠢ ᠪᠥᠷᠢᠯᠳᠤᠬᠥᠯᠵᠤ ᠂ 《ᠤᠯᠠᠭᠠᠨᠬᠠᠳᠠ᠎ᠶ᠋ᠢᠨ ᠦᠷ᠎ᠡ ᠪᠦᠲᠦᠮᠵᠢ》᠂《ᠤᠯᠠᠭᠠᠨᠬᠠᠳᠠ᠎ᠶ᠋ᠢᠨ ᠬᠤᠷᠳᠤᠴᠠ》᠂ 《ᠤᠯᠠᠭᠠᠨᠬᠠᠳᠠ᠎ᠶ᠋ᠢᠨ ᠨᠠᠷᠠᠲᠤ ᠲᠡᠮᠳᠡᠭ》᠎ᠢ᠋ ᠴᠢᠷᠮᠠᠢᠨ ᠪᠣᠶ ᠪᠣᠯᠭᠠᠵᠠᠢ᠃
ᠪᠦᠷᠢᠳᠭᠡᠯ᠎ᠢ ᠦᠨᠳᠦᠰᠦᠯᠡᠪᠡᠯ᠂ 2021 ᠣᠨ᠎ᠳᠤ ᠤᠯᠠᠭᠠᠨᠬᠠᠳᠠ ᠬᠣᠲᠠ ᠤᠯᠤᠰ᠎ᠤᠨ ᠳᠣᠲᠣᠭᠠᠳᠤ᠎ᠶ᠋ᠢᠨ ᠣᠷᠣᠨ᠎ᠤ ᠭᠠᠳᠠᠨᠠᠬᠢ ᠠᠷᠠᠯᠵᠢᠶᠠᠴᠢᠨ ᠤᠷᠢᠵᠤ ᠪᠠᠯᠠ ᠮᠦᠩᠭᠦ ᠣᠷᠣᠭᠤᠯᠵᠤ ᠠᠪᠴᠢᠷᠠᠬᠤ 379 ᠲᠥᠷᠥᠯ ᠵᠦᠶ᠋ᠯ᠎ᠢ ᠬᠡᠷᠡᠭ᠌ᠵᠢᠭᠦᠯᠵᠦ᠍᠂ 192.75 ᠳ᠋ᠦᠩᠱᠢᠭᠤᠷ ᠲᠥᠭᠥᠷᠢᠭ᠎ᠦᠨ ᠪᠠᠯᠠ ᠮᠥᠩᠭᠥ᠎ᠶ᠋ᠢ ᠪᠣᠳᠠᠲᠠᠢᠵᠢᠭᠤᠯᠵᠤ᠂ ᠲᠥᠷᠥᠯ ᠵᠦᠶ᠋ᠯ᠎ᠦᠨ ᠲᠣᠭ᠎ᠠ ᠬᠡᠮᠵᠢᠶ᠎ᠡ ᠨᠢ 3 ᠵᠢᠯ ᠳᠠᠷᠠᠭᠠᠯᠠᠨ ᠥᠪᠡᠷᠲᠡᠭᠡᠨ ᠵᠠᠰᠠᠬᠤ ᠣᠷᠣᠨ᠎ᠤ ᠨᠢᠭᠡᠳᠦᠭᠡᠷ᠎ᠲᠦ ᠵᠢᠭ᠍ᠰᠠᠭᠠᠭ᠍ᠳᠠᠪᠠ᠃
ᠰᠢᠯᠢᠳᠡᠭ ᠠᠮᠵᠢᠯᠲᠠ ᠨᠢ ᠤᠯᠠᠭᠠᠨᠬᠠᠳᠠ ᠬᠤᠳᠠ᠎ᠶ᠋ᠢᠨ ᠨᠠᠮ᠎ᠤᠨ ᠬᠣᠷᠢᠢ᠎ᠠ᠂ ᠵᠠᠰᠠᠭ᠎ᠤᠨ ᠣᠷᠳᠣᠨ᠎ᠤ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠨ ᠦᠵᠡᠵᠦ᠍᠂ ᠨᠢᠮᠪᠠᠢ ᠵᠣᠬᠢᠶᠠᠨ ᠪᠠᠢᠭᠤᠯᠵᠤ ᠪᠠᠢᠷᠢᠯᠠᠭᠤᠯᠤᠭ᠍ᠰᠠᠨ᠎ᠲᠠᠢ ᠨᠢᠭᠲᠠ ᠬᠠᠷᠢᠴᠠᠭ᠎ᠠ ᠲᠠᠢ᠃ 《〈ᠲᠠᠯᠪᠢᠬᠤ ᠬᠠᠮᠢᠶᠠᠷᠬᠤ ᠦᠶ᠋ᠯᠡᠴᠢᠯᠡᠬᠦ᠌〉ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠲᠤᠬᠠᠶ ᠬᠡᠷᠡᠭ᠌ᠵᠢᠭᠦᠯᠬᠦ᠌ ᠰᠠᠨᠠᠯ》᠂《ᠬᠤᠳᠠᠯᠳᠤᠭ᠎ᠠ ᠡᠷᠭᠢᠯᠡᠬᠦ᠌ ᠣᠷᠴᠢᠨ ᠨᠥᠬᠥᠴᠡᠯ᠎ᠢ ᠴᠢᠨᠠᠬᠰᠢᠳᠡ ᠱᠢᠯᠢᠳᠡᠭ᠌ᠵᠢᠭᠦᠯᠵᠦ᠍ ᠵᠠᠬ᠎ᠠ ᠳᠡᠯᠭᠡᠭᠦᠷ᠎ᠦᠨ ᠭᠣᠸ᠋ᠯ ᠴᠣᠭ᠍ᠴᠠ᠎ᠳᠤ ᠨᠠᠩ ᠰᠠᠢᠨ ᠦᠶ᠋ᠯᠡᠴᠢᠯᠡᠬᠦ᠌ ᠲᠤᠬᠠᠶ ᠠᠷᠭ᠎ᠠ ᠬᠡᠮᠵᠢᠶ᠎ᠡ᠎ᠨᠦᠭᠦᠳ》᠂ 《ᠤᠯᠠᠭᠠᠨᠬᠠᠳᠠ ᠬᠣᠲᠠ᠎ᠶ᠋ᠢᠨ ᠬᠤᠳᠠᠯᠳᠤᠭ᠎ᠠ ᠡᠷᠭᠢᠯᠡᠬᠦ᠌ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌᠎ᠶ᠋ᠢ ᠱᠢᠯᠭᠠᠨ ᠬᠢᠨᠠᠬᠤ ᠠᠷᠭ᠎ᠠ (ᠲᠤᠷᠱᠢᠨ ᠬᠡᠷᠡᠭ᠌ᠵᠢᠭᠦᠯᠬᠦ᠌)》᠂ 《ᠬᠤᠳᠠᠯᠳᠤᠭ᠎ᠠ ᠡᠷᠭᠢᠯᠡᠬᠦ᠌ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠬᠤ ᠣᠨ᠎ᠤ ᠬᠡᠷᠡᠭ᠌ᠵᠢᠭᠦᠯᠬᠦ᠌ ᠲᠥᠰᠦᠯ》᠂ 《ᠤᠯᠠᠭᠠᠨᠬᠠᠳᠠ ᠬᠣᠲᠠ᠎ᠶ᠋ᠢᠨ ᠬᠤᠳᠠᠯᠳᠤᠭ᠎ᠠ ᠡᠷᠭᠢᠯᠡᠬᠦ᠌ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡ᠎ᠶ᠋ᠢ ᠴᠡᠭ᠌ᠴᠡᠯᠡᠨ ᠰᠠᠢᠵᠢᠷᠠᠭᠤᠯᠵᠤ ᠳᠡᠭᠡᠭ᠌ᠰᠢᠯᠡᠭᠦᠯᠬᠦ᠌ ᠠᠵᠢᠯ᠎ᠤᠨ ᠲᠥᠰᠦᠯ》 ᠵᠡᠷᠭᠡ᠎ᠶ᠋ᠢ ᠵᠠᠯᠭᠠᠭ᠎ᠠ᠎ᠪᠠᠷ ᠨᠡᠢᠲᠡᠯᠡᠵᠦ᠂ ᠦᠷᠭᠦᠯᠵᠢᠯᠡᠨ ᠬᠦᠴᠦᠯᠡᠵᠦ᠍᠂ ᠪᠥᠬᠥ᠌ ᠬᠣᠲᠠ᠎ᠶ᠋ᠢᠨ ᠬᠤᠳᠠᠯᠳᠤᠭ᠎ᠠ ᠡᠷᠭᠢᠯᠡᠬᠦ᠌ ᠣᠷᠴᠢᠨ ᠨᠥᠬᠥᠴᠡᠯ᠎ᠢ ᠱᠢᠯᠢᠳᠡᠭ᠌ᠵᠢᠭᠦᠯᠦᠨ ᠳᠡᠭᠡᠭ᠌ᠰᠢᠯᠡᠭᠦᠯᠬᠦ᠌᠎ᠶ᠋ᠢ ᠠᠬᠢᠭᠤᠯᠵᠠᠢ᠃
ᠲᠥᠷᠥᠯ ᠵᠦᠶ᠋ᠯ᠎ᠢ ᠪᠣᠳᠠᠲᠠᠶ᠎ᠳᠤ ᠨᠠᠢᠳᠠᠪᠤᠷᠢᠵᠢᠭᠤᠯᠬᠤ᠎ᠶ᠋ᠢᠨ ᠲᠥᠯᠥᠭᠡ᠂ ᠤᠯᠠᠭᠠᠨᠬᠠᠳᠠ ᠬᠣᠲᠠ ᠪᠣᠳᠠᠲᠠᠶ ᠠᠷᠭ᠎ᠠ ᠬᠡᠮᠵᠢᠶ᠎ᠡ ᠠᠪᠴᠤ᠌᠂ᠪᠠᠯᠠᠣᠷᠣᠭᠤᠯᠤᠯᠲᠠᠶ᠋ᠢᠨᠵᠥᠭᠡᠯᠡᠨᠪᠤᠳᠠᠳᠤᠣᠷᠴᠢᠨ ᠨᠥᠬᠥᠴᠡᠯ᠎ᠢ ᠦᠷᠭᠦᠯᠵᠢᠯᠡᠨ ᠱᠢᠯᠢᠳᠡᠭ᠌ᠵᠢᠭᠦᠯᠵᠦ᠍ ᠂ ᠦᠶ᠋ᠯᠡᠴᠢᠯᠡᠭᠡᠨ᠎ᠦ ᠱᠢᠨᠡᠥᠨᠳᠥᠷᠯᠢᠭᠢᠴᠤᠬᠴᠠᠯᠠᠵᠦ᠂《ᠮᠦᠩᠬᠡ ᠰᠤᠪᠠᠭ》ᠤ᠋ᠨᠨᠢᠭᠡᠰᠦᠯᠵᠢᠶᠡᠪᠡᠷᠭᠦᠢᠴᠡᠳᠭᠡᠬᠦ᠂ ᠠᠯᠠᠭᠠᠨ ᠳᠡᠭᠡᠷᠡᠭᠦᠢᠴᠡᠳᠭᠡᠬᠦ᠂ ᠨᠢᠭᠡ ᠯᠡ ᠤᠳᠠᠭ᠎ᠠ᠎ᠳᠤ ᠭᠦᠢᠴᠡᠳᠭᠡᠬᠦ᠂ ᠬᠠᠪᠰᠤᠷᠤᠨ ᠭᠦᠢᠴᠡᠳᠭᠡᠬᠦ《ᠳᠥᠷᠪᠡ᠎ᠶ᠋ᠢ ᠭᠦᠢᠴᠡᠳᠭᠡᠬᠦ》ᠦᠶ᠋ᠯᠡᠴᠢᠯᠡᠭᠡ ᠵᠢ ᠪᠡᠶᠡᠯᠡᠬᠦᠯᠪᠡ᠃
ᠤᠯᠠᠭᠠᠨᠬᠠᠳᠠ ᠬᠤᠳᠠ᠎ᠶ᠋ᠢᠨ ᠬᠢᠨ ᠤᠶᠤᠨᠴᠢᠯᠠᠭ᠍ᠰᠠᠨ᠂ ᠳᠥᠭᠥᠮᠴᠢᠯᠡᠭ᠌ᠰᠡᠨ ᠥᠨᠳᠥᠷ ᠪᠦᠲᠦᠮᠵᠢᠲᠡᠢ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠣᠷᠴᠢᠨ ᠨᠦᠭᠦᠴᠡᠯ᠎ᠢ ᠪᠤᠢ ᠪᠣᠯᠭᠠᠬᠤ᠎ᠪᠠᠷ ᠭᠣᠣᠯᠳᠠᠯᠭ᠎ᠠ᠎ᠶ᠋ᠢᠨ ᠳᠣᠲᠣᠷᠠᠬᠢ ᠭᠣᠣᠯᠳᠠᠯᠭ᠎ᠠ ᠪᠣᠯᠭᠠᠵᠤ᠂ ᠨᠠᠷᠢᠨ ᠵᠦᠢᠯᠡᠰᠡᠴᠡᠭᠠᠷᠳᠠᠵᠤ᠂ᠵᠠᠩᠭᠢᠯᠠᠭᠠᠶ᠋ᠢᠨᠲᠠᠯᠠᠠᠴᠠᠬᠦᠴᠦᠯᠡᠵᠦ᠍᠂ᠱᠢᠯᠢᠳᠡᠭ ᠰᠠᠢ᠌ᠨ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠶᠡᠬᠡ ᠣᠷᠴᠢᠨ ᠨᠦᠭᠦᠴᠡᠯ᠎ᠢ ᠪᠤᠢ ᠪᠤᠯᠭᠠᠵᠤ᠂ ᠥᠷᠢᠰᠥᠯᠳᠦᠭᠡᠨ᠎ᠦ ᠱᠢᠨ᠎ᠡ ᠳᠠᠪᠠᠭᠤᠯᠢᠭ᠎ᠢ ᠱᠢᠨ᠎ᠡ᠎ᠶ᠋ᠢ ᠡᠭᠦᠳᠦᠨ ᠪᠣᠢᠵᠢᠭᠤᠯᠪᠠ᠃ 《ᠲᠠᠯᠪᠢᠬᠤ ᠬᠠᠮᠢᠶᠠᠷᠬᠤ ᠦᠶ᠋ᠯᠡᠴᠢᠯᠡᠬᠦ᠌》ᠥᠭᠡᠷᠡᠴᠢᠯᠡᠯᠲᠡ᠎ᠶ᠋ᠢᠨ ᠲᠠᠯ᠎ᠠ᠎ᠪᠠᠷ ᠦᠷᠭᠦᠯᠵᠢᠯᠡᠨ ᠬᠦᠴᠦᠯᠡᠵᠦ᠍᠂ ᠭᠣᠭ᠍ᠴᠣᠭ᠎ᠠ᠎ᠶ᠋ᠢ ᠴᠣᠮᠬᠠᠳᠭᠠᠨ ᠡᠷᠬᠡ᠎ᠶ᠋ᠢ ᠲᠠᠯᠪᠢᠵᠤ᠂ 《ᠢᠨᠲ᠋ᠸᠷ ᠰᠦᠯᠵᠢᠶ᠎ᠡ + ᠬᠢᠨᠠᠯᠲᠠ ᠬᠠᠮᠢᠶᠠᠷᠤᠯᠲᠠ᠎ᠶ᠋ᠢᠨ ᠲᠠᠪᠴᠠᠩ》᠎ᠢ ᠠᠱᠢᠭ᠍ᠯᠠᠨ᠂ ᠡᠯ᠎ᠡ ᠲᠥᠷᠥ᠎ᠶ᠋ᠢᠨ ᠪᠣᠳᠣᠯᠭ᠎ᠠ᠎ᠶ᠋ᠢᠨ ᠲᠦᠷᠦᠭᠦᠯᠡᠨ ᠬᠢᠬᠦ᠌ ᠰᠠᠯᠠᠭ᠎ᠠ ᠮᠥᠴᠢᠷ᠎ᠦᠨ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢ ᠡᠮᠬᠢᠯᠡᠨ ᠳᠢᠭ᠌ᠯᠡᠬᠦ᠌᠎ᠶ᠋ᠢ ᠱᠠᠯᠠᠪᠳᠠᠭᠤᠯᠵᠤ᠂ ᠠᠵᠢᠯ᠎ᠤᠨ ᠡᠬᠡ ᠲᠠᠩᠰᠠ᠎ᠶ᠋ᠢ ᠪᠣᠶ ᠪᠣᠯᠭᠠᠵᠤ᠂ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠤ《ᠨᠢᠭᠡ ᠰᠦᠯᠵᠢᠶᠡᠪᠡᠷᠭᠦᠶ᠋ᠴᠡᠳᠭᠡᠬᠦ᠌᠂ᠠᠯᠠᠭᠠᠨᠳᠡᠭᠡᠷᠡᠭᠦᠶ᠋ᠴᠡᠳᠭᠡᠬᠦ᠌ ᠂ ᠨᠢᠭᠡ ᠯᠡ ᠤᠳᠠᠭ᠎ᠠ᠎ᠳᠤ ᠭᠦᠶ᠋ᠴᠡᠳᠭᠡᠬᠦ᠌᠂ ᠬᠠᠪᠰᠤᠷᠤᠨ ᠭᠦᠶ᠋ᠴᠡᠳᠭᠡᠬᠦ᠌》ᠠᠵᠢᠯ᠎ᠢ ᠨᠠᠢᠳᠠᠪᠤᠷᠢᠵᠢᠭᠤᠯᠬᠤ᠎ᠶ᠋ᠢ ᠠᠬᠢᠭᠤᠯᠵᠠᠢ ᠃
ᠣᠳᠣᠬᠠᠨ᠎ᠳᠤ᠂ ᠤᠯᠠᠭᠠᠨᠬᠠᠳᠠ ᠬᠣᠲᠠ ᠨᠢᠭᠡᠨᠲᠡ ᠪᠥᠬᠥ᠌ ᠣᠷᠣᠨ᠎ᠤ 《ᠶᠡᠷᠦᠩᠬᠡᠢᠯᠡᠭ᠌ᠰᠡᠨ ᠨᠢᠭᠡ ᠴᠣᠩᠬᠣᠪᠴᠢ᠎ᠪᠠᠷ ᠭᠥᠯᠢᠶᠡᠨ ᠠᠪᠴᠤ᠌ ᠬᠥᠢᠴᠡᠳᠭᠡᠬᠥ》 ᠱᠢᠰᠲ᠋ᠧᠮ᠎ᠢ ᠪᠥᠬᠥ᠌ ᠲᠠᠯ᠎ᠠ᠎ᠪᠠᠷ ᠡᠬᠢᠯᠡᠨ ᠬᠡᠷᠡᠭ᠌ᠯᠡᠵᠦ᠍᠂ 《ᠮᠦᠩᠬᠡ ᠰᠤᠪᠠᠭ》APP᠎ᠳ᠋ᠤ ᠨᠡᠢᠲᠡ᠎ᠶ᠋ᠢᠨ ᠬᠤᠷᠠᠮᠳᠤᠭᠤᠯᠭ᠎ᠠ᠎ᠶ᠋ᠢᠨ ᠮᠥᠩᠭᠥ᠎ᠶ᠋ᠢᠨ ᠪᠠᠢᠴᠠᠭᠠᠨ ᠯᠠᠪᠯᠠᠭ᠎ᠠ᠂ 《12345》 ᠠᠷᠠᠳ᠎ᠲᠤ ᠲᠥᠬᠥᠮ ᠦᠵᠡᠭᠦᠯᠬᠦ᠌ ᠬᠠᠯᠠᠮᠱᠢᠯ ᠤᠲᠠᠰᠤ ᠵᠡᠷᠭᠡ 160 ᠥᠪᠡᠷᠮᠢᠴᠡ ᠬᠡᠷᠡᠭ᠌ᠯᠡᠭᠡᠨ᠎ᠦ ᠪᠠᠢᠴᠠᠭᠠᠨ ᠯᠠᠪᠯᠠᠬᠤ ᠦᠶ᠋ᠯᠡᠴᠢᠯᠡᠭᠡ᠎ᠶ᠋ᠢ ᠵᠠᠯᠭᠠᠵᠤ ᠣᠷᠣᠭᠤᠯᠵᠠᠢ᠃《ᠨᠢᠭᠡ ᠰᠦᠯᠵᠢᠶ᠎ᠡ᠎ᠪᠡᠷ ᠭᠦᠢᠴᠡᠳᠭᠡᠬᠦ》 ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠵᠦᠶ᠋ᠯᠡᠰ᠎ᠢ ᠰᠦᠯᠵᠢᠶᠡᠨ ᠳᠡᠭᠡᠷ᠎ᠡ ᠭᠦᠶ᠋ᠴᠡᠳᠭᠡᠵᠦ᠍ ᠪᠣᠯᠬᠤ ᠨᠣᠷᠮ᠎ᠠ 97.87% ᠳ᠋ᠤ ᠬᠥᠷᠪᠡ; ᠪᠥᠬᠥ᠌ ᠬᠣᠲᠠ᠎ᠶ᠋ᠢᠨ ᠵᠢᠩᠭᠢᠨᠢ ᠨᠡᠷ᠎ᠡ᠎ᠪᠡᠷ᠎ᠢᠶᠡᠨ ᠳᠠᠩᠰᠠᠯᠠᠭᠤᠯᠤᠭ᠍ᠰᠠᠨ《ᠮᠦᠩᠭᠡ ᠰᠤᠪᠠᠭ》 APP ᠵᠢᠨ ᠬᠡᠷᠡᠭ᠌ᠯᠡᠭ᠌ᠴᠢ ᠪᠥᠬᠥ᠌ ᠣᠷᠣᠨ᠎ᠳ᠋ᠤ ᠲᠦᠷᠦᠭᠦᠯᠡᠪᠠ; 《ᠨᠢᠭᠡ ᠯᠡ ᠤᠳᠠᠭ᠎ᠠ᠎ᠳᠤ ᠭᠦᠶ᠋ᠴᠡᠳᠭᠡᠬᠦ᠌》 ᠵᠦᠶ᠋ᠯᠡᠰ᠎ᠤᠨ ᠥᠭᠡᠷᠡᠴᠢᠯᠡᠯᠳᠡ᠎ᠡᠴᠡ ᠡᠮᠦᠨᠡᠬᠢ ᠭᠦᠶ᠋ᠴᠡᠳᠭᠡᠬᠦ᠌ ᠮᠠᠲ᠋ᠧᠷᠢᠶᠠᠯ᠎ᠢ 40.5% ᠪᠠᠷ ᠪᠠᠭᠠᠰᠭᠠᠵᠤ᠂ ᠭᠦᠶ᠋ᠴᠡᠳᠭᠡᠬᠦ᠌ ᠭᠣᠭ᠍ᠴᠣᠭ᠎ᠠ᠎ᠶ᠋ᠢ 56.7% ᠪᠠᠷ ᠴᠦᠭᠡᠳᠭᠡᠵᠦ᠂ ᠭᠦᠶ᠋ᠴᠡᠳᠭᠡᠬᠦ᠌ ᠴᠠᠭ᠎ᠢ 53.8% ᠪᠠᠷ ᠪᠤᠭᠤᠨᠢᠰᠬᠠᠵᠤ᠂ ᠭᠦᠶᠦᠯᠲᠡ᠎ᠶ᠋ᠢᠨ ᠲᠣᠭ᠎ᠠ᠎ᠶ᠋ᠢ 77.6% ᠪᠠᠷ ᠪᠠᠭᠠᠰᠬᠠᠪᠠ; 《ᠬᠠᠪᠰᠤᠷᠴᠤ᠌ ᠭᠦᠢᠴᠡᠳᠭᠡᠬᠦ》᠎ᠪᠡᠷ ᠳᠠᠮᠵᠢᠵᠦ 685 ᠵᠦᠢᠯ᠎ᠢ ᠤᠷᠤᠯᠠᠨ ᠭᠦᠢᠴᠡᠳᠭᠡᠵᠦ ᠬᠠᠪᠰᠤᠷᠤᠨ ᠭᠦᠢᠴᠡᠳᠭᠡᠪᠡ᠃
ᠦᠨᠡᠨ ᠪᠣᠳᠠᠲᠠᠶ ᠬᠤᠪᠢᠷᠠᠯᠲᠠ ᠪᠡᠷ ᠲᠣᠮᠣ ᠠᠵᠤ ᠠᠬᠤᠢᠯᠠᠯ᠎ᠢ ᠵᠠᠯᠭᠠᠭ᠎ᠠ ᠪᠡᠷ ᠲᠠᠲᠠᠨ ᠤᠷᠤᠭᠤᠯᠵᠤ ᠰᠢᠯᠢᠳᠡᠭ ᠲᠦᠷᠦᠯ ᠵᠦᠢᠯ᠎ᠢ ᠵᠠᠯᠭᠠᠭ᠎ᠠ ᠪᠡᠷ ᠨᠠᠢᠳᠠᠪᠤᠷᠢᠵᠢᠭᠤᠯᠪᠠ
ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭᠠᠨ᠎ᠤ (ᠢ ᠵᠤᠸᠠᠩ· ᠤᠯᠠᠭᠠᠨᠬᠠᠳᠠ) ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠠᠵᠤ ᠦᠶ᠋ᠯᠡᠰ᠎ᠦᠨ ᠬᠦᠷᠢᠶᠡᠯᠡᠩ᠎ᠢ ᠵᠢᠩᠬᠢᠨᠢ᠎ᠪᠡᠷ ᠪᠠᠢᠭᠤᠯᠪᠠ; ᠯᠢᠨᠰᠢ ᠵᠢᠨ ᠳ᠋ᠦᠩ᠎ᠲᠡᠶ ᠽᠢ ᠤᠰᠤᠨ ᠴᠥᠭᠥᠷᠥᠮ᠎ᠦᠨ ᠢᠨᠵᠸᠨ᠋ᠸᠷᠢᠩ ᠤᠰᠤᠨ ᠤᠷᠤᠰᠭᠠᠯ᠎ᠢ ᠠᠮᠵᠢᠯᠲᠠ᠎ᠲᠠᠶ᠎ᠪᠠᠷ ᠬᠠᠱᠢᠪᠠ; ᠨᠠᠷᠢᠮᠤ ᠵᠢᠨ ᠤᠳᠤ ᠦᠶ᠎ᠡ᠎ᠶ᠋ᠢᠨ ᠠᠵᠤ ᠦᠢᠯᠡᠰ᠎ᠦᠨ ᠬᠦᠷᠢᠶᠡᠯᠡᠩ᠂ ᠳᠠᠯᠠᠢᠨᠠᠭᠤᠷ᠎ᠤᠨ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠣᠷᠣᠨ ᠵᠡᠷᠭᠡ ᠴᠢᠬᠤᠯᠠ ᠶᠡᠬᠡ ᠲᠦᠷᠦᠯ ᠵᠦᠢᠯ᠎ᠢ ᠶᠠᠭ ᠱᠠᠯᠠᠪᠳᠠᠨ ᠪᠦᠳᠦᠭᠡᠨ ᠪᠠᠢᠭᠤᠯᠵᠤ ᠪᠠᠢᠨ᠎ᠠ᠃
ᠤᠯᠠᠭᠠᠨᠬᠠᠳᠠ ᠬᠤᠳᠠ᠎ᠶ᠋ᠢᠨ ᠬᠢᠨ ᠠᠷᠠᠯᠵᠢᠶᠠᠴᠢᠨ ᠤᠷᠢᠵᠤ ᠪᠡᠯᠡ ᠮᠦᠩᠭᠦ ᠣᠷᠣᠭᠤᠯᠵᠤ ᠠᠪᠴᠢᠷᠠᠬᠤ ᠠᠷᠭ᠎ᠠ ᠬᠡᠯᠪᠡᠷᠢ᠎ᠶ᠋ᠢᠨ ᠱᠢᠨ᠎ᠡ᠎ᠶ᠋ᠢ ᠡᠭᠦᠳᠴᠦ᠍᠂ ᠪᠠᠷᠢᠮᠵᠢᠶᠠᠵᠢᠭ᠍ᠰᠠᠨ ᠦᠢᠯᠡᠳᠪᠦᠷᠢ᠎ᠶ᠋ᠢᠨ ᠪᠠᠢᠱᠢᠩ᠎ᠤᠨ ᠪᠠᠢᠭᠤᠯᠤᠯᠲᠠ᠂ ᠭᠠᠳᠠᠭᠠᠳᠤ᠎ᠲᠠᠶ ᠬᠠᠮᠲᠤᠷᠠᠯᠴᠠᠬᠤ᠂ ᠴᠢᠳᠠᠪᠤᠷᠢᠲᠠᠨ᠎ᠢ ᠣᠷᠣᠭᠤᠯᠵᠤ ᠠᠪᠴᠢᠷᠠᠬᠤ ᠵᠡᠷᠭᠡ ᠤᠯᠠᠨ ᠲᠠᠯ᠎ᠠ᠎ᠪᠠᠷ ᠬᠦᠴᠦᠯᠡᠵᠦ᠂《ᠭᠠᠳᠠᠭ᠍ᠰᠢ ᠭᠠᠷᠬᠤ》ᠪᠠ《ᠤᠷᠢᠵᠤ ᠠᠪᠴᠢᠷᠠᠬᠤ》 ᠵᠢ ᠪᠠᠷᠢᠮᠲᠠᠯᠠᠵᠤ᠂ ᠠᠷᠠᠯᠵᠢᠶᠠᠴᠢᠨ ᠤᠷᠢᠵᠤ ᠪᠡᠯᠡ ᠮᠦᠩᠭᠦ ᠣᠷᠣᠭᠤᠯᠵᠤ ᠠᠪᠴᠢᠷᠠᠬᠤ ᠠᠵᠢᠯ᠎ᠤᠨ ᠱᠢᠨ᠎ᠡ ᠳᠡᠭ᠌ᠲᠡᠷ᠎ᠲᠦ ᠭᠠᠷᠬᠤ᠎ᠶ᠋ᠢ ᠠᠬᠢᠭᠤᠯᠪᠠ᠃
ᠠᠵᠤ ᠠᠬᠤᠢᠯᠠᠯ᠎ᠤᠨ ᠠᠵᠢᠯ ᠡᠷᠭᠢᠯᠡᠬᠦ᠌ ᠭᠤᠶᠤᠴᠢᠯᠠᠯ᠎ᠤᠨ ᠮᠠᠲ᠋ᠧᠷᠢᠶᠠᠯ᠎ᠤᠨ ᠭᠣᠭ᠍ᠴᠣᠭ᠎ᠠ᠎ᠶ᠋ᠢ ᠴᠣᠮᠬᠠᠳᠭᠠᠵᠤ᠂ ᠠᠵᠤ ᠠᠬᠤᠢᠯᠠᠯ᠎ᠤᠨ ᠠᠵᠢᠯ ᠡᠷᠭᠢᠯᠡᠬᠦ᠌ ᠭᠦᠶ᠋ᠴᠡᠳᠭᠡᠬᠦ᠌ ᠭᠣᠭ᠍ᠴᠣᠭ᠎ᠠ᠎ᠶ᠋ᠢ ᠱᠢᠯᠢᠳᠡᠭ᠌ᠵᠢᠭᠦᠯᠦᠨ᠂《ᠨᠢᠭᠡ ᠴᠣᠩᠬᠣᠪᠴᠢ᠎ᠪᠠᠷ ᠭᠥᠯᠢᠶᠡᠨ ᠠᠪᠴᠤ᠌ ᠬᠦᠢᠴᠡᠳᠭᠡᠬᠦ》 ᠵᠠᠭ᠍ᠪᠤᠷ᠎ᠢ ᠬᠡᠷᠡᠭ᠌ᠵᠢᠭᠦᠯᠵᠦ᠍᠂ 《ᠨᠢᠭᠡ ᠯᠡ ᠤᠳᠠᠭ᠎ᠠ ᠭᠤᠶᠤᠴᠢᠯᠠᠨ ᠮᠡᠳᠡᠭᠦᠯᠵᠦ᠍᠂ ᠪᠥᠬᠥ᠌ ᠶᠠᠪᠤᠴᠠ ᠵᠢ ᠭᠦᠶ᠋ᠴᠡᠳᠭᠡᠵᠦ᠍ ᠳᠠᠭᠤᠰᠭᠠᠬᠤ》᠎ᠶ᠋ᠢ ᠪᠡᠶᠡᠯᠡᠭᠦᠯᠪᠡ;《ᠠᠵᠤ ᠠᠬᠤᠢᠯᠠᠯ᠎ᠤᠨ ᠲᠣᠮᠣ ᠪᠡᠯᠡᠭ》ᠵᠢᠡᠷ ᠳᠠᠮᠵᠢᠭᠤᠯᠤᠨ ᠠᠵᠤ ᠠᠬᠤᠢᠯᠠᠯ᠎ᠤᠨ ᠨᠡᠭᠡᠭᠡᠨ ᠡᠷᠭᠢᠯᠡᠬᠦ᠌ ᠲᠦᠷᠢᠮ᠎ᠦᠨ ᠴᠢᠨᠠᠷᠲᠠᠶ ᠥᠪᠡᠷ᠎ᠦᠨ ᠥᠷᠲᠡᠭ᠎ᠢ ᠪᠠᠭᠤᠷᠠᠭᠤᠯᠵᠤ᠂ ᠠᠵᠤ ᠠᠬᠤᠢᠯᠠᠯ᠎ᠤᠨ ᠤᠯᠠᠭᠠᠨᠬᠠᠳᠠ᠎ᠳᠤ ᠣᠷᠣᠵᠤ ᠢᠷᠡᠬᠦ᠌ ᠪᠠ ᠲᠦᠷᠭᠡᠨ ᠨᠠᠢᠳᠠᠪᠤᠷᠢᠵᠢᠭᠤᠯᠬᠤ᠎ᠶ᠋ᠢ ᠠᠬᠢᠭᠤᠯᠪᠠ; ᠬᠠᠮᠲᠤᠷᠠᠨ ᠬᠢᠨᠠᠨ ᠵᠥᠪᠱᠢᠶᠡᠷᠡᠬᠦ᠌᠂ ᠣᠯᠠᠨ ᠵᠢᠷᠤᠭ᠎ᠢ ᠬᠠᠮᠲᠤᠷᠠᠨ ᠬᠢᠨᠠᠬᠤ᠂ ᠬᠠᠮᠲᠤᠷᠠᠨ ᠱᠢᠯᠭᠠᠨ ᠠᠪᠬᠤ᠂ ᠣᠷᠣᠨ ᠪᠦᠰᠡ᠎ᠶ᠋ᠢᠨ ᠦᠨᠡᠯᠡᠨ ᠵᠢᠱ᠌ᠢᠬᠦ᠌ ᠵᠡᠷᠭᠡ ᠠᠷᠭ᠎ᠠ ᠶ᠋ᠢ ᠬᠡᠷᠡᠭ᠌ᠵᠢᠭᠦᠯᠵᠦ᠍᠂ ᠠᠵᠤ ᠠᠬᠤᠢᠯᠠᠯ᠎ᠤᠨ ᠪᠥᠲᠥᠭᠡᠨ ᠪᠠᠢᠭᠤᠯᠤᠯᠲᠠ᠎ᠶ᠋ᠢᠨ ᠭᠠᠷᠳᠠᠮ ᠭᠦᠶ᠋ᠴᠡᠳᠭᠡᠬᠦ᠌ ᠪᠦᠲᠦᠮᠵᠢ᠎ᠶ᠋ᠢ ᠳᠡᠭᠡᠭ᠌ᠰᠢᠯᠡᠭᠦᠯᠪᠡ; 《ᠨᠢᠭᠡ ᠲᠥᠷᠥᠯ ᠵᠦᠶ᠋ᠯ ᠨᠢᠭᠡ ᠲᠠᠩᠰᠠ ᠡᠪᠬᠡᠮᠡᠯ ᠲᠠᠢ》᠂《ᠨᠢᠭᠡ ᠲᠥᠷᠥᠯ ᠵᠦᠶ᠋ᠯ᠎ᠢ ᠨᠢᠭᠡ ᠲᠤᠰᠭᠠᠶ ᠠᠩᠭᠢ ᠬᠠᠷᠢᠭᠤᠴᠠᠬᠤ》 ᠪᠠᠷᠢᠮᠵᠢᠶ᠎ᠠ ᠶᠣᠰᠣᠭᠠᠷ ᠭᠣᠸ᠋ᠯᠳᠠᠯᠭ᠎ᠠ᠎ᠲᠠᠶ ᠪᠥᠲᠥᠭᠡᠨ ᠪᠠᠢᠭᠤᠯᠤᠯᠲᠠ᠎ᠶ᠋ᠢᠨ ᠲᠥᠷᠥᠯ ᠵᠦᠶ᠋ᠯ᠎ᠦᠨ ᠠᠬᠢᠭᠤᠯᠬᠤ ᠬᠤᠷᠳᠤᠴᠠ᠎ᠶ᠋ᠢ ᠳᠡᠭᠡᠭ᠌ᠰᠢᠯᠡᠭᠦᠯᠵᠡᠢ᠃
ᠭᠣᠭ᠍ᠴᠣᠭ᠎ᠠ᠎ᠶ᠋ᠢ ᠴᠦᠭᠡᠳᠭᠡᠬᠦ᠂ ᠮᠠᠲ᠋ᠧᠷᠢᠶᠠᠯ᠎ᠢ ᠪᠠᠭᠠᠰᠭᠠᠬᠤ᠂ ᠴᠠᠭ᠎ᠢ ᠪᠤᠭᠤᠨᠢᠰᠬᠠᠬᠤ᠂ ᠥᠪᠡᠷ᠎ᠦᠨ ᠥᠷᠲᠡᠭ᠎ᠢ ᠪᠠᠭᠤᠷᠠᠭᠤᠯᠬᠤ᠂ᠭᠦᠶᠦᠯᠲᠡᠶ᠋ᠢᠪᠠᠭᠠᠰᠭᠠᠬᠤᠵᠡᠷᠭᠡᠬᠣᠯᠪᠣᠭ᠍ᠳᠠᠯᠪᠦᠬᠦᠢᠡᠵᠡᠩᠨᠡᠯᠲᠡᠶ᠋ᠢᠨᠲᠥᠷᠥᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠬᠦ᠌᠎ᠶ᠋ᠢᠨ ᠳᠠᠭᠠᠤ᠂ ᠠᠵᠤ ᠠᠬᠤᠢᠯᠠᠯ ᠪᠣᠯᠤᠨ ᠤᠯᠠᠨ ᠲᠦᠮᠡᠨ᠎ᠦ ᠬᠦᠷᠲᠡᠮᠵᠢ᠎ᠶ᠋ᠢᠨ ᠲᠦᠷᠦᠭ᠌ᠳᠡᠯ᠂ ᠬᠠᠨᠤᠮᠵᠢ᠎ᠶ᠋ᠢᠨ ᠬᠡᠮᠵᠢᠶᠡᠲᠠᠰᠤᠷᠠᠯᠳᠡᠦᠭᠡᠢ ᠳᠡᠭᠡᠭ᠌ᠰᠢᠯᠡᠵᠦ᠍᠂ ᠠᠷᠠᠳ᠎ᠲᠤ ᠲᠦᠭᠦᠮ ᠦᠵᠡᠭᠦᠯᠵᠦ᠍ ᠠᠷᠠᠳ᠎ᠲᠤ ᠠᠱᠢᠭ ᠬᠦᠷᠲᠡᠭᠡᠬᠦ᠂ ᠠᠷᠠᠯᠵᠢᠶᠠᠴᠢᠨᠢᠬᠦᠨᠳᠦᠳᠭᠡᠵᠦ᠍ ᠠᠷᠠᠯᠵᠢᠶᠠᠴᠢᠨᠢᠬᠠᠢᠷᠠᠯᠠᠬᠤ ᠨᠡᠢᠭᠡᠮ᠎ᠦᠨ ᠠᠭᠤᠷ ᠠᠮᠢᠰᠭᠤᠯ ᠠᠭᠠᠵᠢᠮ᠎ᠢᠶᠠᠷ ᠪᠦᠷᠢᠯᠳᠦᠵᠦ᠍᠂ ᠰᠠᠢ᠌ᠨ ᠰᠠᠢᠬᠠᠨ ᠬᠤᠳᠠᠯᠳᠤᠭ᠎ᠠ ᠡᠷᠬᠢᠯᠡᠬᠦ᠌ ᠣᠷᠴᠢᠨ ᠨᠦᠭᠦᠴᠡᠯ ᠨᠢ ᠨᠡᠩ ᠤᠯᠠᠨ ᠱᠢᠯᠢᠳᠡᠭ ᠠᠵᠤ ᠠᠬᠤᠢᠯᠠᠯ᠎ᠢ ᠲᠠᠳᠠᠵᠤ ᠤᠯᠠᠭᠠᠨᠬᠠᠳᠠ᠎ᠳᠤ ᠨᠤᠲᠤᠭᠰᠢᠭᠤᠯᠬᠤ《ᠰᠤᠷᠢᠨᠵᠢᠨ》 ᠪᠤᠯᠪᠠ᠃
ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠵᠦᠪᠭᠡᠨ ᠨᠡᠩ ᠰᠠᠢ᠌ᠨ ᠪᠣᠯᠬᠤ᠎ᠠᠴᠠ ᠪᠢᠰᠢ᠂ ᠬᠠᠮᠤᠭ᠎ᠤᠨ ᠰᠠᠢ᠌ᠨ ᠭᠡᠵᠦ᠍ ᠭᠡᠯᠡᠵᠤ ᠴᠢᠳᠠᠬᠤ ᠦᠭᠡᠢ᠃ 2022 ᠣᠨ᠎ᠳᠤ᠂ ᠤᠯᠠᠭᠠᠨᠬᠠᠳᠠ ᠬᠤᠳᠠ ᠦᠷᠭᠦᠯᠵᠢᠯᠡᠨ ᠬᠤᠳᠠᠯᠳᠤᠭ᠎ᠠ ᠡᠷᠬᠢᠯᠡᠬᠦ᠌ ᠣᠷᠴᠢᠨ ᠨᠦᠭᠦᠴᠡᠯ᠎ᠢ ᠱᠢᠯᠢᠳᠡᠭ᠌ᠵᠢᠭᠦᠯᠬᠦ᠌᠎ᠶ᠋ᠢ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠴᠢᠬᠤᠯᠠ ᠱᠢᠪᠲᠤᠯᠬᠤᠴᠡᠭ ᠪᠣᠯᠭᠠᠵᠤ᠂ ᠲᠤᠬᠠᠢ᠎ᠶ᠋ᠢᠨ ᠬᠥᠮᠦᠨ᠂ ᠠᠵᠤ ᠠᠬᠤᠢᠯᠠᠯ᠎ᠤᠨ ᠬᠡᠷᠡᠭ᠌ᠴᠡᠭᠡ ᠱᠠᠭᠠᠷᠳᠠᠯᠭ᠎ᠠ᠎ᠶ᠋ᠢᠨ ᠪᠦᠬᠦ᠌ ᠶᠠᠪᠤᠴᠠ᠎ᠶ᠋ᠢᠨ ᠲᠣᠭᠣᠷᠢᠨ᠎ᠳᠤ ᠱᠢᠯᠢᠳᠡᠭ ᠦᠢᠯᠡᠴᠢᠯᠡᠭᠡ ᠬᠠᠩᠭᠠᠵᠤ᠂ ᠡᠯ᠎ᠡ ᠵᠦᠢᠯ᠎ᠦᠨ ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢ ᠪᠣᠳᠠᠲᠠᠢ᠎ᠳᠤ ᠨᠠᠢᠳᠠᠪᠤᠷᠢᠵᠢᠭᠤᠯᠬᠤ᠎ᠶ᠋ᠢ ᠪᠠᠲᠤᠯᠠᠵᠤ᠂ ᠲᠡᠷᠢᠭᠦᠨ᠎ᠦ ᠬᠤᠳᠠᠯᠳᠤᠭ᠎ᠠ ᠡᠷᠬᠢᠯᠡᠬᠦ᠌ ᠣᠷᠴᠢᠨ ᠨᠦᠭᠦᠴᠡᠯ᠎ᠢ ᠴᠢᠷᠮᠠᠢᠨ ᠪᠤᠢ ᠪᠣᠯᠭᠠᠵᠤ᠂ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭ᠌ᠵᠢᠯᠲᠡ᠎ᠳᠦ ᠱᠢᠨ᠎ᠡ ᠬᠥᠳᠡᠯᠭᠡᠬᠦ᠌ ᠬᠦᠴᠦᠨ᠎ᠢ ᠬᠤᠷᠠᠮᠳᠤᠭᠤᠯᠵᠤ ᠥᠭ᠌ᠭᠦ ᠪᠤᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠹᠦ᠋ ᠭᠸᠨ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃