ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ᠎ᠢ᠋ ᠱᠢᠯᠢᠳᠡᠭᠵᠢᠭᠦᠯᠦᠶ᠎᠎ᠡ > ᠥᠪᠥᠷ ᠮᠣᠩᠭᠣᠯ᠎ᠤ᠋ᠨ ᠠᠵᠢᠯᠯᠠᠭ᠎ᠠ

2022-02-28 09:38:22

ᠵᠣᠬᠢᠶᠠᠭ᠍ᠴᠢ᠄ ᠡᠷᠳᠡᠨᠢᠵᠢᠷᠭᠠᠯ ᠪᠠᠶᠠᠨᠳᠠᠯᠠᠢ ᠣᠩᠱᠢᠭ᠍ᠰᠠᠨ ᠣᠳᠠᠭ᠎ᠠ᠄ 3

ᠥᠢᠷ᠎ᠠ ᠳ᠋ᠥ᠂ ᠰᠣᠷᠪᠣᠯᠵᠢᠯᠠᠬ᠍ᠴᠢ ᠦᠤᠱᠢᠨ ᠬᠤᠱᠢᠭᠤᠨ᠎ᠤ ᠵᠠᠰᠠᠭ ᠤ᠋ᠠ ᠶᠠᠪᠤᠲᠠᠯ᠎ᠤᠨ ᠦᠢᠯᠡᠴᠢᠯᠡᠭᠡᠨ᠎ᠤ ᠲᠦᠪ᠎ᠤᠨ《ᠨᠢᠭᠡ ᠦᠷᠲᠡᠭᠡᠴᠢᠯᠡᠭ᠌ᠰᠡᠨ》 ᠦᠢᠯᠡᠴᠢᠯᠡᠭᠡᠨ᠎ᠤ ᠴᠤᠩᠬᠤᠨ᠎ᠳᠤ ᠬᠦᠷᠬᠦ᠌᠎ᠳᠤ᠂ 《ᠹᠧᠩ ᠨᠢᠶᠣᠣ ᠱᠢᠨᠵᠢᠯᠡᠭᠦ ᠤᠬᠠᠭᠠᠠ ᠲᠸᠭᠨᠢᠭ ᠮᠡᠷᠭᠡᠵᠢᠯ᠎ᠤᠨ ᠺᠤᠮᠫᠠᠨᠢ》᠎ᠶ᠋ᠢᠨ ᠬᠠᠷᠢᠭᠤᠴᠠᠯᠭᠠᠲᠠᠨ ᠴᠠᠭ᠍ᠲᠤᠷ ᠰᠠᠷ᠎ᠠ᠎ᠶ᠋ᠢᠨ ᠭᠠᠷ ᠬᠦᠢᠴᠡᠳᠭᠡᠯ᠎ᠢᠶᠠᠨ ᠬᠦᠢᠴᠡᠳᠭᠡᠵᠦ᠍ ᠪᠠᠢᠬᠤ᠎ᠲᠠᠢ ᠲᠠᠭᠠᠷᠠᠯᠲᠤᠯ᠎ᠠ᠃

ᠲᠠᠷᠨ ᠰᠣᠷᠪᠣᠯᠵᠢᠯᠠᠬ᠍ᠴᠢ ᠳ᠋ᠥ᠄ 《ᠨᠢᠳᠤᠨᠤᠠ᠎ᠠᠴᠠ ᠰᠠᠷ᠎ᠠ᠎ᠶ᠋ᠢᠨ ᠬᠦᠢᠯᠭᠡᠭᠡᠨ᠎ᠤ ᠭᠠᠷ ᠬᠦᠢᠴᠡᠳᠭᠡᠯ᠎ᠢᠶᠠᠨ ᠬᠢᠬᠦ᠌᠎ᠳᠤ ᠨᠢᠭᠡ ᠯᠠ ᠤᠳᠠᠭ᠎ᠠ ᠢᠷᠡᠪᠡᠯ᠂ ᠪᠦᠬᠦ᠌ ᠭᠠᠷ ᠬᠦᠢᠴᠡᠳᠭᠡᠯ᠎ᠢᠶᠠᠨ ᠲᠠᠭᠤᠰᠬᠠᠬᠤ ᠪᠤᠯᠤᠭ᠍ᠰᠠᠨ ᠮᠦᠷᠲᠡᠭᠡᠨ ᠠᠯᠢᠪᠠ ᠲᠦᠷᠦᠯ᠎ᠤᠨ ᠭᠠᠷ ᠬᠦᠢᠴᠡᠳᠭᠡᠯ ᠪᠦᠷ ᠲᠦᠬᠦᠮ ᠪᠤᠯᠤᠭ᠍ᠰᠠᠨ》 ᠭᠡᠵᠦ᠍ ᠪᠠᠶᠠᠷᠲᠠᠢ ᠶᠠᠷᠢᠨ᠎ᠠ᠃

ᠦᠤᠱᠢᠨ ᠬᠤᠱᠢᠭᠤ 2021ᠤᠠ᠎ᠡᠴᠠ《ᠨᠢᠭᠡ ᠦᠷᠲᠡᠭᠡᠴᠢᠯᠡᠭ᠌ᠰᠡᠨ》 ᠦᠢᠯᠡᠴᠢᠯᠡᠭᠡ᠎ᠶ᠋ᠢ ᠱᠢᠯᠢᠲᠡᠭ᠌ᠵᠢᠭᠦᠯᠵᠦ᠍᠂ ᠥᠨᠳᠥᠷ ᠦᠷ᠎ᠡ᠎ᠪᠦᠲᠦᠮᠵᠢᠲᠡᠢ᠂᠎ᠲᠥᠪ᠎ᠭᠤᠤᠯᠴᠢ᠎ᠪᠠᠷ᠎ᠥᠷᠢᠰᠦᠯᠳᠦᠬᠦ᠌᠎ᠵᠠᠬ᠎ᠠ᠎ᠳᠡᠯᠭᠡᠭᠦᠷ᠎ᠤᠨ᠎ᠲᠠᠪᠴᠠᠩ᠎ᠢ᠎ᠪᠦᠷᠢᠯᠲᠦᠭᠦᠯᠵᠦ᠍᠂ ᠪᠡᠯᠡ ᠣᠷᠣᠭᠤᠯᠤᠭ᠍ᠰᠠᠨ ᠠᠵᠤ ᠠᠬᠤᠢᠯᠠᠯ᠎ᠤᠨ ᠲᠥᠷᠥᠯ ᠵᠦᠢᠯ᠎ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠪᠡ᠃ ᠳᠣᠰ ᠬᠤᠱᠢᠭᠤ ᠬᠤᠲᠠᠯᠲᠤᠭ᠎ᠠ ᠡᠷᠬᠢᠯᠡᠬᠦ᠌ ᠤᠷᠴᠢᠨ ᠨᠦᠬᠦᠴᠡᠯ᠎ᠢ ᠱᠢᠯᠢᠲᠡᠭ᠌ᠵᠢᠭᠦᠯᠬᠦ᠌᠎ᠶ᠋ᠢ ᠴᠢᠬᠤᠯᠠᠴᠢᠯᠠᠵᠦ᠍᠂ ᠤᠷᠴᠢᠮᠬᠠᠨ ᠪᠠᠰᠨ ᠠᠵᠤ ᠠᠬᠤᠢᠯᠠᠯᠲᠠᠳ᠎ᠤᠨ ᠶᠠᠷᠢᠯᠴᠠᠬᠤ ᠬᠤᠷᠠᠯ ᠬᠢᠵᠦ᠍᠂ ᠠᠷᠠᠯᠵᠢᠶᠠᠴᠢᠨ ᠤᠷᠢᠵᠤ ᠪᠡᠯᠡ ᠮᠦᠩᠭᠦ ᠣᠷᠣᠭᠤᠯᠵᠤ ᠠᠪᠴᠢᠷᠠᠬᠤ ᠠᠵᠢᠯ᠎ᠤᠨ ᠲᠥᠰᠦᠯ᠎ᠢ ᠰᠤᠷᠤᠯᠴᠠᠨ ᠲᠠᠢ᠌ᠯᠪᠤᠷᠢᠯᠠᠵᠤ᠂ ᠠᠵᠤ ᠦᠢᠯᠡᠳᠪᠦᠷᠢ᠂ ᠮᠥᠩᠭᠦᠨ ᠭᠦᠢᠯᠭᠡᠭᠡ᠂ ᠰᠣᠶᠣᠯ ᠵᠢᠭᠤᠯᠴᠢᠯᠠᠯ᠂ ᠮᠠᠯ ᠠᠵᠤ ᠠᠬᠤᠢ ᠲᠠᠷᠢᠶᠠᠯᠠᠩ ᠵᠡᠷᠭᠡ ᠬᠦᠷᠢᠶ᠎ᠡ ᠬᠡᠪᠴᠢᠶᠠᠨ᠎ᠳᠠᠬᠢ ᠠᠵᠤ ᠠᠬᠤᠢᠯᠠᠯ᠎ᠤᠨ ᠬᠦᠭ᠌ᠵᠢᠯᠲᠡ᠎ᠶ᠋ᠢᠨ ᠲᠤᠭᠤᠷᠢᠨ᠎ᠳᠤ ᠬᠠᠷᠢᠭᠤ ᠮᠡᠳᠡᠭᠦᠯᠵᠦ᠍᠂ ᠰᠠᠨᠠᠯ ᠰᠠᠨᠠᠭᠤᠯᠭ᠎ᠠ ᠳᠤᠷᠠᠳᠴᠤ᠌᠂ ᠬᠦᠭ᠌ᠵᠢᠯᠲᠡ᠎ᠶ᠋ᠢᠨ ᠰᠡᠳᠭᠢᠮᠵᠢ᠎ᠪᠠᠨ ᠴᠢᠯᠥᠭᠡᠲᠡᠢ ᠶᠠᠷᠢᠯᠴᠠᠪᠠ᠃

ᠳᠣᠰ᠎ᠬᠤᠱᠢᠭᠤᠨ᠎ᠤ ᠨᠢᠭᠡᠨ ᠸᠠᠭᠠᠷ ᠲᠣᠭᠤᠰᠭ᠎ᠠ᠎ᠶ᠋ᠢᠨ ᠺᠣᠮᠫᠠᠨᠢ ᠦᠢᠯᠡᠳᠪᠦᠷᠢᠯᠡᠯ ᠡᠵᠡᠩᠨᠡᠬᠦ ᠨᠥᠬᠦᠴᠡᠯ᠎ᠢ ᠪᠦᠷᠢᠯᠲᠦᠬᠦᠯᠦᠭ᠌ᠰᠡᠨ ᠪᠤᠯᠪᠠᠴᠤ ᠲᠦᠭᠦᠬᠡᠢ ᠮᠠᠲᠸᠷᠢᠶᠠᠯ ᠬᠤᠳᠠᠯᠳᠤᠨ ᠠᠪᠬᠤ ᠶᠠᠪᠤᠴᠠ᠎ᠳᠤ ᠬᠥᠴᠢᠷᠳᠡᠵᠤ ᠪᠠᠢᠪᠠ᠃ ᠲᠤᠰ ᠺᠤᠮᠫᠠᠨᠢ᠎ᠶ᠋ᠢᠨ ᠲᠦᠭᠦᠬᠡᠢ ᠮᠠᠲ᠋ᠸᠷᠢᠶᠠᠯ ᠨᠢ ᠨᠡᠭᠦᠷᠡᠰᠦᠨ ᠴᠢᠯᠠᠭᠤ ᠪᠠᠢᠵᠦ᠍᠂ ᠬᠠᠤᠯᠢ ᠶᠤᠰᠤᠨ᠎ᠦ ᠲᠦᠭᠦᠭᠡᠢ ᠮᠠᠲ᠋ᠸᠷᠢᠶᠠᠯ᠎ᠳᠤ ᠬᠠᠷᠢᠶᠠᠯᠠᠭ᠍ᠳᠠᠬᠤ ᠪᠤᠯᠪᠠᠴᠤ᠂ ᠲᠤᠰ ᠺᠣᠮᠫᠠᠨᠢ ᠤᠤᠯ᠎ᠨᠢ ᠬᠤᠪᠢ᠎ᠶ᠋ᠢᠨ ᠦᠢᠯᠡᠳᠪᠦᠷᠢ ᠬᠤᠲᠠᠯᠲᠤᠭᠠᠨ᠎ᠤ ᠬᠡᠯᠪᠡᠷᠢ᠎ᠪᠠᠷ ᠡᠵᠡᠩᠨᠡᠵᠤ ᠪᠠᠢᠬᠰᠠᠠ ᠪᠤᠯᠬᠤᠷ ᠱᠢᠨ᠎ᠡ ᠺᠤᠮᠫᠠᠨᠢ ᠲᠠᠩᠰᠠᠯᠠᠭᠤᠯᠬᠤ ᠎ᠳᠤ᠂ ᠲᠤᠬᠠᠢ᠎ᠶ᠋ᠢᠨ ᠦᠶ᠎ᠡ᠎ᠵᠢᠠ ᠲᠦᠬᠦᠭᠡᠢ ᠡᠳ᠋ ᠬᠠᠩᠭᠠᠬᠤ ᠭᠡᠷ᠎ᠡ ᠪᠢᠴᠢᠭ᠎ᠲᠠᠬᠢ ᠺᠤᠮᠫᠠᠨᠢ᠎ᠶ᠋ᠢᠨ ᠨᠡᠷᠡᠢᠲᠤᠯ ᠲᠠᠢ ᠠᠲᠠᠯᠢ ᠦᠭᠡᠢ᠎ᠠᠴᠠ ᠪᠣᠯᠵᠤ ᠦᠷᠭᠦᠯᠵᠢᠯᠡᠨ ᠲᠦᠬᠦᠬᠡᠢ ᠮᠠᠲ᠋ᠸᠷᠢᠶᠠᠯ ᠬᠠᠩᠭᠠᠬᠤ᠎ᠳᠤ ᠪᠡᠷᠭᠡ ᠪᠤᠯᠪᠡ᠃ ᠡᠢᠮᠤᠷᠬᠥᠤ ᠪᠠᠢᠳᠠᠯ ᠎ᠳᠤ᠂ ᠬᠤᠱᠢᠭᠤᠨ᠎ᠤ ᠵᠠᠬ᠎ᠠ ᠳᠡᠯᠭᠡᠭᠦᠷ᠎ᠤᠨ ᠬᠢᠨᠠᠯᠳᠠ ᠬᠠᠮᠢᠶᠠᠷᠦᠯᠲᠠ᠎ᠶ᠋ᠢᠨ ᠲᠤᠪᠴᠢᠶ᠎ᠠ ᠰᠠᠨᠠᠭᠠᠴᠢᠯᠠᠭ᠎ᠠ ᠡᠴᠠ᠎ᠪᠠᠨ ᠬᠢᠨᠠᠨ ᠬᠠᠷᠢᠭᠤᠴᠠᠵᠤ᠂ ᠬᠤᠯᠪᠤᠭ᠍ᠲᠠᠯ ᠪᠦᠬᠦᠢ ᠰᠠᠯᠠᠭ᠎ᠠ ᠮᠦᠴᠢᠷ ᠲᠠᠢ ᠬᠠᠮᠲᠤᠷᠠᠨ᠂ ᠬᠠᠮᠲᠤ ᠪᠠᠷ ᠰᠤᠳᠤᠯᠤᠨ ᠲᠣᠭ᠍ᠲᠠᠭᠠᠵᠤ᠂ ᠲᠣᠳᠣᠷᠬᠠᠢᠯᠠᠯᠲᠠ ᠬᠢᠭᠰᠡᠡ ᠵᠢᠡᠷ ᠲᠦᠭᠦᠬᠡᠢ ᠮᠠᠲ᠋ᠸᠷᠢᠶᠠᠯ ᠬᠠᠩᠭᠠᠬᠤ ᠭᠡᠷ᠎ᠡ ᠲᠣᠭ᠍ᠲᠠᠵᠠᠢ᠃ ᠤᠲᠤ ᠲᠤᠰ ᠠᠵᠤ ᠠᠬᠤᠢᠯᠠᠯ ᠬᠡᠪ᠎ᠤᠨ ᠦᠢᠯᠡᠳᠪᠦᠷᠢᠯᠡᠯ ᠡᠵᠡᠩᠨᠡᠯᠲᠡ᠎ᠶ᠋ᠢᠨ ᠪᠠᠢᠲᠠᠯ᠎ᠳᠤ ᠤᠷᠤᠯ᠎ᠠ᠃

ᠲᠤᠰ ᠺᠤᠮᠫᠠᠨᠢ᠎ᠶ᠋ᠢᠨ ᠬᠠᠷᠢᠭᠤᠴᠠᠯᠭᠠᠲᠠᠨ᠄ 《 ᠨᠠᠮ ᠵᠠᠰᠠᠭ᠎ᠠᠴᠠ ᠬᠤᠲᠠᠯᠲᠤᠭ᠎ᠠ ᠡᠷᠬᠢᠯᠡᠬᠦ᠌ ᠤᠷᠴᠢᠨ ᠨᠦᠭᠦᠴᠡᠯ᠎ᠢ ᠦᠨᠡᠨ ᠬᠦ᠌ ᠴᠢᠬᠤᠯᠠᠴᠢᠯᠠᠨ ᠦᠵᠡᠵᠤ ᠪᠠᠢᠨ᠎ᠠ᠃ᠠᠵᠦ᠍ ᠠᠬᠤᠢᠯᠠᠯ᠎ᠤᠨ ᠡᠯ᠎ᠡ ᠭᠠᠷ ᠬᠦᠢᠴᠡᠳᠭᠡᠯ ᠎ᠢ ᠪᠦᠷ ᠲᠦᠬᠦᠮ ᠪᠤᠯᠭᠠᠵᠤ᠂ ᠨᠢᠭᠡ ᠤᠲᠠᠭ᠎ᠠ᠎ᠳᠤ ᠪᠦᠬᠦᠨ᠎ᠢ ᠬᠦᠢᠴᠡᠳᠭᠡᠬᠦ ᠪᠤᠯᠤᠭᠰᠠᠠ ᠨᠢ ᠬᠤᠲᠠᠯᠲᠤᠭ᠎ᠠ ᠡᠷᠬᠢᠯᠡᠬᠦ᠌ ᠤᠷᠴᠢᠨ ᠨᠦᠭᠦᠴᠡᠯ ᠦᠨᠡᠨ ᠰᠠᠢᠵᠢᠷᠠᠵᠤ ᠪᠠᠢᠨ᠎ᠠ》ᠬᠡᠵᠣ ᠶᠠᠷᠢᠨ᠎ᠠ᠃

2021 ᠤᠨ᠎ᠠᠴᠠ᠂ ᠲᠤᠰ ᠬᠤᠱᠢᠭᠤ ᠳᠡᠭᠡᠷ᠎ᠡ ᠳᠣᠣᠷ᠎ᠠ ᠱᠠᠲᠤ ᠬᠤᠯᠪᠣᠭᠠᠯᠠᠨ ᠬᠥᠳᠡᠯᠦᠯᠴᠡᠵᠦ᠍᠂ ᠦᠵᠡᠯ ᠰᠠᠨᠠᠭ᠎ᠠ᠎ᠪᠠᠨ ᠵᠣᠷᠢᠭ᠍ᠲᠠᠢ ᠴᠢᠯᠥᠭᠡᠯᠡᠨ᠂ ᠢᠲᠡᠪᠬᠢᠲᠡᠢ᠎ᠪᠠᠷ ᠬᠠᠢᠨ ᠰᠦᠪᠡᠭ᠌ᠴᠢᠯᠡᠵᠦ᠍᠂ ᠠᠵᠢᠯ᠎ᠤᠨ ᠰᠡᠳᠭᠢᠮᠵᠢ ᠪᠠᠨ ᠱᠢᠨᠡᠴᠢᠯᠡᠵᠦ᠍᠂ ᠬᠤᠳᠠᠯᠳᠤᠭ᠎ᠠ ᠡᠷᠬᠢᠯᠡᠬᠥ᠌ ᠣᠷᠴᠢᠨ ᠨᠦᠭᠦᠴᠡᠯ᠎ᠢ ᠵᠠᠬ᠎ᠠ ᠳᠡᠯᠭᠡᠭᠦᠷᠴᠢᠯᠡᠬᠦ᠂ ᠬᠠᠤᠯᠢᠵᠢᠭᠤᠯᠬᠤ᠂ ᠳᠥᠭᠦᠮ ᠦᠵᠡᠭᠦᠯᠬᠦ᠌ ᠬᠢᠷᠢ ᠬᠡᠮᠵᠢᠶ᠎ᠡ᠎ᠶ᠋ᠢ ᠮᠡᠳᠡᠭ᠌ᠳᠡᠮ᠎ᠡ ᠳᠡᠭᠡᠭ᠌ᠰᠢᠯᠡᠭᠦᠯᠪᠡ᠃

ᠲᠤᠰ ᠬᠤᠱᠢᠭᠤᠨ᠎ᠤ ᠭᠠᠢᠯᠢ᠎ᠶ᠋ᠢᠨ ᠶᠠᠪᠤᠳᠠᠯ᠎ᠤᠨ ᠲᠣᠪᠴᠢᠶ᠎ᠠ ᠲᠤᠰᠭᠠᠢ ᠲᠤᠭᠤᠢᠯᠠᠩ ᠬᠤᠪᠢᠶᠠᠨ ᠠᠵᠤ ᠠᠬᠤᠢᠯᠠᠯ ᠤ᠋ᠳ ᠵᠢᠡᠷ ᠬᠦᠷᠴᠤ᠌᠂ ᠤᠯᠤᠰ᠎ᠤᠨ ᠭᠠᠢᠯᠢ ᠲᠠᠲᠠᠪᠤᠷᠢ᠎ᠶ᠋ᠢᠨ ᠬᠠᠷᠠᠭᠠᠯᠵᠠᠯ᠎ᠤᠨ ᠲᠦᠷᠦ᠍᠎ᠶ᠋ᠢᠨ ᠪᠤᠲᠤᠯᠭ᠎ᠠ᠎ᠶ᠋ᠢ ᠲᠠᠢᠯᠪᠤᠷᠢᠯᠠᠨ ᠦᠢᠯᠠᠭᠠᠭᠤᠯᠵᠦ᠍᠂ ᠦᠢᠯᠡᠴᠢᠯᠡᠭᠡ᠎ᠪᠠᠨ ᠤᠯᠠᠮ ᠴᠢᠩᠭᠠᠳᠭᠠᠨ ᠤᠯᠤᠰ᠎ᠠᠴᠠ ᠲᠣᠭ᠍ᠲᠠᠭᠠᠭ᠍ᠰᠠᠨ ᠭᠠᠢᠯᠢ ᠎ᠶ᠋ᠢ ᠪᠠᠭᠠᠰᠭᠠᠵᠤ ᠰᠦᠢᠳᠭᠡᠯ᠎ᠢ ᠪᠠᠭᠤᠷᠠᠭᠤᠯᠬᠤ ᠲᠦᠷᠦ᠍᠎ᠶ᠋ᠢᠨ ᠪᠣᠳᠣᠯᠭ᠎ᠠ᠎ᠵᠢᠨ ᠬᠠᠷᠠᠭᠠᠯᠵᠠᠯ᠎ᠢ ᠬᠦᠷᠳᠡᠵᠦ ᠪᠤᠯᠬᠤ᠎ᠶ᠋ᠢ ᠤᠬᠠᠭᠤᠯᠤᠨ ᠲᠠᠢᠯᠪᠤᠷᠢᠯᠠᠵᠤ᠂ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ᠎ᠢ ᠦᠷᠭᠦᠯᠵᠢᠯᠡᠨ ᠬᠦᠭ᠌ᠵᠢᠭᠡᠵᠦ᠍ ᠴᠢᠲᠠᠪᠠ᠃

《ᠣᠬᠤᠷᠬᠠᠨ ᠬᠡᠳᠦᠨ ᠮᠢᠨᠦ᠋ᠲ᠎ᠤᠨ ᠳᠣᠲᠣᠷ᠎ᠠ᠂ ᠪᠢᠳᠡ ᠭᠡᠷ᠎ᠡ ᠪᠢᠴᠢᠭ ᠪᠠᠷᠢᠮᠲᠠ ᠪᠠᠠ ᠭᠤᠶᠤᠴᠢᠯᠠᠨ ᠠᠪᠬᠤ ᠵᠡᠷᠭᠡ ᠲᠤᠬᠠᠢᠯᠠᠭ᠍ᠰᠠᠨ ᠠᠵᠢᠯ᠎ᠢᠶᠠᠨ ᠭᠦᠢᠴᠡᠳᠭᠡᠯ᠎ᠠ᠂ ᠭᠠᠢᠯᠢ᠎ᠶ᠋ᠢᠨ ᠶᠠᠪᠤᠳᠠᠯ᠎ᠤᠨ ᠰᠠᠯᠠᠭ᠎ᠠ ᠮᠥᠴᠢᠷ᠎ᠦᠨ ᠦᠢᠯᠡᠴᠢᠯᠡᠭᠡ ᠳᠥᠭᠦᠮ ᠲᠦᠳᠡ ᠮᠦᠷᠲᠡᠭᠡᠨ ᠬᠠᠷᠠᠭᠠᠯᠵᠠᠯ᠎ᠤᠨ ᠭᠠᠢᠯᠢ᠎ᠶ᠋ᠢ ᠴᠤ᠌ ᠬᠥᠷᠳᠡᠪᠡ᠃ ᠭᠠᠢᠯᠢ᠎ᠶ᠋ᠢᠨ ᠶᠠᠪᠤᠳᠠᠯ᠎ᠤᠨ ᠰᠠᠯᠠᠭ᠎ᠠ ᠮᠥᠴᠢᠷ᠎ᠤᠨ ᠤᠬᠠᠭᠤᠯᠭ᠎ᠠ ᠪᠠ ᠦᠢᠯᠡᠴᠢᠯᠡᠭᠡ᠎ᠪᠠᠷ᠂ ᠪᠢᠳᠡ ᠤᠯᠤᠰ ᠡᠴᠠ ᠲᠣᠭ᠍ᠲᠠᠭᠠᠭ᠍ᠰᠠᠨ ᠬᠠᠷᠠᠭᠠᠯᠵᠠᠯ᠎ᠤᠨ ᠲᠦᠷᠦ᠍᠎ᠶ᠋ᠢᠨ ᠪᠣᠳᠣᠯᠭ᠎ᠠ᠎ᠶ᠋ᠢ ᠴᠠᠭ ᠲᠤᠬᠠᠢ᠎ᠳᠤᠨᠢ ᠬᠦᠷᠲᠡᠵᠦ᠍ ᠪᠠᠢᠨ᠎ᠠ》ᠭᠡᠵᠦ᠍ ᠣᠷᠳᠣᠰ᠎ᠤᠨ ᠡᠨᠧᠷᠭᠢ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠬᠢᠵᠠᠭᠠᠷᠲᠤ ᠺᠤᠮᠫᠠᠨᠢ᠎ᠶ᠋ᠢᠨ ᠭᠠᠢ᠌ᠯᠢ ᠲᠤᠰᠢᠶᠠᠭᠴᠢ ᠵᠢᠦ ᠢ ᠴᠢᠶᠦ᠋ᠨ ᠰᠣᠷᠪᠣᠯᠵᠢᠯᠠᠬ᠍ᠴᠢ ᠳ᠋ᠥ᠍ ᠬᠡᠯᠡᠵᠣ ᠪᠠᠢ᠌ᠯ᠎ᠠ᠃

ᠲᠤᠰ ᠬᠤᠱᠢᠭᠤᠨ᠎ᠤ ᠭᠠᠢᠯᠢ᠎ᠶ᠋ᠢᠨ ᠶᠠᠪᠤᠳᠠᠯ᠎ᠤᠨ ᠲᠣᠪᠴᠢᠶ᠎ᠠ ᠭᠠᠢᠯᠢ᠎ᠶ᠋ᠢᠨ ᠬᠠᠷᠠᠭᠠᠯᠵᠠᠯ᠎ᠤᠨ ᠲᠦᠷᠦ᠍᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠬᠤ ᠦᠷ᠎ᠡ ᠪᠦᠲᠦᠮᠵᠢ᠎ᠶ᠋ᠢ ᠲᠡᠭᠡᠭ᠌ᠰᠢᠯᠡᠭᠦᠯᠬᠦ᠌᠎ᠶ᠋ᠢᠨ ᠲᠥᠯᠥᠭᠡ ᠠᠵᠢᠯ᠎ᠤᠨ ᠶᠠᠪᠤᠴᠠ᠎ᠪᠠᠨ ᠳᠥᠭᠦᠮᠴᠢᠯᠡᠵᠦ᠍᠂ ᠲᠤᠰᠭᠠᠢ ᠬᠥᠮᠦᠨ ᠲᠣᠬᠢᠷᠠᠭᠤᠯᠤᠨ ᠠᠵᠤ ᠠᠬᠤᠢᠯᠠᠯ᠎ᠳᠤ ᠬᠠᠨᠳᠤᠯᠭᠠᠲᠤ ᠴᠢᠨᠠᠷᠲᠠᠢ ᠲᠦᠷᠦ᠍᠎ᠶ᠋ᠢᠨ ᠪᠣᠳᠣᠯᠭ᠎ᠠ᠎ᠶ᠋ᠢᠨ ᠬᠠᠪᠰᠤᠷᠤᠨ ᠵᠢᠯᠣᠭᠤᠳᠤᠯᠭ᠎ᠠ ᠬᠢᠵᠦ᠍᠂ ᠲᠡᠭᠡᠷ᠎ᠡ ᠵᠢᠯ᠎ᠤᠨ ᠰᠡᠭᠦᠯᠴᠢ ᠪᠣᠯᠲᠠᠯ᠎ᠠ᠂ ᠬᠠᠷᠢᠶ᠎ᠠ ᠲᠣᠭᠤᠷᠢᠭ᠎ᠲᠠᠬᠢ ᠠᠵᠤ ᠠᠬᠤᠢᠯᠠᠯ᠎ᠳᠤ 5955.86 ᠲᠦᠮᠡᠨ ᠲᠦᠭᠦᠷᠢᠭ᠎ᠤᠨ ᠪᠠᠷᠢᠴᠠᠭᠠᠨ᠎ᠤ ᠭᠠᠢᠯᠢ ᠪᠤᠴᠠᠭᠠᠪᠠ᠃ ᠡᠬᠦᠨ᠎ᠤ ᠬᠠᠮᠲᠤ ᠪᠠᠭ᠎ᠠ ᠵᠢᠵᠢᠭ ᠠᠵᠤ ᠠᠬᠤᠢᠯᠠᠯ᠎ᠢ ᠬᠥᠭ᠌ᠵᠢᠭᠦᠯᠬᠦ᠌ ᠲᠤᠰᠭᠠᠢ ᠲᠥᠷᠥᠯ᠎ᠤᠨ ᠠᠵᠢᠯᠯᠠᠭ᠎ᠠ ᠲᠠᠢ ᠤᠶᠠᠯᠳᠤᠭᠤᠯᠤᠨ᠂ ᠨᠢᠳᠤᠨᠤᠠ ᠪᠠᠰᠠ 《ᠪᠠᠩᠬᠢ ᠭᠠᠢᠯᠢ ᠬᠠᠷᠢᠯᠴᠠᠨ ᠬᠥᠳᠡᠯᠦᠯᠴᠡᠬᠦ》᠎ᠪᠠᠷ ᠳᠠᠮᠵᠢᠨ᠂ 58 ᠪᠠᠭ᠎ᠠ ᠵᠢᠵᠢᠭ ᠠᠵᠦ᠍ ᠠᠬᠤᠢᠯᠠᠯ ᠳ᠋ᠦ 2239.34 ᠲᠦᠮᠡᠨ ᠲᠦᠬᠦᠷᠢᠭ᠎ᠤᠨ ᠵᠢᠭᠡᠯᠡᠯᠭᠡ ᠣᠯᠭᠤᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面