2022-03-03 11:30:44
ᠬᠥᠯᠥᠨ ᠪᠣᠢᠷ ᠬᠣᠲᠠ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ᠋ ᠱᠢᠯᠢᠳᠡᠭ᠌ᠵᠢᠭᠦᠯᠬᠦ᠌ ᠶ᠋ᠢ ᠥᠭᠡᠷᠡᠴᠢᠯᠡᠯᠲᠡ ᠶ᠋ᠢ ᠭᠦᠨᠵᠡᠭᠡᠢᠷᠡᠭᠦᠯᠬᠦ᠌ ᠵᠢᠨ《ᠲᠡᠷᠢᠭᠦᠨ ᠭᠠᠷᠳᠠᠴᠠ》 ᠪᠠ ᠬᠥᠭ᠌ᠵᠢᠯᠲᠡ ᠶ᠋ᠢ ᠠᠬᠢᠭᠤᠯᠬᠤ ᠵᠢᠨ《ᠵᠠᠩᠭᠢᠯᠠᠭ᠎ᠠ》 ᠪᠣᠯᠭᠠᠵᠤ᠂ 《ᠲᠠᠯᠪᠢᠬᠤ ᠬᠠᠮᠢᠶᠠᠷᠬᠤ ᠦᠶ᠋ᠯᠡᠴᠢᠯᠡᠬᠦ᠌》ᠥᠭᠡᠷᠡᠴᠢᠯᠡᠯᠲᠡ ᠶ᠋ᠢ ᠭᠦᠨᠵᠡᠭᠡᠢᠷᠡᠭᠦᠯᠦᠨ ᠠᠬᠢᠭᠤᠯᠵᠤ᠂ ᠦᠶ᠋ᠯᠡᠴᠢᠯᠡᠭᠡᠨ ᠤ᠋ ᠵᠠᠭ᠍ᠪᠤᠷ ᠤ᠋ᠨ ᠱᠢᠨ᠎ᠡ ᠶ᠋ᠢ ᠡᠭᠦᠳᠴᠦ᠍᠂ᠠᠵᠤᠠᠬᠤᠢᠯᠠᠯᠪᠠᠣᠯᠠᠨᠲᠦᠮᠡᠨᠳᠦᠳᠥᠭᠥᠮ ᠳᠥᠲᠡ ᠥᠨᠳᠥᠷ ᠦᠷ᠎ᠡ ᠪᠦᠲᠦᠮᠵᠢᠲᠡᠶ ᠦᠶ᠋ᠯᠡᠴᠢᠯᠡᠭᠡ ᠬᠠᠩᠭᠠᠪᠠ᠃
ᠬᠥᠯᠥᠨ ᠪᠣᠢᠷ ᠬᠣᠲᠠ ᠵᠢᠨ ᠵᠠᠰᠠᠭ ᠤ᠋ᠨ ᠶᠠᠪᠤᠳᠠᠯ ᠤ᠋ᠨ ᠦᠶ᠋ᠯᠡᠴᠢᠯᠡᠭᠡᠨ ᠤ᠋ ᠲᠣᠪᠴᠢᠶ᠎ᠠ 2021 ᠣᠨ ᠤ᠋ ᠡᠬᠢᠪᠡᠷ《ᠡᠮᠦᠨ᠎ᠡ ᠲᠠᠪᠴᠠᠩᠳᠤ ᠶᠡᠷᠦᠩᠬᠡᠢᠯᠡᠨ ᠭᠥᠯᠢᠶᠡᠨ ᠠᠪᠴᠤ᠌ ᠱᠢᠶ᠋ᠳᠪᠦᠷᠢᠯᠡᠬᠦ᠌᠂ ᠠᠷᠤ ᠲᠠᠪᠴᠠᠩᠳᠤ ᠲᠥᠷᠥᠯ ᠬᠤᠪᠢᠶᠠᠨ ᠬᠢᠨᠠᠨ ᠵᠥᠪᠱᠢᠶᠡᠷᠡᠬᠦ᠌᠂ ᠶᠡᠷᠦᠩᠬᠡᠢᠯᠡᠭ᠌ᠰᠡᠨ ᠴᠣᠩᠬᠤᠪᠴᠢᠳ᠋ᠤ ᠪᠢᠴᠢᠭ ᠮᠠᠲ᠋ᠧᠷᠢᠶᠠᠯ ᠭᠠᠷᠭᠠᠬᠤ》ᠠᠵᠢᠯ ᠤ᠋ᠨ ᠵᠠᠭ᠍ᠪᠤᠷ ᠢ᠋ ᠨᠡᠢᠲᠡᠯᠡᠵᠦ᠍᠂ ᠬᠦᠯᠢᠶᠡᠨ ᠠᠪᠴᠤ ᠰᠢᠢᠳᠪᠦᠷᠢᠯᠡᠬᠦ ᠪᠠ ᠬᠢᠨᠠᠯᠲᠠ ᠶ᠋ᠢ ᠰᠠᠯᠭᠠᠬᠤ ᠶ᠋ᠢ ᠪᠡᠶᠡᠯᠡᠭᠦᠯᠪᠡ᠃ ᠣᠳᠣᠬᠠᠨᠳᠤ ᠬᠣᠲᠠ ᠵᠢᠨ ᠲᠣᠰ ᠱᠠᠲᠤᠨ ᠤ᠋ 386 ᠵᠦᠶ᠋ᠯ ᠤ᠋ᠨ ᠵᠠᠰᠠᠭ ᠤ᠋ᠨ ᠶᠠᠪᠤᠳᠠᠯ ᠤ᠋ᠨ ᠦᠶ᠋ᠯᠡᠴᠢᠯᠡᠭᠡᠨ ᠤ᠋ ᠵᠦᠶ᠋ᠯᠡᠰ ᠢ᠋ ᠨᠢᠭᠡ ᠯᠡ ᠴᠣᠩᠬᠤᠪᠴᠢᠳ᠋ᠤ ᠶᠡᠷᠦᠩᠬᠡᠢᠯᠡᠨ ᠭᠥᠯᠢᠶᠡᠨ ᠠᠪᠴᠤ᠌ ᠱᠢᠶ᠋ᠳᠪᠦᠷᠢᠯᠡᠨ᠂ ᠭᠥᠯᠢᠶᠡᠨ ᠠᠪᠴᠤ᠌ ᠱᠢᠶ᠋ᠳᠪᠦᠷᠢᠯᠡᠭᠰᠡᠨ ᠨᠣᠷᠮ᠎ᠠ 94% ᠳ᠋ᠤ ᠬᠦᠷᠴᠦ᠍᠂ ᠪᠥᠬᠥ᠌ ᠣᠷᠣᠨ ᠤ᠋ ᠡᠮᠦᠨ᠎ᠡ ᠡᠩᠨᠡᠭᠡᠨᠳᠦ ᠵᠢᠭᠰᠠᠭᠠᠭᠳᠠᠪᠠ᠃ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷᠡᠴᠡ《ᠴᠣᠩᠬᠤᠪᠴᠢᠪᠠᠷ ᠭᠦᠶ᠋ᠴᠡᠳᠭᠡᠬᠦ᠌》᠂《ᠰᠦᠯᠵᠢᠶᠡᠨ ᠳᠡᠭᠡᠷ᠎ᠡ ᠭᠦᠶ᠋ᠴᠡᠳᠭᠡᠬᠦ᠌》᠂《ᠭᠠᠷ ᠤᠲᠠᠰᠤᠨ ᠳᠡᠭᠡᠷ᠎ᠡ ᠭᠦᠶ᠋ᠴᠡᠳᠭᠡᠬᠦ᠌》᠂ ᠵᠠᠰᠠᠭ ᠪᠠᠩᠬᠢ ᠬᠠᠮᠲᠤᠷᠠᠨ《ᠰᠦᠶ᠋ᠳᠭᠡᠯ ᠬᠤᠷᠢᠶᠠᠬᠤ ᠥᠬᠡᠶᠪᠡᠷ ᠣᠷᠣᠯᠠᠨ ᠭᠦᠶ᠋ᠴᠡᠳᠭᠡᠬᠦ᠌》 ᠵᠡᠷᠭᠡ ᠣᠯᠠᠨ ᠵᠦᠶ᠋ᠯ ᠤ᠋ᠨ ᠭᠦᠶ᠋ᠴᠡᠳᠭᠡᠬᠦ᠌ ᠠᠷᠭ᠎ᠠ ᠭᠡᠯᠪᠡᠷᠢ ᠵᠢ ᠬᠠᠩᠭᠠᠵᠤ᠂ ᠴᠣᠩᠬᠤᠪᠴᠢᠪᠠᠷ ᠳᠡᠩᠰᠡᠯᠡᠨ ᠲᠡᠮᠳᠡᠭ᠌ᠯᠡᠬᠦ᠌ᠳᠦ《ᠨᠢᠭᠡ ᠬᠡᠷᠡᠭ ᠢ᠋ ᠨᠢᠭᠡ ᠴᠣᠩᠬᠤᠪᠴᠢᠪᠠᠷ ᠭᠦᠶ᠋ᠴᠡᠳᠭᠡᠬᠦ᠌》ᠠᠵᠢᠯ ᠤ᠋ᠨ ᠵᠠᠭ᠍ᠪᠤᠷ ᠢ᠋ ᠬᠡᠷᠡᠭ᠌ᠵᠢᠭᠦᠯᠤᠨ᠂ ᠠᠵᠤ ᠠᠬᠤᠢᠯᠠᠯ ᠡᠷᠭᠢᠯᠡᠨ ᠪᠠᠢᠭᠤᠯᠬᠤ ᠭᠣᠭ᠍ᠴᠣᠭᠠ ᠶ᠋ᠢ ᠤᠤᠯ ᠤ᠋ᠨ 11 ᠪᠠᠢᠭ᠍ᠰᠠᠨᠠᠴᠠᠨᠢ 2 ᠪᠣᠯᠭᠠᠵᠤ᠂ 9649 ᠠᠵᠤ ᠠᠬᠤᠢᠯᠠᠯᠤᠨ ᠬᠢᠨ ᠱᠢᠨᠡᠪᠡᠷ ᠪᠠᠢᠭᠤᠯᠬᠤ᠂ ᠳᠡᠩᠰᠡᠯᠡᠨ ᠲᠡᠮᠳᠡᠭ᠌ᠯᠡᠬᠦ᠌ᠪᠡᠨ ᠦᠭᠡᠷᠡᠴᠢᠯᠡᠬᠦ ᠶ᠋ᠢ ᠪᠡᠶᠡᠯᠡᠬᠦᠯᠵᠦ᠂ ᠪᠥᠬᠥ᠌ ᠵᠢᠯᠳᠦ 11341 ᠲᠤᠬᠠᠢᠯᠠᠭ᠍ᠰᠠᠨ ᠠᠵᠢᠯ ᠢ᠋ ᠳᠠᠩᠰᠠᠯᠠᠨ ᠲᠡᠮᠳᠡᠭᠯᠡᠵᠦ ᠭᠦᠶ᠋ᠴᠡᠳᠭᠡᠪᠡ᠃ ᠲᠥᠷᠥᠯ ᠵᠦᠶ᠋ᠯ ᠤ᠋ᠨ ᠪᠥᠲᠥᠭᠡᠨ ᠪᠠᠢᠭᠤᠯᠤᠯᠲᠠ ᠶ᠋ᠢ ᠲᠦᠯᠬᠢᠨ ᠠᠬᠢᠭᠤᠯᠬᠤ ᠳᠤᠮᠳᠠ᠂ ᠬᠥᠯᠥᠨ ᠪᠣᠢᠷ ᠬᠣᠲᠠ《ᠨᠢᠭᠡ ᠠᠵᠢᠯ ᠤ᠋ᠨ ᠲᠤᠰᠭᠠᠶ ᠠᠩᠭᠢ᠂ ᠨᠢᠭᠡ ᠲᠥᠷᠥᠯ ᠵᠦᠶ᠋ᠯ ᠤ᠋ᠨ ᠡᠬᠡ ᠲᠠᠩᠰᠠ᠂ ᠨᠢᠭᠡ ᠤᠳᠠᠭ᠎ᠠ ᠲᠤᠬᠠᠶ ᠵᠢᠨ ᠲᠠᠯᠠᠪᠤᠷᠲᠤ ᠠᠵᠢᠯᠯᠠᠬᠤ᠂ ᠨᠢᠭᠡ ᠰᠠᠯᠠᠭ᠎ᠠ ᠱᠠᠯᠠᠪᠳᠠᠭᠤᠯᠤᠨ ᠪᠠᠢᠴᠠᠭᠠᠬᠤ ᠬᠦᠴᠦᠨ》 ᠭᠡᠮᠡᠬᠦ 《ᠳᠥᠷᠪᠡᠨ ᠨᠢᠭᠡ》 ᠶ᠋ᠢᠨ ᠠᠵᠢᠯ ᠤ᠋ᠨ ᠵᠠᠭ᠍ᠪᠤᠷ ᠢ᠋ ᠬᠡᠷᠡᠭ᠌ᠵᠢᠭᠦᠯᠵᠦ᠍᠂ ᠭᠤᠤᠯᠳᠠᠯᠭᠠᠲᠠᠶ ᠲᠥᠷᠥᠯ ᠵᠦᠶ᠋ᠯ ᠢ᠋ ᠨᠠᠢᠳᠠᠪᠤᠷᠢᠵᠢᠭᠤᠯᠤᠨ ᠪᠣᠳᠠᠲᠠᠢᠵᠢᠭᠤᠯᠬᠤ ᠶ᠋ᠢ ᠪᠦᠲᠦᠮᠵᠢᠲᠡᠶ ᠲᠦᠯᠬᠢᠨ ᠠᠬᠢᠭᠤᠯᠪᠠ᠃
ᠪᠠᠷᠰ ᠵᠢᠯ ᠤ᠋ᠨ ᠴᠠᠭᠠᠨ ᠰᠠᠷᠠᠳᠤ᠂ ᠬᠥᠯᠥᠨ ᠪᠤᠢ᠌ᠷ ᠬᠤᠳᠠ ᠣᠷᠴᠢᠨ ᠲᠣᠭᠣᠷᠢᠨ ᠢ᠋ ᠰᠢᠯᠢᠳᠡᠭᠵᠢᠭᠦᠯᠬᠦ᠂ ᠲᠦᠷᠦᠯ ᠵᠦᠢᠯ ᠢ᠋ ᠠᠳᠭᠤᠬᠤ᠂ ᠬᠥᠭ᠌ᠵᠢᠯᠲᠡ ᠶ᠋ᠢ ᠠᠬᠢᠭᠤᠯᠬᠤ ᠲᠠᠢᠴᠢᠯᠠᠯᠳᠠ ᠵᠢᠨ ᠪᠦᠷᠢᠶ᠎ᠡ ᠶ᠋ᠢ ᠳᠠᠬᠢᠨᠲᠠ ᠬᠠᠩᠭᠢᠨᠠᠭᠤᠯᠪᠠ᠃
ᠴᠠᠭᠠᠨ ᠰᠠᠷ᠎ᠠ ᠵᠢᠨ ᠠᠷᠪᠠᠨ ᠲᠠᠪᠤᠨ ᠤ᠋ ᠦᠯᠵᠡᠢᠳᠤ ᠪᠠᠶᠠᠷ ᠤ᠋ᠨ ᠡᠳᠦᠷ᠂ ᠬᠥᠯᠥᠨ ᠪᠣᠢᠷ ᠬᠣᠲᠠ ᠵᠢᠨ ᠴᠠᠭᠠᠨ ᠰᠠᠷ᠎ᠠ ᠵᠢᠨ ᠬᠤᠭᠤᠴᠠᠭᠠᠨᠳᠡᠬᠢ ᠠᠩᠬᠠᠳᠠᠭ᠍ᠴᠢ ᠠᠬᠤᠶ ᠲᠠᠯᠠᠪᠠᠶ ᠵᠢᠨ ᠬᠤᠷᠠᠯᠨᠢ ᠭᠤᠤᠯ ᠰᠡᠳᠦᠪ ᠵᠢᠡᠨ ᠳᠠᠷᠤᠶ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ᠋ ᠱᠢᠯᠢᠳᠡᠭ᠌ᠵᠢᠭᠦᠯᠬᠦ᠌ ᠪᠠ ᠭᠤᠤᠯᠳᠠᠯᠭᠠᠲᠠᠶ ᠲᠥᠷᠥᠯ ᠵᠦᠶ᠋ᠯ ᠤ᠋ᠨ ᠪᠥᠲᠥᠭᠡᠨ ᠪᠠᠢᠭᠤᠯᠤᠯᠲᠠᠳᠤ ᠲᠥᠪᠯᠡᠷᠡᠭᠦᠯᠵᠦ᠍᠂ ᠪᠥᠬᠥ᠌ ᠬᠣᠲᠠ ᠵᠢᠨ ᠬᠢᠨ ᠢ᠋ ᠳᠠᠢᠴᠢᠯᠠᠨ ᠬᠡᠪ ᠳᠠᠭᠤᠷᠢᠶᠠᠯ ᠦᠵᠡᠭᠦᠯᠵᠦ᠍᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠤ᠋ᠨ ᠲᠠᠰ ᠳᠡᠪᠰᠢᠯᠲᠡ ᠶ᠋ᠢ ᠲᠦᠷᠭᠡᠳᠬᠡᠨ᠂ ᠲᠥᠷᠥᠯ ᠵᠦᠶ᠋ᠯ ᠤ᠋ᠨ ᠪᠥᠲᠥᠭᠡᠨ ᠪᠠᠢᠭᠤᠯᠤᠯᠲᠠ ᠵᠢᠨ ᠬᠤᠷᠳᠤᠴᠠ ᠶ᠋ᠢ ᠲᠦᠷᠭᠡᠳᠭᠡᠪᠡ᠃
ᠭᠣᠣᠯ ᠬᠣᠲᠠ ᠲᠣᠭᠣᠷᠢᠭ ᠪᠣᠯᠤᠭ᠍ᠰᠠᠨ ᠬᠠᠢᠯᠠᠷ᠂ ᠤᠷᠢᠳᠴᠢᠯᠠᠨ ᠠᠳᠭᠤᠵᠤ᠂ ᠤᠷᠢᠳᠴᠢᠯᠠᠨ ᠪᠠᠢᠷᠢᠯᠠᠭᠤᠯᠵᠤ᠂ ᠪᠡᠯᠡ ᠣᠷᠣᠭᠤᠯᠤᠯᠲᠠ ᠵᠢᠨ ᠲᠣᠭ᠍ᠲᠠᠭᠤᠨ ᠪᠥᠭᠡᠳ ᠨᠡᠯᠢᠶᠡᠳ ᠲᠦᠷᠭᠡᠨ ᠨᠡᠮᠡᠭ᠌ᠳᠡᠯ ᠢ᠋ ᠴᠢᠷᠮᠠᠢᠨ ᠠᠬᠢᠭᠤᠯᠵᠤ᠂ ᠭᠣᠣᠯᠳᠠᠯᠭᠠᠲᠠᠶ ᠲᠥᠷᠥᠯ ᠵᠦᠢᠯ ᠤ᠋ᠨ ᠪᠦᠲᠦᠭᠡᠨ ᠪᠠᠢᠭᠤᠯᠤᠯᠲᠠ ᠶ᠋ᠢ ᠥᠨᠳᠥᠷ ᠲᠦᠪᠱᠢᠨ ᠵᠢᠡᠷ ᠡᠬᠢᠯᠡᠭᠦᠯᠪᠡ᠃ 2022 ᠣᠨᠳᠤ᠂ ᠬᠠᠢᠯᠠᠷ ᠲᠣᠭᠣᠷᠢᠭ ᠬᠣᠲᠠ ᠵᠢᠨ ᠲᠠᠰ ᠤ᠋ᠨ 24 ᠭᠤᠤᠯᠳᠠᠯᠭᠠᠲᠠᠶ ᠲᠥᠷᠥᠯ ᠵᠦᠶ᠋ᠯ ᠢ᠋ ᠲᠥᠯᠥᠪᠵᠢᠬᠦᠯᠵᠦ᠍᠂ ᠬᠥᠯᠥᠨ ᠪᠣᠢᠷ ᠤ᠋ᠨ ᠣᠲᠣ ᠦᠶ᠎ᠡ ᠵᠢᠨ ᠮᠠᠯ ᠠᠵᠤ ᠠᠬᠤᠶ ᠲᠠᠷᠢᠶᠠᠯᠠᠩ ᠤ᠋ᠨ ᠠᠵᠤ ᠦᠶ᠋ᠯᠡᠰ ᠤ᠋ᠨ ᠬᠦᠷᠢᠶᠡᠯᠡᠩᠳᠦ ᠣᠷᠣᠬᠤ ᠲᠥᠷᠥᠯ ᠵᠦᠶ᠋ᠯ᠂ ᠬᠠᠭᠤᠴᠢᠨ ᠰᠠᠭᠤᠭᠠᠯᠢ ᠠᠷᠠᠳ ᠤ᠋ᠨ ᠲᠣᠭᠣᠷᠢᠭ ᠤ᠋ᠨ ᠣᠷᠴᠢᠨ ᠲᠣᠭᠣᠷᠢᠨ ᠢ᠋ ᠶᠡᠷᠦᠩᠬᠡᠢᠯᠡᠨ ᠴᠡᠭ᠌ᠴᠡᠯᠡᠨ ᠵᠠᠰᠠᠬᠤ ᠢᠨᠵᠧᠨᠧᠷᠢᠩ᠂ ᠠᠮᠢᠳᠤᠷᠠᠯ ᠤ᠋ᠨ ᠬᠣᠭ ᠨᠣᠪᠰᠢ ᠶ᠋ᠢ ᠱᠢᠲᠠᠭᠠᠵᠤ ᠴᠠᠬᠢᠯᠭᠠᠨ ᠭᠠᠷᠭᠠᠬᠤ ᠲᠥᠷᠥᠯ ᠵᠦᠶ᠋ᠯ ᠵᠡᠷᠭᠡ ᠶ᠋ᠢ ᠪᠠᠭ᠍ᠲᠠᠭᠠᠭ᠍ᠰᠠᠨ ᠨᠡᠢᠲᠡ102.9 ᠳ᠋ᠦᠩᠱᠢᠭᠤᠷ ᠲᠥᠭᠥᠷᠢᠭ ᠤ᠋ᠨ ᠪᠠᠯᠠ ᠣᠷᠣᠭᠤᠯᠬᠤ ᠪᠤᠯᠤᠨ᠎ᠠ; ᠬᠠᠢᠯᠠᠷ ᠲᠣᠭᠣᠷᠢᠭ ᠤ᠋ᠨ ᠲᠣᠰ ᠱᠠᠲᠤᠨ ᠤ᠋ ᠭᠤᠤᠯᠳᠠᠯᠭᠠᠲᠠᠶ ᠲᠥᠷᠥᠯ ᠵᠦᠶ᠋ᠯ 117 ᠪᠠᠢᠵᠤ᠂ ᠶᠡᠷᠦᠩᠬᠡᠶ ᠪᠠᠯᠠ ᠣᠷᠣᠭᠤᠯᠤᠯᠲᠠᠨᠢ 146.7 ᠳ᠋ᠦᠩᠱᠢᠭᠤᠷ ᠲᠥᠭᠥᠷᠢᠭᠲᠦ ᠬᠦᠷᠦᠨ᠎ᠡ᠃
ᠬᠥᠯᠥᠨ ᠪᠣᠢᠷ ᠬᠣᠲᠠ ᠵᠢᠨ ᠬᠥᠭ᠌ᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠤ᠋ᠨ ᠡᠷᠬᠢᠯᠡᠭ᠌ᠴᠢ ᠶᠠᠨ ᠱᠤ᠌ ᠯᠢᠩ ᠤ᠋ᠨ ᠲᠠᠨᠢᠯᠴᠠᠭᠤᠯᠤᠭ᠍ᠰᠠᠨ ᠵᠢᠡᠷ᠂ 6 ᠡᠭᠡᠯᠵᠢ ᠵᠢᠨ ᠲᠣᠬᠢᠷᠠᠭᠤᠯᠤᠯᠲᠠ᠂ ᠡᠮᠬᠢᠯᠡᠯᠲᠡ᠂ ᠵᠤᠬᠢᠴᠠᠭᠤᠯᠭᠠᠪᠠᠷ ᠳᠡᠮᠵᠢᠨ᠂ ᠬᠥᠯᠥᠨ ᠪᠣᠢᠷ ᠬᠣᠲᠠ ᠣᠳᠣᠬᠠᠨᠳᠤ ᠬᠣᠲᠠ ᠵᠢᠨ ᠲᠠᠰ ᠤ᠋ᠨ 248 ᠭᠤᠤᠯᠳᠠᠯᠭᠠᠲᠠᠶ ᠲᠥᠷᠥᠯ ᠵᠦᠶ᠋ᠯ ᠢ᠋ ᠲᠥᠯᠥᠪᠵᠢᠭᠦᠯᠦᠨ ᠬᠡᠷᠡᠭ᠌ᠵᠢᠭᠦᠯᠵᠦ᠍᠂ ᠶᠡᠷᠦᠩᠬᠡᠶ ᠪᠠᠯᠠ ᠣᠷᠣᠭᠤᠯᠤᠯᠲᠠᠨᠢ 1002.6 ᠳ᠋ᠦᠩᠱᠢᠭᠤᠷ ᠲᠥᠭᠥᠷᠢᠭᠲᠦ ᠬᠦᠷᠴᠦ᠍᠂ 2022 ᠣᠨᠳᠤ 228.7 ᠳ᠋ᠦᠩᠱᠢᠭᠤᠷ ᠲᠥᠭᠥᠷᠢᠭ ᠤ᠋ᠨ ᠪᠠᠯᠠ ᠣᠷᠣᠭᠤᠯᠤᠯᠲᠠ ᠶ᠋ᠢ ᠪᠡᠶᠡᠯᠡᠭᠦᠯᠬᠦ᠌ᠪᠡᠷ ᠲᠥᠯᠥᠪᠯᠡᠵᠦ᠍ ᠪᠤᠢ᠃ ᠡᠭᠦᠨᠳᠦ᠂ ᠱᠢᠨᠡᠪᠡᠷ ᠪᠠᠢᠭᠤᠯᠬᠤ ᠲᠥᠷᠥᠯ ᠵᠦᠶ᠋ᠯ 128 ᠪᠠᠢᠵᠤ᠂ ᠶᠡᠷᠦᠩᠬᠡᠶ ᠪᠠᠯᠠ ᠣᠷᠣᠭᠤᠯᠤᠯᠲᠠ ᠨᠢ 489.7 ᠳ᠋ᠦᠩᠱᠢᠭᠤᠷ ᠲᠥᠭᠥᠷᠢᠭᠲᠦ ᠬᠦᠷᠴᠡᠶ; 120 ᠲᠥᠷᠥᠯ ᠵᠦᠶ᠋ᠯ ᠢ᠋ ᠦᠷᠭᠦᠯᠵᠢᠯᠡᠨ ᠪᠠᠢᠭᠤᠯᠵᠤ᠂ ᠨᠡᠢᠲᠡ 512.9 ᠳ᠋ᠦᠩᠱᠢᠭᠤᠷ ᠲᠥᠭᠥᠷᠢᠭ ᠤ᠋ᠨ ᠪᠠᠯᠠ ᠣᠷᠣᠭᠤᠯᠬᠤ ᠪᠤᠯᠤᠨ᠎ᠠ᠃
ᠬᠥᠯᠥᠨ ᠪᠣᠢᠷ ᠬᠣᠲᠠ᠂ ᠣᠷᠴᠢᠨ ᠲᠣᠭᠣᠷᠢᠨ ᠢ᠋ ᠰᠢᠯᠢᠳᠡᠭᠵᠢᠭᠦᠯᠬᠦ᠂ ᠲᠥᠷᠥᠯ ᠵᠦᠶ᠋ᠯ ᠢ᠋ ᠴᠢᠬᠤᠯᠠᠴᠢᠯᠠᠬᠤ᠂ ᠠᠵᠤ ᠦᠶ᠋ᠯᠡᠰ ᠵᠢᠡᠷ ᠰᠠᠭᠤᠷᠢ ᠪᠣᠯᠭᠠᠬᠤ᠂ ᠠᠷᠠᠯᠵᠢᠶᠠᠴᠢᠨ ᠤᠷᠢᠬᠤᠪᠠᠷ ᠰᠢᠵᠢᠮ ᠪᠣᠯᠭᠠᠬᠤ᠂ ᠠᠵᠤ ᠠᠬᠤᠢᠯᠠᠯ ᠢ᠋ ᠶᠡᠭᠡᠪᠡᠷ ᠬᠦᠭᠵᠢᠬᠦᠯᠬᠦ᠂ ᠬᠦᠷᠢᠶᠡᠯᠡᠩ ᠲᠣᠭᠣᠷᠢᠭ ᠵᠢᠡᠷ ᠭᠤᠤᠯ ᠪᠤᠯᠭᠠᠬᠰᠠᠨ ᠲᠤᠳᠤᠷᠬᠠᠢ ᠤᠢᠯᠠᠭᠠᠭᠳᠠᠬᠤᠨ ᠢ᠋ ᠪᠠᠲᠤ ᠪᠠᠬᠢ ᠪᠣᠶ ᠪᠣᠯᠭᠠᠵᠤ᠂ ᠲᠥᠷᠥᠯ ᠵᠦᠶ᠋ᠯ ᠤ᠋ᠨ ᠪᠥᠲᠥᠭᠡᠨ ᠪᠠᠢᠭᠤᠯᠤᠯᠲᠠ ᠵᠢᠨ ᠡᠪᠦᠯ ᠤ᠋ᠨ ᠤᠯᠠᠷᠢᠯ ᠤ᠋ᠨ ᠪᠤᠭᠤᠮᠲᠠ ᠰᠢᠪᠲᠤᠯᠤᠯᠲᠠ ᠶ᠋ᠢ ᠪᠥᠬᠥ᠌ ᠭᠠᠵᠠᠷ ᠣᠷᠣᠨ ᠪᠥᠬᠥ᠌ ᠶᠠᠪᠤᠴᠠᠪᠠᠷ ᠦᠷᠨᠢᠭᠦᠯᠤᠨ᠂ ᠬᠠᠪᠤᠷ ᠪᠠᠷᠢᠯᠭ᠎ᠠ ᠡᠬᠢᠯᠡᠵᠤ᠂ ᠵᠣᠨ ᠱᠢᠪᠲᠤᠯᠤᠯᠲᠠ ᠬᠢᠬᠦ᠌᠂ ᠨᠠᠮᠤᠷ ᠱᠢᠶ᠋ᠳᠪᠦᠷᠢᠲᠦ ᠢᠯᠠᠯᠲᠠ ᠶ᠋ᠢ ᠤᠯᠬᠤ ᠬᠠᠮᠲᠤᠷᠠᠭ᠍ᠰᠠᠨ ᠳᠠᠢᠯᠠᠯᠳᠤᠭᠠᠨᠢ᠋ᠥᠷᠨᠢᠭᠦᠯᠵᠦ᠍᠂ᠲᠥᠷᠥᠯᠵᠦᠶ᠋ᠯ ᠤ᠋ᠨ ᠭᠡᠷ᠎ᠡ ᠲᠣᠭ᠍ᠲᠠᠬᠤ ᠶ᠋ᠢ ᠪᠥᠬᠥ᠌ ᠱᠤᠭᠤᠮ ᠪᠥᠬᠥ᠌ ᠶᠠᠪᠤᠴᠠᠳᠤ ᠨᠠᠢᠳᠠᠪᠤᠷᠢᠵᠢᠭᠤᠯᠵᠦ᠂ ᠡᠮᠦᠨᠡᠬᠢᠬᠤᠭᠤᠴᠠᠭᠠ᠂ᠭᠡᠷᠡᠭᠵᠢᠭᠦᠯᠦᠯᠳᠡ᠂ ᠪᠠᠷᠢᠯᠭ᠎ᠠ ᠡᠬᠢᠯᠡᠬᠦ᠌᠂ ᠪᠥᠲᠥᠭᠡᠨ ᠪᠠᠢᠭᠤᠯᠤᠯᠲᠠ᠂ ᠪᠠᠷᠢᠯᠭ᠎ᠠ ᠳᠠᠭᠤᠰᠭᠤ᠂ ᠦᠶ᠋ᠯᠡᠳᠪᠦᠷᠢᠯᠡᠯ ᠤ᠋ᠨ ᠪᠠᠷᠢᠮᠵᠢᠶᠠᠳᠤ ᠬᠥᠷᠬᠥ᠌ ᠡᠯ᠎ᠡ ᠵᠦᠶ᠋ᠯ ᠤ᠋ᠨ ᠪᠠᠲᠤᠯᠠᠭ᠎ᠠ ᠶ᠋ᠢ ᠰᠠᠢᠲᠤᠷ ᠠᠳᠭᠤᠵᠤ᠂ ᠭᠤᠤᠯᠳᠠᠯᠭᠠᠲᠠᠶ ᠲᠥᠷᠥᠯ ᠵᠦᠶ᠋ᠯ ᠤ᠋ᠨ ᠪᠥᠲᠥᠭᠡᠨ ᠪᠠᠢᠭᠤᠯᠤᠯᠲᠠ ᠵᠢᠨ ᠬᠤᠷᠳᠤᠴᠠ ᠶ᠋ᠢ ᠳᠠᠬᠢᠨ ᠲᠦᠷᠭᠡᠳᠭᠡᠵᠤ᠂ ᠦᠷ᠎ᠡ ᠪᠦᠲᠦᠮᠵᠢᠶᠢ ᠳᠠᠬᠢᠨ ᠳᠡᠭᠡᠭᠰᠢᠯᠡᠭᠦᠯᠬᠦᠶᠢ ᠪᠦᠬᠦ ᠲᠠᠯ᠎ᠠ ᠪᠡᠷ ᠲᠦᠯᠬᠢᠨ ᠠᠬᠢᠭᠤᠯᠵᠦ ᠪᠤᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠹᠦ᠋ ᠭᠸᠨ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃