2022-03-04 09:57:54
ᠲᠦᠷᠦᠬᠦᠬᠡᠨ ᠬᠤᠷᠠᠯᠳᠤᠭᠤᠯᠤᠭ᠍ᠰᠠᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠰᠣᠨᠢᠨ ᠮᠡᠳᠡᠭᠡ ᠨᠡᠢᠲᠡᠯᠡᠬᠦ᠌ᠬᠤᠷᠠᠯᠡᠴᠡᠣᠢᠯᠠᠭᠠᠭ᠍ᠰᠠᠨᠢᠶᠠᠷ᠂ᠵᠠᠬ᠎ᠠ ᠳᠡᠯᠭᠡᠭᠦᠷ᠎ᠦᠨ ᠭᠤᠤᠯ ᠴᠣᠭ᠍ᠴᠠ᠎ᠶ᠋ᠢᠨ ᠠᠮᠢᠵᠢᠷᠠᠯ᠎ᠤᠨ ᠬᠦᠴᠦᠨ᠎ᠢ ᠬᠥᠭ᠌ᠵᠢᠭᠡᠬᠦ᠌᠎ᠶ᠋ᠢᠨ ᠲᠥᠯᠥᠭᠡ᠂ ᠲᠣᠰ ᠲᠣᠪᠴᠢᠶ᠎ᠠ ᠡᠨᠡ ᠵᠢᠯ 《ᠨᠢᠭᠡ ᠰᠦᠯᠵᠢᠶ᠎ᠡ᠎ᠪᠡᠷ ᠨᠡᠢᠳᠡᠮ ᠭᠦᠶ᠋ᠴᠡᠳᠭᠡᠬᠦ᠌》᠂ 《ᠨᠢᠭᠡ ᠰᠦᠯᠵᠢᠶ᠎ᠡ᠎ᠪᠡᠷ ᠨᠢᠭᠡᠳᠦᠯᠲᠡᠶ ᠬᠠᠮᠢᠶᠠᠷᠬᠤ》 ᠶ᠋ᠢᠨ ᠲᠣᠭᠣᠷᠢᠨ᠎ᠳᠤ ᠠᠵᠤ ᠠᠬᠤᠢᠯᠠᠯ ᠨᠡᠭᠡᠭᠡᠨ ᠡᠷᠭᠢᠯᠡᠬᠦ᠌᠎ᠶ᠋ᠢ ᠱᠢᠯᠢᠳᠡᠭ᠌ᠵᠢᠭᠦᠯᠦᠨ ᠳᠡᠭᠡᠭ᠌ᠰᠢᠯᠡᠭᠦᠯᠬᠦ᠌ ᠠᠵᠢᠯᠯᠠᠭ᠎ᠠ ᠵᠢᠴᠢ ᠵᠠᠬ᠎ᠠ ᠳᠡᠯᠭᠡᠭᠦᠷ᠎ᠦᠨ ᠠᠷᠠᠳ ᠲᠦ᠍ ᠲᠥᠬᠥᠮ ᠦᠵᠡᠭᠦᠯᠦᠨ ᠠᠵᠤ ᠠᠬᠤᠢᠯᠠᠯ᠎ᠳᠤ ᠠᠱᠢᠭ ᠬᠦᠷᠲᠡᠭᠡᠬᠦ᠌ ᠠᠵᠢᠯᠯᠠᠭ᠎ᠠ᠎ᠥᠷᠨᠢᠭᠦᠯᠵᠦ᠍᠂ 90 ᠵᠦᠶ᠋ᠯ᠎ᠦᠨ ᠪᠣᠳᠠᠲᠠᠶ ᠠᠷᠭ᠎ᠠ ᠬᠡᠮᠵᠢᠶ᠎ᠡ ᠭᠠᠷᠭᠠᠨ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠦᠨ ᠬᠢᠨᠠᠯᠲᠠ ᠬᠠᠮᠢᠶᠠᠷᠤᠯᠲᠠ᠎ᠶ᠋ᠢᠨ ᠬᠠᠤᠯᠢ ᠬᠡᠷᠡᠭ᠌ᠵᠢᠭᠦᠯᠬᠦ᠌᠎ᠳᠦ ᠬᠣᠯᠪᠣᠭ᠍ᠳᠠᠬᠤ ᠵᠦᠶ᠋ᠯᠡᠰ᠎ᠢ ᠰᠦᠯᠵᠢᠶᠡᠨ ᠳᠡᠭᠡᠷ᠎ᠡ ᠭᠦᠶ᠋ᠴᠡᠳᠭᠡᠬᠦ᠌᠎ᠶ᠋ᠢ ᠦᠨᠡᠨ ᠬᠦ᠌ ᠪᠠᠲᠤᠯᠠᠵᠤ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠬᠦᠷᠢᠶᠡᠨ᠎ᠳᠡᠬᠢ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠲᠣᠪᠣᠢᠮ᠎ᠠ ᠠᠰᠠᠭᠤᠳᠠᠯ᠎ᠢ ᠭᠤᠤᠯᠳᠠᠯᠭ᠎ᠠ᠎ᠲᠠᠶ ᠱᠢᠶ᠋ᠳᠪᠦᠷᠢᠯᠡᠬᠦ᠌᠎ᠪᠡᠷ ᠪᠠᠢᠨ᠎ᠠ᠃
《ᠨᠢᠭᠡ ᠰᠦᠯᠵᠢᠶ᠎ᠡ᠎ᠪᠡᠷ ᠨᠡᠢᠳᠡᠮ ᠭᠦᠶ᠋ᠴᠡᠳᠭᠡᠬᠦ᠌》 ᠲᠠᠯ᠎ᠠ ᠪᠡᠷ᠂ ᠠᠵᠤ ᠠᠬᠤᠢᠯᠠᠯ ᠨᠡᠭᠡᠭᠡᠨ ᠡᠷᠭᠢᠯᠡᠬᠦ᠌᠎ᠶ᠋ᠢ ᠱᠢᠯᠢᠳᠡᠭ᠌ᠵᠢᠭᠦᠯᠦᠨ ᠳᠡᠭᠡᠭ᠌ᠰᠢᠯᠡᠭᠦᠯᠬᠦ᠌ ᠠᠵᠢᠯᠯᠠᠭ᠎ᠠ ᠥᠷᠨᠢᠭᠦᠯᠵᠦ᠍᠂ ᠭᠤᠤᠯᠳᠠᠭᠤ ᠵᠠᠬ᠎ᠠ ᠳᠡᠯᠭᠡᠭᠦᠷ᠎ᠲᠦ ᠣᠷᠣᠬᠤ᠎ᠶ᠋ᠢ ᠵᠥᠪᠱᠢᠶᠡᠷᠡᠬᠦ᠌᠂ ᠡᠵᠡᠩᠨᠡᠬᠦ᠌᠎ᠶ᠋ᠢ ᠵᠥᠪᠱᠢᠶᠡᠷᠡᠬᠦ᠌ ᠪᠠ ᠤᠬᠤᠷᠢᠨ ᠭᠠᠷᠬᠤ᠎ᠶ᠋ᠢ ᠳᠥᠭᠥᠮᠴᠢᠯᠡᠬᠦ᠌᠎ᠶ᠋ᠢᠨ ᠲᠣᠭᠣᠷᠢᠨ᠎ᠳᠤ 42 ᠵᠦᠶ᠋ᠯ᠎ᠦᠨ ᠠᠷᠭ᠎ᠠ ᠬᠡᠮᠵᠢᠶ᠎ᠡ ᠭᠠᠷᠭᠠᠪᠠ᠃ ᠡᠭᠦᠨ᠎ᠳᠦ ᠠᠵᠤ ᠠᠬᠤᠢᠯᠠᠯ᠎ᠤᠨ ᠰᠠᠭᠤᠭ᠎ᠠ ᠭᠠᠵᠠᠷ(ᠡᠵᠡᠩᠨᠡᠯᠲᠡ᠎ᠶ᠋ᠢᠨ ᠠᠵᠢᠯᠯᠠᠭ᠎ᠠ ᠬᠢᠵᠦ᠍ ᠪᠠᠢᠭ᠎ᠠ ᠭᠠᠵᠠᠷ) ᠢ᠋ ᠳᠠᠩᠰᠠᠯᠠᠨ ᠲᠡᠮᠳᠡᠭ᠌ᠯᠡᠵᠦ᠍ ᠮᠡᠳᠡᠭ᠌ᠳᠡᠬᠦ᠌ ᠠᠮᠠᠯᠠᠯᠲᠠ᠎ᠵᠢᠨ ᠠᠵᠢᠯᠯᠠᠭ᠎ᠠ ᠥᠷᠨᠢᠭᠦᠯᠵᠦ᠍᠂ ᠪᠠᠢᠭᠠᠯᠢ᠎ᠶ᠋ᠢᠨ ᠡᠬᠢ ᠪᠠᠶᠠᠯᠢᠭ᠂ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠦᠲᠦᠭᠡᠨ ᠪᠠᠢᠭᠤᠯᠤᠯᠲᠠ ᠵᠡᠷᠭᠡ ᠰᠠᠯᠠᠭ᠎ᠠ ᠮᠥᠴᠢᠷ᠎ᠯᠦᠭᠡ ᠮᠡᠳᠡᠭᠡ ᠵᠠᠩᠭᠢ᠎ᠶ᠋ᠢ ᠬᠠᠮᠲᠤ ᠪᠠᠷ ᠡᠳ᠋ᠯᠡᠬᠦ᠎ᠪᠡᠷ ᠳᠠᠮᠵᠢᠭᠤᠯᠤᠨ ᠠᠵᠤ ᠠᠬᠤᠢᠯᠠᠯ᠎ᠤᠨ ᠰᠠᠭᠤᠭ᠎ᠠ ᠭᠠᠵᠠᠷ (ᠡᠵᠡᠩᠨᠡᠯᠲᠡ᠎ᠶ᠋ᠢᠨ ᠠᠵᠢᠯᠯᠠᠭ᠎ᠠ ᠬᠢᠵᠦ᠍ ᠪᠠᠢᠭ᠎ᠠ ᠭᠠᠵᠠᠷ) ᠢ᠋ ᠣᠨᠣᠪᠴᠢᠲᠠᠶ᠎ᠪᠠᠷ ᠢᠯᠭᠠᠨ ᠲᠠᠨᠢᠬᠤ᠎ᠶ᠋ᠢ ᠪᠡᠶᠡᠯᠡᠭᠦᠯᠦᠨ᠎ᠡ; ᠢᠳᠡᠭᠡᠨ᠎ᠦ ᠵᠦᠶ᠋ᠯ᠎ᠦᠨ ᠡᠵᠡᠩᠨᠡᠯᠲᠡ᠂ ᠵᠢᠵᠢᠭ ᠬᠤᠭᠤᠯᠠᠨ ᠭᠡᠷ᠂ ᠵᠢᠵᠢᠭ ᠦᠶ᠋ᠯᠡᠳᠭᠡᠯ᠎ᠦᠨ ᠭᠠᠵᠠᠷ ᠵᠡᠷᠭᠡ ᠵᠥᠪᠱᠢᠶᠡᠷᠡᠯ᠎ᠦᠨ ᠵᠦᠶ᠋ᠯᠡᠰ᠎ᠢ ᠡᠵᠡᠩᠨᠡᠯᠲᠡ᠎ᠶ᠋ᠢᠨ ᠦᠨᠡᠮᠯᠡᠯᠯᠦᠭᠡ ᠬᠠᠮᠲᠤᠷᠠᠨ ᠭᠦᠶ᠋ᠴᠡᠳᠭᠡᠬᠦ᠌᠎ᠶ᠋ᠢ ᠰᠦᠪᠡᠭ᠌ᠴᠢᠯᠡᠨ ᠪᠡᠶᠡᠯᠡᠭᠦᠯᠦᠨ᠎ᠡ; ᠠᠵᠤ ᠠᠬᠤᠢᠯᠠᠯ ᠡᠷᠭᠢᠯᠡᠨ ᠪᠠᠢᠭᠤᠯᠬᠤ ᠪᠥᠬᠥ᠌ ᠶᠠᠪᠤᠴᠠ᠎ᠳᠤ 《ᠠᠯᠠᠭᠠᠨ ᠳᠡᠭᠡᠷ᠎ᠡ ᠭᠦᠶ᠋ᠴᠡᠳᠭᠡᠬᠦ᠌》 ᠶ᠋ᠢ ᠬᠡᠷᠡᠭ᠌ᠵᠢᠭᠦᠯᠵᠦ᠍᠂ 《ᠥᠪᠥᠷ ᠮᠣᠩᠭᠣᠯ᠎ᠤᠨ e ᠳᠡᠩᠰᠡᠯᠡᠯᠲᠡ》 APP ᠶ᠋ᠢᠨ ᠣᠲᠣ᠎ᠶ᠋ᠢᠨ ᠪᠠᠢᠭ᠎ᠠ ᠴᠢᠳᠠᠮᠵᠢ᠎ᠶ᠋ᠢᠨ ᠰᠠᠭᠤᠷᠢᠨ ᠳᠡᠭᠡᠷ᠎ᠡ᠂ ᠲᠠᠮᠠᠭ᠎ᠠ ᠰᠡᠢᠯᠦᠨ ᠵᠣᠬᠢᠶᠠᠬᠤ᠂ ᠪᠠᠷᠢᠮᠲᠠ ᠭᠤᠶᠤᠴᠢᠯᠠᠨ ᠠᠪᠬᠤ᠂ ᠨᠡᠢᠭᠡᠮ᠎ᠦᠨ ᠳᠠᠭᠠᠳᠭᠠᠯ᠎ᠤᠨ ᠳᠡᠩᠰᠡᠯᠡᠯᠲᠡ ᠬᠢᠬᠦ᠌᠂ ᠨᠡᠢᠲᠡ᠎ᠶ᠋ᠢᠨ ᠬᠤᠷᠠᠮᠳᠤᠭᠤᠯᠭ᠎ᠠ᠎ᠶ᠋ᠢᠨ ᠮᠥᠩᠭᠥ᠌ ᠲᠤᠱᠢᠶᠠᠨ ᠬᠠᠳᠠᠭᠠᠯᠠᠭᠤᠯᠬᠤ ᠳᠡᠩᠰᠡᠯᠡᠯᠲᠡ ᠬᠢᠬᠦ᠌᠂ ᠪᠠᠩᠬᠢ ᠡᠴᠡ ᠪᠣᠯᠵᠣᠵᠤ ᠲᠠᠩᠰᠠ ᠨᠡᠭᠡᠭᠡᠬᠦ᠌ ᠵᠡᠷᠭᠡ ᠴᠢᠳᠠᠮᠵᠢ᠎ᠵᠢ ᠨᠡᠮᠡᠵᠦ ᠣᠷᠣᠭᠤᠯᠤᠨ᠎ᠠ ;ᠠᠵᠤ ᠠᠬᠤᠢᠯᠠᠯ᠎ᠤᠨ ᠨᠡᠷᠡᠢᠳᠦᠯ᠎ᠢᠶᠡᠨ ᠪᠡᠶ᠎ᠡ᠎ᠪᠡᠨ ᠳᠠᠭᠠᠭᠠᠨ ᠭᠤᠶᠤᠴᠢᠯᠠᠨ ᠮᠡᠳᠡᠭᠦᠯᠬᠦ᠌᠎ᠶ᠋ᠢ ᠲᠡᠭᠦᠯᠳᠡᠷᠵᠢᠭᠦᠯᠵᠦ᠍᠂ 《ᠠᠵᠤ ᠠᠬᠤᠢᠯᠠᠯ᠎ᠤᠨ ᠠᠮᠠᠯᠠᠯᠲᠠ + ᠠᠵᠢᠯ ᠬᠡᠷᠡᠭ᠎ᠦᠨ ᠳᠤᠮᠳᠠᠬᠢ ᠪᠠ ᠳᠠᠷᠠᠭᠠᠬᠢ ᠬᠢᠨᠠᠯᠲᠠ ᠬᠠᠮᠢᠶᠠᠷᠤᠯᠲᠠ》 ᠶ᠋ᠢᠨ ᠠᠷᠭ᠎ᠠ ᠮᠠᠶᠢᠭᠵᠢᠡᠷ ᠨᠡᠷᠡᠢᠳᠦᠯ᠎ᠢ ᠬᠠᠷᠭᠤᠭᠤᠯᠤᠨ ᠵᠥᠪᠱᠢᠶᠡᠷᠡᠬᠦ᠌᠎ᠵᠢ ᠬᠡᠷᠡᠭ᠌ᠵᠢᠭᠦᠯᠦᠨ᠎ᠡ; ᠨᠡᠷᠡᠲᠦ ᠲᠠᠸᠠᠷ᠎ᠤᠨ ᠲᠡᠮᠳᠡᠭ᠎ᠦᠨ ᠡᠷᠬᠡ ᠣᠯᠭᠣᠵᠤ ᠬᠡᠷᠡᠭ᠌ᠯᠡᠭᠦᠯᠬᠦ᠌ ᠶᠠᠪᠤᠴᠠ᠎ᠵᠢ ᠳᠥᠭᠥᠮᠴᠢᠯᠡᠨ᠎ᠡ; ᠠᠵᠤ ᠠᠬᠤᠢᠯᠠᠯ᠎ᠤᠨ ᠵᠠᠬ᠎ᠠ ᠳᠡᠯᠭᠡᠭᠦᠷ᠎ᠡᠴᠡ ᠤᠬᠤᠷᠢᠨ ᠭᠠᠷᠬᠤ᠎ᠳᠤ ᠲᠥᠬᠥᠮ ᠦᠵᠡᠭᠦᠯᠵᠦ᠍᠂ ᠭᠠᠢᠯᠢ᠎ᠶ᠋ᠢᠨ ᠶᠠᠪᠤᠳᠠᠯ᠂ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ ᠵᠡᠷᠭᠡ ᠰᠠᠯᠠᠭ᠎ᠠ ᠮᠥᠴᠢᠷ᠎ᠯᠦᠭᠡ ᠲᠠᠩᠰᠠᠨ᠎ᠡᠴᠡ ᠬᠠᠰᠤᠵᠤ ᠬᠠᠮᠲᠤᠷᠠᠨ ᠬᠥᠳᠡᠯᠦᠯᠴᠡᠬᠦ᠌᠎ᠶ᠋ᠢ ᠪᠡᠶᠡᠯᠡᠭᠦᠯᠦᠨ᠎ᠡ ;ᠬᠦᠴᠦᠨ ᠥᠬᠡᠶ ᠪᠣᠯᠭᠠᠬᠤᠶᠠᠪᠤᠴᠠᠵᠢ ᠳᠦᠭᠦᠮᠴᠢᠯᠡᠬᠦ᠎ᠵᠢ ᠪᠥᠬᠥ᠌ ᠲᠠᠯ᠎ᠠ᠎ᠪᠠᠷ ᠬᠡᠷᠡᠭ᠌ᠵᠢᠭᠦᠯᠦᠨ᠎ᠡ; ᠵᠠᠬ᠎ᠠ ᠳᠡᠯᠭᠡᠭᠦᠷ᠎ᠦᠨ ᠪᠡᠶᠡᠴᠢ ᠴᠣᠭ᠍ᠴᠠ᠎ᠶ᠋ᠢᠨ ᠠᠵᠢᠯ ᠵᠣᠭ᠍ᠰᠣᠬᠤ ᠲᠦᠷᠢᠮ᠎ᠢ ᠪᠠᠢᠭᠤᠯᠬᠤ ᠵᠡᠷᠭᠡ ᠪᠠᠭᠲᠠᠨ᠎ᠠ᠃ 《ᠨᠢᠭᠡ ᠰᠦᠯᠵᠢᠶ᠎ᠡ᠎ᠪᠡᠷ ᠨᠢᠭᠡᠳᠦᠯᠲᠡᠶ ᠬᠠᠮᠢᠶᠠᠷᠬᠤ》 ᠲᠠᠯ᠎ᠠ᠎ᠪᠠᠷ᠂ ᠵᠠᠬ᠎ᠠ ᠳᠡᠯᠭᠡᠭᠦᠷ᠎ᠢ ᠱᠢᠯᠤᠭᠤᠳᠭᠠᠵᠤ ᠠᠷᠠᠳ᠎ᠲᠤ ᠲᠥᠬᠥᠮ ᠦᠵᠡᠭᠦᠯᠦᠨ ᠠᠵᠤ ᠠᠬᠤᠢᠯᠠᠯ᠎ᠳᠤ ᠠᠱᠢᠭ ᠬᠦᠷᠲᠡᠭᠡᠬᠦ᠌ ᠠᠵᠢᠯᠯᠠᠭ᠎ᠠ᠎ᠶ᠋ᠢ ᠥᠷᠨᠢᠭᠦᠯᠵᠦ᠍᠂ ᠭᠤᠤᠯᠳᠠᠭᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠬᠠᠤᠯᠢ ᠬᠡᠷᠡᠭ᠌ᠵᠢᠭᠦᠯᠬᠦ᠌᠂ ᠮᠡᠳᠡᠯᠭᠡ᠎ᠶ᠋ᠢᠨ ᠪᠦᠲᠦᠭᠡᠭ᠌ᠳᠡᠬᠦᠨ᠎ᠦ ᠥᠮᠴᠢᠯᠡᠬᠦ᠌ ᠡᠷᠬᠡ᠎ᠶ᠋ᠢ ᠬᠠᠮᠠᠭᠠᠯᠠᠬᠤ ᠲᠣᠭᠣᠷᠢᠨ᠎ᠳᠤ 48 ᠵᠦᠶ᠋ᠯ᠎ᠦᠨ ᠠᠷᠭ᠎ᠠ ᠬᠡᠮᠵᠢᠶ᠎ᠡ᠎ᠶ᠋ᠢ ᠲᠣᠭ᠍ᠲᠠᠭᠠᠪᠠ᠃ ᠡᠭᠦᠨ᠎ᠳᠦ ᠣᠶᠤᠨᠴᠢ ᠬᠢᠨᠠᠯᠲᠠ ᠬᠠᠮᠢᠶᠠᠷᠤᠯᠲᠠ᠎ᠶ᠋ᠢ ᠨᠢᠭᠡᠳᠦᠯᠲᠡᠶ ᠲᠥᠯᠥᠪᠯᠡᠨ ᠠᠬᠢᠭᠤᠯᠬᠤ᠎ᠶ᠋ᠢ ᠪᠠᠭ᠍ᠲᠠᠭᠠᠵᠤ᠂ 《ᠨᠢᠭᠡ ᠰᠦᠯᠵᠢᠶ᠎ᠡ᠎ᠪᠡᠷ ᠨᠢᠭᠡᠳᠦᠯᠲᠡᠶ ᠬᠠᠮᠢᠶᠠᠷᠬᠤ》 ᠱᠠᠭᠠᠷᠳᠠᠯᠭ᠎ᠠ ᠶᠣᠰᠣᠭᠠᠷ ᠬᠢᠨᠠᠯᠲᠠ ᠬᠠᠮᠢᠶᠠᠷᠤᠯᠲᠠ᠎ᠶ᠋ᠢᠨ ᠲᠣᠭ᠎ᠠ ᠪᠠᠷᠢᠮᠲᠠ᠎ᠶ᠋ᠢ ᠥᠪᠡᠷᠲᠡᠭᠡᠨ ᠵᠠᠰᠠᠬᠤ ᠣᠷᠣᠨ᠎ᠤ 《ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ》 ᠶ᠋ᠢᠨ ᠱᠢᠰᠲ᠋ᠧᠮ᠎ᠳᠦ ᠣᠷᠣᠭᠤᠯᠤᠨ᠎ᠠ; ᠣᠯᠠᠨ ᠨᠡᠢᠲᠡ᠎ᠶ᠋ᠢᠨ ᠢᠲᠡᠭᠡᠮᠵᠢ᠎ᠶ᠋ᠢᠨ ᠮᠡᠳᠡᠭᠡ ᠵᠠᠩᠭᠢ᠎ᠶ᠋ᠢ ᠵᠠᠰᠠᠭ ᠵᠠᠬᠢᠷᠭᠠᠨ᠎ᠤ ᠵᠦᠶ᠋ᠯᠡᠰ᠎ᠦᠨ ᠲᠤᠬᠠᠢᠯᠠᠭ᠍ᠰᠠᠨ ᠠᠵᠢᠯ᠎ᠤᠨ ᠭᠦᠶ᠋ᠴᠡᠳᠭᠡᠬᠦ᠌ ᠱᠢᠰᠲ᠋ᠧᠮ ᠪᠠ ᠬᠠᠤᠯᠢ ᠬᠡᠷᠡᠭ᠌ᠵᠢᠭᠦᠯᠵᠦ᠍ ᠬᠢᠨᠠᠨ ᠬᠠᠮᠢᠶᠠᠷᠬᠤ ᠱᠢᠰᠲ᠋ᠧᠮ᠎ᠳᠦ ᠣᠷᠣᠭᠤᠯᠬᠤ᠎ᠶ᠋ᠢ ᠠᠬᠢᠭᠤᠯᠤᠨ᠎ᠠ; ᠱᠢᠨ᠎ᠡ᠎ᠪᠡᠷ ᠪᠠᠢᠭᠤᠯᠬᠤ ᠲᠠᠪᠴᠠᠩ ᠵᠢᠴᠢ ᠤᠤᠯ᠎ᠤᠨ ᠮᠡᠳᠡᠭᠡ ᠵᠠᠩᠭᠢᠵᠢᠯᠲᠠ᠎ᠶ᠋ᠢᠨ ᠲᠤᠬᠠᠢᠯᠠᠭ᠍ᠰᠠᠨ ᠠᠵᠢᠯ᠎ᠤᠨ ᠱᠢᠰᠲ᠋ᠧᠮ᠎ᠢ ᠪᠥᠬᠥ᠌ ᠣᠷᠣᠨ᠎ᠤ ᠨᠢᠭᠡ ᠴᠣᠭ᠍ᠴᠠᠵᠢᠭᠤᠯᠤᠭ᠍ᠰᠠᠨ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠠᠪᠴᠠᠩ᠎ᠯᠤᠭ᠎ᠠ ᠬᠠᠷᠢᠯᠴᠠᠨ ᠬᠣᠯᠪᠣᠭᠠᠯᠠᠵᠤ ᠬᠠᠷᠢᠯᠴᠠᠨ ᠨᠡᠪᠲᠡᠷᠡᠯᠴᠡᠬᠦ᠌᠎ᠶ᠋ᠢ ᠪᠡᠶᠡᠯᠡᠭᠦᠯᠦᠨ᠎ᠡ; ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠢᠯᠡᠭ᠌ᠰᠡᠨ ᠵᠠᠰᠠᠭ᠎ᠤᠨ ᠶᠠᠪᠤᠳᠠᠯ᠎ᠤᠨ ᠱᠢᠰᠲ᠋ᠧᠮ᠎ᠢ ᠪᠥᠬᠥ᠌ ᠣᠷᠣᠨ᠎ᠤ ᠨᠢᠭᠡ ᠴᠣᠭ᠍ᠴᠠᠵᠢᠭᠤᠯᠤᠭ᠍ᠰᠠᠨ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠠᠪᠴᠠᠩ᠎ᠳᠤ ᠵᠠᠯᠭᠠᠨ ᠣᠷᠣᠭᠤᠯᠬᠤ᠎ᠶ᠋ᠢ ᠠᠬᠢᠭᠤᠯᠵᠤᠪᠥᠬᠥ᠌ ᠶᠠᠪᠤᠴᠠ᠎ᠶ᠋ᠢ ᠰᠦᠯᠵᠢᠶ᠎ᠡ᠎ᠪᠡᠷ ᠭᠦᠶ᠋ᠴᠡᠳᠭᠡᠬᠦ᠌᠎ᠶ᠋ᠢ ᠪᠡᠶᠡᠯᠡᠭᠦᠯᠦᠨ᠎ᠡ; ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ 《ᠲᠤᠱᠢᠶᠠᠯ᠎ᠢᠶᠠᠨ ᠭᠦᠶ᠋ᠴᠡᠳᠭᠡᠪᠡᠯ ᠬᠠᠷᠢᠭᠤᠴᠠᠯᠭ᠎ᠠ ᠨᠡᠬᠡᠮᠵᠢᠯᠡᠬᠦ᠌ ᠥᠬᠡᠶ᠂ ᠲᠤᠱᠢᠶᠠᠯ᠎ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ᠌》 ᠲᠣᠭ᠍ᠲᠠᠴᠠ᠎ᠶ᠋ᠢ ᠪᠠᠢᠭᠤᠯᠤᠨ᠎ᠠ; ᠡᠯ᠎ᠡ ᠲᠥᠷᠥᠯ᠎ᠦᠨ ᠵᠦᠶ ᠵᠣᠬᠢᠰ ᠥᠬᠡᠶ ᠬᠠᠮᠢᠶᠠᠷᠤᠯᠲᠠ᠎ᠶ᠋ᠢᠨ ᠠᠷᠭ᠎ᠠ ᠬᠡᠮᠵᠢᠶ᠎ᠡ᠎ᠶ᠋ᠢ ᠢᠯᠭᠠᠷᠠᠭᠤᠯᠵᠤ᠂ ᠵᠠᠰᠠᠭ ᠵᠠᠬᠢᠷᠭᠠᠨ᠎ᠤ ᠠᠯᠪᠠᠳᠠᠯᠭ᠎ᠠ᠎ᠶ᠋ᠢᠨ ᠠᠷᠭ᠎ᠠ ᠬᠡᠮᠵᠢᠶ᠎ᠡ᠎ᠶ᠋ᠢ ᠦᠯᠦ᠍ ᠬᠡᠷᠡᠭ᠌ᠵᠢᠭᠦᠯᠬᠦ᠌ ᠨᠠᠷᠢᠨ ᠬᠠᠭᠤᠳᠠᠰᠤ᠎ᠶ᠋ᠢ ᠪᠠᠢᠭᠤᠯᠤᠨ᠎ᠠ; ᠵᠠᠰᠠᠭ ᠵᠠᠬᠢᠷᠭᠠᠨ᠎ᠤ ᠰᠢᠢᠳᠬᠡᠯ ᠲᠣᠷᠭᠠᠭᠤᠯᠢ᠎ᠶ᠋ᠢᠨ ᠲᠠᠰᠤᠯᠤᠯᠲᠠ᠎ᠶ᠋ᠢᠨ ᠡᠷᠬᠡ᠎ᠶ᠋ᠢ ᠤᠯᠠᠮ ᠨᠢᠭᠡ ᠠᠯᠬᠤᠮ ᠵᠢᠷᠤᠮᠵᠢᠭᠤᠯᠤᠨ᠎ᠠ; 《ᠵᠠᠬ᠎ᠠ ᠳᠡᠯᠭᠡᠭᠦᠷ᠎ᠦᠨ ᠬᠠᠤᠯᠢ ᠲᠣᠭ᠍ᠲᠠᠭᠠᠯ᠎ᠡᠴᠡ ᠬᠥᠩᠭᠡᠪᠲᠦᠷ ᠵᠥᠷᠢᠴᠡᠭ᠌ᠰᠡᠨ ᠡᠵᠡᠩᠨᠡᠯᠲᠡ᠎ᠶ᠋ᠢᠨ ᠠᠵᠢᠯᠯᠠᠭ᠎ᠠ᠎ᠶ᠋ᠢ ᠲᠣᠷᠭᠠᠨ ᠱᠢᠶ᠋ᠳᠭᠡᠬᠦ᠌ ᠦᠭᠡᠢ ᠨᠠᠷᠢᠨ ᠬᠠᠭᠤᠳᠠᠰᠤ》 ᠶ᠋ᠢ ᠲᠡᠭᠦᠯᠳᠡᠷᠵᠢᠭᠦᠯᠵᠦ᠍᠂ ᠮᠡᠳᠡᠯᠭᠡ᠎ᠶ᠋ᠢᠨ ᠪᠦᠲᠦᠭᠡᠭ᠌ᠳᠡᠬᠦᠨ᠎ᠦ ᠥᠮᠴᠢᠯᠡᠬᠦ᠌ ᠡᠷᠬᠡ᠎ᠶ᠋ᠢᠨ ᠬᠠᠮᠠᠭᠠᠯᠠᠯᠲᠠ᠎ᠶ᠋ᠢᠨ ᠠᠵᠢᠯ᠎ᠢ ᠴᠢᠩᠭᠠᠳᠭᠠᠵᠤ᠂ ᠮᠡᠳᠡᠯᠭᠡ᠎ᠶ᠋ᠢᠨ ᠪᠦᠲᠦᠭᠡᠭ᠌ᠳᠡᠬᠦᠨ᠎ᠦ ᠥᠮᠴᠢᠯᠡᠬᠦ᠌ ᠡᠷᠬᠡ᠎ᠶ᠋ᠢᠨ ᠭᠤᠤᠯᠳᠠᠯᠭ᠎ᠠ᠎ᠲᠠᠶ ᠠᠵᠤ ᠠᠬᠤᠢᠯᠠᠯ᠎ᠤᠨ ᠬᠠᠮᠠᠭᠠᠯᠠᠯᠲᠠ᠎ᠶ᠋ᠢᠨ ᠨᠡᠷᠡᠰ᠎ᠦᠨ ᠵᠢᠭ᠍ᠰᠠᠭᠠᠯᠲᠠ᠎ᠶ᠋ᠢ ᠪᠠᠢᠭᠤᠯᠤᠨ᠎ᠠ; ᠦᠢᠯᠡ ᠪᠠᠢᠳᠠᠯ᠎ᠨᠢ ᠬᠦᠨᠳᠦ ᠨᠣᠴᠢᠲᠠᠶ ᠮᠠᠭᠤ ᠰᠠᠨᠠᠭ᠎ᠠ᠎ᠲᠠᠶ᠎ᠪᠠᠷ ᠡᠷᠬᠡ᠎ᠳᠦ ᠬᠠᠯᠳᠠᠭ᠍ᠰᠠᠨ ᠦᠢᠯᠡ ᠠᠵᠢᠯᠯᠠᠭ᠎ᠠ᠎ᠳᠤ ᠶᠠᠯᠠᠯᠠᠨ ᠱᠢᠶ᠋ᠳᠭᠡᠬᠦ᠌ ᠴᠢᠨᠠᠷᠲᠠᠶ ᠲᠥᠯᠥᠪᠦᠷᠢ ᠥᠭ᠌ᠬᠦ ᠠᠷᠭ᠎ᠠ ᠬᠡᠮᠵᠢᠶ᠎ᠡ᠎ᠵᠢ ᠬᠡᠷᠡᠭᠵᠢᠭᠦᠯᠦᠨ᠎ᠡ; ᠮᠡᠳᠡᠯᠭᠡ᠎ᠶ᠋ᠢᠨ ᠪᠦᠲᠦᠭᠡᠭ᠌ᠳᠡᠬᠦᠨ᠎ᠦ ᠥᠮᠴᠢᠯᠡᠬᠦ᠌ᠡᠷᠬᠡᠶ᠋ᠢᠨ ᠢᠲᠡᠭᠡᠮᠵᠢ᠎ᠪᠡᠷ ᠰᠠᠭᠤᠷᠢ ᠪᠣᠯᠭᠠᠭ᠍ᠰᠠᠨ ᠱᠠᠲᠤ ᠲᠥᠷᠥᠯ ᠬᠤᠪᠢᠶᠠᠨ ᠬᠢᠨᠠᠨ ᠬᠠᠮᠢᠶᠠᠷᠬᠤ ᠲᠤᠷᠱᠢᠯᠲᠠ᠎ᠶ᠋ᠢ ᠥᠷᠨᠢᠭᠦᠯᠦᠨ᠎ᠡ; ᠮᠡᠳᠡᠯᠭᠡ᠎ᠶ᠋ᠢᠨ ᠪᠦᠲᠦᠭᠡᠭ᠌ᠳᠡᠬᠦᠨ᠎ᠦ ᠥᠮᠴᠢᠯᠡᠬᠦ᠌ ᠡᠷᠬᠡ᠎ᠶ᠋ᠢᠨ ᠢᠯᠡᠴᠢᠯᠡᠨ ᠵᠠᠭᠠᠯᠳᠤᠬᠤ ᠲᠥᠪᠯᠡᠷᠡᠭᠦᠯᠦᠨ ᠱᠢᠶ᠋ᠳᠪᠦᠷᠢᠯᠡᠬᠦ᠌ ᠲᠠᠪᠴᠠᠩ ᠪᠠᠢᠭᠤᠯᠬᠤ ᠵᠡᠷᠭᠡ ᠪᠤᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃