ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ᠎ᠢ᠋ ᠱᠢᠯᠢᠳᠡᠭᠵᠢᠭᠦᠯᠦᠶ᠎᠎ᠡ > ᠥᠪᠥᠷ ᠮᠣᠩᠭᠣᠯ᠎ᠤ᠋ᠨ ᠠᠵᠢᠯᠯᠠᠭ᠎ᠠ

2022-03-06 10:13:39

ᠵᠣᠬᠢᠶᠠᠭ᠍ᠴᠢ᠄ ᠪᠤᠤ ᠴᠢᠩ ᠱᠧᠩ ᠣᠩᠱᠢᠭ᠍ᠰᠠᠨ ᠣᠳᠠᠭ᠎ᠠ᠄ 3

ᠲᠥᠩᠯᠢᠶᠤᠤ ᠬᠤᠲᠠ ᠵᠢᠨ ᠠᠵᠤ ᠠᠬᠤᠢ ᠮᠡᠷᠭᠡᠵᠢᠯ᠎ᠤᠨ ᠨᠡᠭᠡᠭᠡᠯᠲᠡ᠎ᠶ᠋ᠢᠨ ᠲᠣᠭᠣᠷᠢᠭ ᠬᠤᠳᠠᠯᠳᠤᠭ᠎ᠠ ᠡᠷᠬᠢᠯᠡᠬᠥ ᠣᠷᠴᠢᠨ ᠨᠥᠬᠥᠴᠡᠯ᠎ᠢᠶᠠᠨ᠎ᠲᠠᠰᠤᠷᠠᠯᠲᠠ᠎ᠥᠬᠡᠶ᠎ᠱᠢᠯᠢᠳᠡᠭ᠌ᠵᠢᠭᠦᠯᠵᠦ᠍᠂ ᠦᠶ᠋ᠯᠡᠴᠢᠯᠡᠭᠡᠨ᠎ᠦ ᠶᠠᠰᠤ ᠴᠢᠨᠠᠷ ᠦᠷ᠎ᠡ ᠪᠦᠲᠦᠮᠵᠢ ᠪᠠᠨ ᠳᠡᠭᠡᠭ᠌ᠰᠢᠯᠡᠭᠦᠯᠥᠨ᠂ ᠲᠦᠷᠢᠮ᠎ᠦᠨ ᠱᠢᠨ᠎ᠡ᠎ᠶ᠋ᠢ ᠡᠭᠦᠳᠬᠦ᠌᠂ ᠶᠠᠪᠤᠴᠠ ᠵᠢ ᠳᠠᠬᠢᠨ ᠰᠢᠯᠢᠳᠡᠭᠵᠢᠭᠥᠯᠬᠥ᠂ ᠦᠶ᠋ᠯᠡᠴᠢᠯᠡᠭᠡᠨ᠎ᠦ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠪᠡᠷ ᠭᠣᠸ᠋ᠯ ᠪᠣᠯᠭᠠᠵᠤ᠂ ᠵᠠᠬ᠎ᠠ ᠳᠡᠯᠭᠡᠭᠦᠷ᠎ᠦᠨ ᠭᠣᠸ᠋ᠯ ᠴᠣᠭ᠍ᠴᠠ᠎ᠶ᠋ᠢᠨ《ᠡᠯ᠎ᠡ ᠭᠤᠬᠴᠤᠭ᠎ᠠ ᠪᠥᠬᠥ᠌ ᠶᠠᠪᠤᠴᠠ ᠳ᠋ᠡᠬᠢ ᠦᠶ᠋ᠯᠡᠴᠢᠯᠡᠭᠡ》 ᠵᠢᠨ ᠱᠢᠨ᠎ᠡ ᠵᠠᠭ᠍ᠪᠤᠷ᠎ᠢ ᠪᠥᠬᠥ᠌ ᠬᠦᠴᠦᠨ᠎ᠢᠶᠡᠷ ᠡᠭᠥᠳᠴᠥ ᠪᠠᠢᠨ᠎ᠠ᠃

ᠦᠢᠯᠡᠳᠪᠦᠷᠢ᠎ᠶ᠋ᠢᠨ ᠲᠠᠰᠤᠭ᠎ᠲᠤ ᠣᠷᠣᠵᠤ᠂ ᠬᠡᠷᠡᠭ᠌ᠴᠡᠭᠡ᠎ᠶ᠋ᠢ ᠰᠣᠨᠣᠰᠴᠤ᠌᠂ ᠬᠥᠭ᠌ᠵᠢᠯᠲᠡ᠎ᠶ᠋ᠢ ᠠᠰᠠᠭᠤᠨ᠎ᠠ᠂ ᠡᠨᠡ ᠪᠣᠯ ᠲᠤᠰ ᠨᠡᠭᠡᠭᠡᠯᠲᠠ ᠵᠢᠨ ᠲᠤᠭᠤᠷᠢᠬ᠎ᠤᠨ ᠳᠡᠭᠡᠳᠦ ᠱᠢᠨ᠎ᠡ ᠮᠡᠷᠭᠡᠵᠢᠯ᠎ᠦᠨ ᠠᠵᠤ ᠦᠢᠯᠡᠰ᠎ᠦᠨ ᠬᠦᠷᠢᠶᠡᠯᠡᠩ ᠲᠣᠭᠣᠷᠢᠭ᠎ᠤᠨ ᠠᠵᠢᠯᠳᠠᠨ᠎ᠤ ᠡᠳᠦᠷ ᠳᠤᠳᠤᠮ᠎ᠤᠨ ᠠᠵᠢᠯ ᠪᠣᠯᠤᠨ᠎ᠠ᠃ ᠨᠡᠭᠡᠭᠡᠯᠲᠡ᠎ᠶ᠋ᠢᠨ ᠲᠣᠭᠣᠷᠢᠭ᠎ᠤᠨ ᠬᠤᠳᠠᠯᠳᠤᠭ᠎ᠠ ᠡᠷᠭᠢᠯᠡᠬᠦ᠌ ᠣᠷᠴᠢᠨ ᠨᠥᠭᠥᠴᠡᠯ ᠪᠠ ᠲᠡᠳᠬᠦᠨ ᠳᠡᠮᠵᠢᠬᠦ᠌ ᠲᠥᠷᠥ᠎ᠶ᠋ᠢᠨ ᠪᠣᠳᠣᠯᠭ᠎ᠠ᠎ᠶ᠋ᠢᠨ ᠰᠠᠢᠵᠢᠷᠠᠭ᠍ᠰᠠᠨ᠎ᠤ ᠠᠴᠢ᠎ᠪᠠᠷ᠂ ᠥᠪᠥᠷ ᠮᠣᠩᠭᠣᠯ᠎ᠤᠨ ᠶᠤᠸᠠᠢ ᠮᠸᠩ ᠪᠤᠷᠴᠠᠭ᠎ᠤᠨ ᠦᠶ᠋ᠯᠡᠰ᠎ᠦᠨ ᠬᠢᠵᠠᠭᠠᠷᠲᠤ ᠺᠣᠮᠫᠠᠨᠢ᠎ᠶ᠋ᠢᠨ ᠲᠡᠷᠢᠭᠦᠨ᠎ᠦ ᠤᠶᠤᠨᠲᠤ ᠡᠯᠳᠡᠪ ᠠᠮᠤ ᠪᠤᠷᠴᠠᠭ ᠡᠳ᠋ᠱᠢᠭᠦᠯᠬᠦ᠌ ᠳᠥᠷᠪᠡᠨ ᠥᠢᠯᠡᠳᠪᠥᠷᠢᠯᠡᠯ᠎ᠤᠨ ᠱᠤᠭᠤᠮ ᠨᠢ ᠤᠳᠤ ᠨᠢᠭᠡᠨᠳᠡ ᠪᠥᠬᠥ ᠬᠥᠴᠥ ᠪᠠᠷ ᠠᠵᠢᠯᠯᠠᠵᠤ᠂ ᠪᠣᠷᠣᠯᠠᠭᠤᠯᠭ᠎ᠠ ᠵᠠᠬᠢᠶᠠᠯᠠᠭ᠎ᠠ ᠡᠳᠦᠷ ᠢᠷᠡᠬᠦᠶ᠎ᠡ ᠨᠡᠮᠡᠭ᠌ᠳᠡᠨ᠂ ᠦᠶ᠋ᠯᠡᠳᠬᠦᠨ᠎ᠦ ᠬᠠᠩᠭᠠᠯᠭ᠎ᠠ ᠨᠢ ᠬᠡᠷᠡᠭ᠌ᠴᠡᠭᠡ᠎ᠳᠡᠭᠡᠨ ᠬᠥᠷᠬᠥ᠌ ᠥᠬᠡᠶ ᠪᠣᠯᠪᠠ᠃ ᠠᠵᠤ ᠠᠬᠤᠢᠯᠠᠯ᠎ᠢ ᠪᠤᠵᠠᠭᠠᠢᠷᠠᠭᠤᠯᠤᠨ ᠬᠦᠴᠦᠷᠬᠡᠭ᠌ᠵᠢᠭᠦᠯᠬᠦ᠌᠎ᠶ᠋ᠢ ᠲᠡᠳᠬᠦᠬᠦ᠌᠎ᠶ᠋ᠢᠨ ᠲᠥᠯᠥᠭᠡ᠂ ᠨᠡᠭᠡᠭᠡᠯᠳᠡ᠎ᠶ᠋ᠢᠨ ᠲᠤᠭᠤᠷᠢᠬ᠎ᠤᠨ ᠳᠡᠭᠡᠳᠦ ᠱᠢᠨ᠎ᠡ ᠮᠡᠷᠭᠡᠵᠢᠯ᠎ᠤᠨ ᠠᠵᠤ ᠦᠢᠯᠡᠰ᠎ᠤᠨ ᠬᠦᠷᠢᠶᠡᠯᠡᠩ ᠲᠣᠭᠣᠷᠢᠭ ᠨᠢ ᠰᠠᠨᠠᠭᠠᠴᠢᠯᠠᠭ᠎ᠠ᠎ᠠᠴᠠ᠎ᠪᠠᠨ ᠦᠢᠯᠡᠴᠢᠯᠡᠵᠦ᠍᠂ ᠬᠠᠮᠢᠶ᠎ᠠ ᠪᠥᠬᠥᠢ ᠬᠠᠷᠠᠭᠠᠯᠵᠠᠯ᠎ᠤᠨ ᠲᠥᠷᠥ᠎ᠶ᠋ᠢᠨ ᠪᠤᠳᠤᠯᠭ᠎ᠠ᠎ᠶ᠋ᠢᠨ ᠶᠣᠰᠣᠭᠠᠷ ᠠᠵᠤ ᠠᠬᠤᠢᠯᠠᠯ᠎ᠳ᠋ᠤ ᠡᠯ᠎ᠡ ᠵᠦᠢᠯ᠎ᠤᠨ ᠬᠠᠪᠰᠤᠷᠤᠯᠭ᠎ᠠ ᠳᠡᠮᠵᠢᠯᠭᠡ ᠦᠵᠡᠭᠦᠯᠵᠠᠢ᠃

《ᠰᠠᠢᠨ ᠲᠥᠷᠥ᠎ᠶ᠋ᠢᠨ ᠪᠣᠳᠣᠯᠭ᠎ᠠ》 ᠲᠤᠬᠳᠠᠭᠠᠵᠤ᠂ ᠠᠵᠤ ᠠᠬᠤᠢᠯᠠᠯ᠎ᠳᠤ ᠠᠱᠢᠭ ᠬᠦᠷᠲᠡᠭᠡᠬᠦ᠌᠂ ᠠᠵᠤ ᠠᠬᠤᠢᠯᠠᠯ᠎ᠢ ᠲᠡᠳᠬᠦᠬᠦ᠌᠂ ᠠᠵᠤ ᠠᠬᠤᠢᠯᠠᠯ᠎ᠢ ᠲᠤᠰᠠᠯᠠᠬᠤ ᠡᠯ᠎ᠡ ᠵᠥᠢᠯ᠎ᠤᠨ ᠠᠷᠭ᠎ᠠ ᠵᠢ ᠬᠡᠷᠡᠭ᠌ᠯᠡᠪᠠ᠃ ᠲᠤᠰ ᠨᠡᠭᠡᠭᠡᠯᠲᠡ᠎ᠶ᠋ᠢᠨ ᠲᠣᠭᠣᠷᠢᠭ᠎ᠤᠨ ᠳᠡᠭᠡᠳᠦ᠎ᠱᠢᠨ᠎ᠡ᠎ᠮᠡᠷᠭᠡᠵᠢᠯ᠎ᠦᠨ᠎ᠠᠵᠤ᠎ᠦᠶ᠋ᠯᠡᠰ᠎ᠦᠨ᠎ᠬᠦᠷᠢᠶᠡᠯᠡᠩ᠎ᠲᠣᠭᠣᠷᠢᠭ᠎ᠨᠢ᠎ᠠᠵᠤ᠎ᠠᠬᠤᠢᠯᠠᠯ᠎ᠤᠨ ᠬᠥᠭ᠌ᠵᠢᠯᠲᠡ᠎ᠳᠦ ᠦᠶ᠋ᠯᠡᠴᠢᠯᠡᠬᠦ᠌᠎ᠪᠡᠷ ᠬᠠᠷᠠᠯᠲᠠ ᠪᠣᠯᠭᠠᠵᠤ᠂ ᠪᠠᠢᠭᠤᠯᠤᠮᠵᠢ ᠲᠣᠭ᠍ᠲᠠᠴᠠ᠎ᠶ᠋ᠢᠨ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌᠎ᠶ᠋ᠢ ᠭᠦᠨᠵᠡᠭᠡᠢᠷᠡᠭᠦᠯᠬᠦ᠌᠎ᠪᠡᠷ ᠳᠠᠮᠵᠢᠭᠤᠯᠤᠨ᠂ ᠲᠥᠷᠥᠯ ᠵᠦᠶ᠋ᠯ᠎ᠳᠦ ᠭᠠᠷᠳᠠᠮ᠎ᠢ ᠭᠦᠶ᠋ᠴᠡᠳᠭᠡᠬᠦ᠌᠎ᠡᠴᠡ ᠪᠣᠳᠠᠲᠠᠢᠵᠢᠭᠤᠯᠤᠨ ᠪᠥᠲᠥᠭᠡᠨ ᠪᠠᠢᠭᠤᠯᠬᠤ᠂ ᠠᠱᠢᠭ᠍ᠯᠠᠯᠲᠠ᠎ᠳᠤ ᠣᠷᠣᠭᠤᠯᠵᠤ ᠦᠷ᠎ᠡ ᠪᠦᠲᠦᠮᠵᠢ ᠤᠯᠬᠤ ᠬᠦᠷᠲᠡᠯᠡᠬᠢ 《ᠪᠥᠬᠥ᠌ ᠶᠠᠪᠤᠴᠠ》 ᠳ᠋ᠤ《ᠠᠰᠠᠷᠠᠭ᠍ᠴᠢ ᠮᠠᠶᠢᠭ》 ᠎ᠤ᠋ᠨ ᠦᠶ᠋ᠯᠡᠴᠢᠯᠡᠭᠡ ᠬᠠᠩᠭᠠᠵᠤ᠂ ᠵᠠᠬ᠎ᠠ ᠳᠡᠯᠭᠡᠭᠦᠷ᠎ᠦᠨ ᠭᠣᠸ᠋ᠯ ᠴᠣᠭ᠍ᠴᠠ᠎ᠶ᠋ᠢᠨ ᠱᠢᠨ᠎ᠡ ᠠᠮᠢᠵᠢᠷᠠᠯ᠎ᠤᠨ ᠬᠦᠴᠦᠨ᠎ᠢ ᠬᠥᠭᠵᠢᠭᠡᠪᠡ᠃ ᠣᠳᠣᠬᠠᠨ᠎ᠳᠤ᠂ ᠥᠪᠥᠷ ᠮᠣᠩᠭᠣᠯ᠎ᠤᠨ ᠶᠤᠸᠠᠢ ᠮᠸᠩ ᠪᠤᠷᠴᠠᠭ᠎ᠤᠨ ᠦᠶ᠋ᠯᠡᠰ᠎ᠦᠨ ᠬᠢᠵᠠᠭᠠᠷᠲᠤ ᠺᠣᠮᠫᠠᠨᠢ ᠵᠢᠯ᠎ᠳᠦ 9000 ᠲᠣᠨ ᠡᠯᠳᠡᠪ ᠠᠮᠤ ᠪᠤᠷᠴᠠᠭ᠎ᠢ ᠡᠳ᠋ᠰᠢᠭᠥᠯᠵᠤ᠂ ᠭᠠᠳᠠᠭᠠᠳᠤ᠎ᠳᠤ 3000 ᠲᠣᠨ ᠨᠠᠷᠢᠯᠢᠬ ᠡᠯᠳᠡᠪ ᠠᠮᠤ᠎ᠶ᠋ᠢ ᠭᠠᠳᠠᠭᠠᠳᠤ᠎ᠳᠤ ᠭᠠᠷᠭᠠᠵᠤ ᠪᠠᠢᠨ᠎ᠠ᠃᠎ᠬᠠᠨᠤᠮᠵᠢ᠎ᠶ᠋ᠢᠨ ᠬᠡᠮᠵᠢᠶ᠎ᠡ᠎ᠶ᠋ᠢ ᠲᠠᠰᠤᠷᠠᠯᠲᠠ ᠦᠭᠡᠢ ᠨᠡᠮᠡᠭᠳᠡᠭᠥᠯᠥᠨ᠂ ᠨᠡᠭᠡᠭᠡᠯᠲᠠ᠎ᠶ᠋ᠢᠨ ᠲᠣᠭᠣᠷᠢᠭ᠎ᠤᠨ ᠡᠵᠡᠩᠨᠡᠯᠲᠡ᠎ᠶ᠋ᠢᠨ ᠣᠷᠴᠢᠨ ᠨᠥᠭᠥᠴᠡᠯ᠎ᠢ ᠱᠢᠯᠢᠳᠡᠭ᠌ᠵᠢᠭᠦᠯᠬᠦ᠌᠎ᠶ᠋ᠢ ᠦᠷᠭᠦᠯᠵᠢᠯᠡᠨ ᠭᠦᠨᠵᠡᠭᠡᠢ ᠠᠬᠢᠭᠤᠯᠵᠤ ᠪᠤᠢ᠃

ᠲᠤᠰ ᠨᠡᠭᠡᠭᠡᠯᠲᠡ᠎ᠶ᠋ᠢᠨ ᠲᠣᠭᠣᠷᠢᠭ᠎ᠤᠨ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠶᠡᠬᠡ ᠲᠢᠩᠬᠢᠮ᠎ᠦᠨ ᠢᠯᠡ ᠨᠡᠢᠲᠡᠯᠡᠬᠦ᠌ ᠳᠡᠯᠭᠡᠴᠡ ᠳᠡᠭᠡᠷ᠎ᠡ᠂ ᠤᠯᠠᠭᠠᠨ ᠰᠠᠮᠪᠠᠷ᠎ᠠ ᠬᠠᠷ᠎ᠠ ᠰᠠᠮᠪᠠᠷ᠎ᠠ᠎ᠶ᠋ᠢᠨ ᠢᠯᠡᠷᠭᠡᠢᠯᠡᠯ ᠲᠠᠢ ᠥᠰᠥᠭ ᠨᠢ ᠣᠨᠴᠠᠭᠠᠶ ᠢᠯᠡ ᠬᠠᠷᠠᠭ᠍ᠳᠠᠨ᠎ᠠ᠂ ᠡᠨᠡ ᠪᠣᠯ ᠲᠤᠰ ᠨᠡᠭᠡᠭᠡᠯᠲᠡ᠎ᠶ᠋ᠢᠨ ᠲᠣᠭᠣᠷᠢᠭ᠎ᠤᠨ ᠡᠵᠡᠩᠨᠡᠯᠲᠡ᠎ᠶ᠋ᠢᠨ ᠣᠷᠴᠢᠨ ᠨᠥᠬᠥᠴᠡᠯ᠎ᠦᠨ ᠦᠷᠭᠦᠯᠵᠢᠯᠡᠨ ᠱᠢᠯᠢᠳᠡᠭ᠌ᠵᠢᠬᠦ᠌᠎ᠶ᠋ᠢ ᠬᠦᠴᠦᠲᠡᠶ ᠪᠥᠭᠡᠳ ᠪᠦᠲᠦᠮᠵᠢᠲᠡᠶ ᠬᠢᠨᠠᠯᠲᠠ ᠲᠠᠯᠪᠢᠨ ᠠᠬᠢᠭᠤᠯᠵᠤ ᠪᠠᠢᠭ᠎ᠠ ᠪᠣᠳᠠᠲᠠᠶ ᠦᠶ᠋ᠯᠡᠳᠦᠯᠭᠡ ᠪᠣᠯᠤᠨ᠎ᠠ᠃ ᠭᠤᠷᠪᠠᠳᠠᠭᠴᠢ ᠲᠠᠯ᠎ᠠ ᠵᠢᠨ ᠬᠢᠨᠠᠯᠲᠠ ᠲᠠᠯᠪᠢᠵᠤ ᠪᠠᠢᠴᠠᠭᠠᠬᠤ ᠪᠠᠢᠭᠤᠯᠤᠮᠵᠢ᠎ᠳᠤ ᠲᠦᠱᠢᠭ᠌ᠯᠡᠨ᠂ ᠲᠤᠰ ᠨᠡᠭᠡᠭᠡᠯᠲᠡ᠎ᠶ᠋ᠢᠨ ᠲᠣᠭᠣᠷᠢᠭ᠎ᠤᠨ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠲᠥᠪ ᠨᠢ ᠪᠦᠬᠦ᠌ ᠬᠣᠲᠠ᠎ᠶ᠋ᠢᠨ ᠬᠡᠪᠴᠢᠶᠡᠨ᠎ᠳᠦ ᠡᠩ ᠲᠡᠷᠢᠭᠦᠨ᠎ᠳᠦ ᠤᠯᠠᠭᠠᠨ ᠬᠠᠷ᠎ᠠ ᠰᠠᠮᠪᠠᠷ᠎ᠠ᠎ᠶ᠋ᠢᠨ ᠳᠦᠷᠢᠮ᠎ᠢ ᠪᠠᠢᠭᠤᠯᠵᠤ᠂ ᠰᠠᠷ᠎ᠠ ᠪᠦᠷᠢ ᠨᠢᠭᠡ ᠬᠤᠭᠤᠴᠠᠭᠠᠨ᠎ᠤ ᠬᠢᠨᠠᠯᠲᠠ ᠲᠠᠯᠪᠢᠵᠤ ᠪᠠᠢᠴᠠᠭᠠᠬᠰᠡᠨ ᠮᠡᠳᠡᠭᠦᠯᠦᠯᠲᠡ᠎ᠶ᠋ᠢ ᠪᠣᠶ ᠪᠣᠯᠭᠠᠨ᠂ ᠭᠤᠷᠪᠠᠳᠠᠭᠴᠢ ᠲᠠᠯ᠎ᠠ ᠵᠢᠨ ᠬᠢᠨᠠᠯᠲᠠ ᠲᠠᠯᠪᠢᠬᠤ ᠪᠠᠢᠭᠤᠯᠤᠮᠵᠢ᠎ᠶ᠋ᠢᠨ ᠦᠨᠡᠯᠡᠭ᠌ᠰᠡᠨ ᠬᠤᠪᠢ᠎ᠪᠠᠷ ᠭᠣᠸ᠋ᠯ ᠪᠣᠯᠭᠠᠵᠤ᠂ ᠲᠢᠩᠬᠢᠮ᠎ᠳᠦ ᠣᠷᠣᠬᠤ ᠬᠢᠨᠠᠨ ᠵᠥᠪᠱᠢᠶᠡᠷᠡᠬᠦ᠌ ᠨᠢᠭᠡᠴᠢ ᠳ᠋ᠤ ᠨᠡᠷᠡᠰ᠎ᠦᠨ ᠵᠢᠭ᠍ᠰᠠᠭᠠᠯᠲᠠ ᠬᠢᠵᠦ᠍᠂ ᠡᠮᠦᠨ᠎ᠡ ᠭᠤᠷᠪᠠ᠎ᠳᠤ ᠵᠢᠭ᠍ᠰᠠᠭᠠᠭ᠍ᠳᠠᠭ᠍ᠰᠠᠨ ᠰᠠᠯᠠᠭ᠎ᠠ ᠮᠥᠴᠢᠷ᠎ᠢ 《ᠤᠯᠠᠭᠠᠨ ᠰᠠᠮᠪᠠᠷ᠎ᠠ》 ᠎ᠳ᠋ᠤ ᠣᠷᠣᠭᠤᠯᠬᠤ᠎ᠶ᠋ᠢᠨ ᠬᠠᠮᠲᠤ 《ᠪᠣᠯᠪᠠᠰᠤᠨ ᠴᠢᠨᠠᠷ ᠰᠠᠢᠲᠠᠶ ᠦᠶ᠋ᠯᠡᠴᠢᠯᠡᠭᠡᠨ᠎ᠦ ᠵᠢᠱ᠌ᠢᠶ᠎ᠡ ᠦᠵᠡᠭᠦᠯᠬᠦ᠌ ᠨᠢᠭᠡᠴᠢ》 ᠎ᠪᠠᠷ ᠱᠢᠯᠭᠠᠷᠠᠭᠤᠯᠵᠤ᠂ ᠬᠣᠢᠨ᠎ᠠ ᠭᠤᠷᠪᠠ᠎ᠳᠤ ᠵᠢᠭ᠍ᠰᠠᠭᠠᠭ᠍ᠳᠠᠭ᠍ᠰᠠᠨ ᠰᠠᠯᠠᠭ᠎ᠠ ᠮᠥᠴᠢᠷ᠎ᠢ 《ᠬᠠᠷ᠎ᠠ ᠰᠠᠮᠪᠠᠷ᠎ᠠ》 ᠎ᠳ᠋ᠤ ᠣᠷᠣᠭᠤᠯᠬᠤ᠎ᠶ᠋ᠢᠨ ᠬᠠᠮᠲᠤ ᠵᠠᠷᠯᠠᠨ ᠨᠡᠢᠳᠡᠯᠡᠭᠰᠡᠨ ᠪᠠᠢᠨ᠎ᠠ᠃

ᠲᠥᠩᠯᠢᠶᠤᠤ ᠬᠤᠲᠠ ᠵᠢᠨ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠭᠣᠣᠯ ᠵᠢᠭ᠍ᠰᠠᠭᠠᠯ᠎ᠤᠨ ᠭᠠᠵᠠᠷ ᠪᠣᠯᠤᠭ᠍ᠰᠠᠨ᠎ᠤ ᠬᠤᠪᠢ ᠳ᠋ᠤ᠂ ᠲᠤᠰ ᠨᠡᠭᠡᠭᠡᠯᠲᠡ᠎ᠶ᠋ᠢᠨ ᠲᠣᠭᠣᠷᠢᠭ᠎ᠤᠨ ᠬᠢᠨ ᠬᠠᠮᠤᠭ᠎ᠤᠨ ᠱᠢᠯᠢᠳᠡᠭ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ᠎ᠢ ᠪᠤᠢ ᠪᠣᠯᠭᠠᠬᠤ ᠶᠠᠪᠤᠳᠠᠯ᠎ᠢ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠵᠢᠨ ᠴᠢᠬᠤᠯᠠ ᠠᠵᠢᠯ᠎ᠢᠶᠠᠨ ᠪᠣᠯᠭᠠᠵᠤ᠂ ᠬᠤᠳᠠᠯᠳᠤᠭ᠎ᠠ ᠡᠷᠬᠢᠯᠡᠬᠥ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠲᠥᠷᠥ᠎ᠶ᠋ᠢᠨ ᠪᠣᠳᠣᠯᠭ᠎ᠠ᠎ᠶ᠋ᠢᠨ ᠤᠷᠮᠠᠱᠢᠭᠤᠯᠬᠤ ᠪᠠ ᠬᠥᠲᠥᠯᠥᠨ ᠳᠠᠭᠠᠭᠤᠯᠬᠤ ᠦᠢᠯᠡᠳᠦᠯ᠎ᠢ ᠭᠦᠢᠴᠡᠳ ᠪᠠᠳᠠᠷᠠᠭᠤᠯᠥᠨ᠂ 《ᠬᠠᠮᠤᠭ᠎ᠤᠨ ᠱᠢᠯᠢᠳᠡᠭ》 ᠭᠡᠰᠡᠨ ᠪᠠᠷᠢᠮᠵᠢᠶ᠎ᠠ᠎ᠶ᠋ᠢ ᠲᠣᠭ᠍ᠲᠠᠭᠠᠵᠤ᠂ ᠬᠤᠳᠠᠯᠳᠤᠭ᠎ᠠ ᠡᠷᠬᠢᠯᠡᠬᠥ ᠣᠷᠴᠢᠨ ᠨᠥᠭᠥᠴᠡᠯ᠎ᠤᠨ ᠤᠨᠴᠠᠯᠢᠭ᠍ᠳᠤ ᠲᠦᠷᠦᠯ ᠲᠡᠮᠳᠡᠭ᠎ᠢ ᠪᠦᠬᠦ᠌ ᠬᠦᠴᠦᠨ᠎ᠢᠶᠡᠷ ᠡᠭᠦᠳᠴᠦ᠍᠂ ᠲᠦᠷᠦ᠍᠎ᠶ᠋ᠢᠨ ᠪᠤᠳᠤᠯᠭ᠎ᠠ᠎ᠪᠠᠷ ᠬᠦᠳᠦᠯᠦᠨ ᠵᠢᠯᠣᠭᠣᠳᠴᠤ᠌ ᠪᠠᠢᠭᠠᠳ ᠴᠡᠪᠡᠷ ᠠᠱᠢᠭ ᠣᠯᠭᠣᠬᠤ᠂ ᠦᠢᠯᠡᠴᠢᠯᠡᠭᠡ᠎ᠶ᠋ᠢ ᠱᠢᠯᠢᠳᠡᠭ᠌ᠵᠢᠭᠦᠯᠵᠦ᠍ ᠬᠤᠷᠳᠤᠴᠠ᠎ᠶ᠋ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠂ ᠠᠵᠤ ᠠᠬᠤᠢᠯᠠᠯ᠎ᠤᠨ ᠳᠠᠷᠤᠭᠠᠰᠤ᠎ᠶ᠋ᠢ ᠬᠥᠩᠭᠡᠯᠡᠬᠦ᠌ ᠵᠡᠷᠭᠡ ᠠᠯᠢ ᠤᠯᠠᠨ ᠬᠦᠴᠦᠲᠡᠢ ᠠᠷᠭ᠎ᠠ ᠬᠡᠮᠵᠢᠶ᠎ᠡ᠎ᠪᠡᠷ ᠳᠠᠮᠵᠢᠭᠤᠯᠵᠤ᠂ 《ᠴᠢᠩᠭ᠎ᠠ ᠰᠣᠷᠢᠨᠵᠢᠨ》 ᠣᠷᠣᠨ᠎ᠢ ᠪᠠᠢᠭᠤᠯᠥᠨ᠂ 《 ᠰᠤᠷᠢᠨᠵᠢᠨ ᠬᠥᠴᠥ》 ᠵᠢ ᠪᠠᠳᠠᠷᠠᠭᠤᠯᠵᠤ᠂ ᠬᠤᠳᠠᠯᠳᠤᠭ᠎ᠠ ᠡᠷᠬᠢᠯᠡᠬᠦ᠌ ᠣᠷᠴᠢᠨ ᠨᠥᠭᠥᠴᠡᠯ᠎ᠢ ᠲᠠᠬᠢᠨ ᠳᠠᠪᠲᠠᠨ ᠱᠢᠨᠡᠴᠢᠯᠡᠬᠦ᠌᠎ᠶ᠋ᠢ ᠠᠬᠢᠭᠤᠯᠥᠨ᠂ ᠵᠠᠬ᠎ᠠ ᠳᠡᠯᠭᠡᠭᠦᠷ᠎ᠦᠨ ᠭᠣᠣᠯ ᠴᠣᠭ᠍ᠴᠠ᠎ᠶ᠋ᠢᠨ ᠬᠦᠷᠲᠡᠮᠵᠢ᠎ᠶ᠋ᠢᠨ ᠲᠦᠷᠦᠭ᠌ᠳᠡᠯ᠂ ᠬᠠᠨᠤᠮᠵᠢ᠎ᠶ᠋ᠢᠨ ᠬᠡᠮᠵᠢᠶ᠎ᠡ᠎ᠶ᠋ᠢ ᠳᠠᠰᠤᠷᠠᠯᠳᠠ ᠦᠭᠡᠢ ᠳᠡᠭᠡᠭ᠌ᠰᠢᠯᠡᠭᠦᠯᠵᠦ᠍᠂ ᠲᠡᠷᠢᠭᠦᠨ᠎ᠦ ᠬᠤᠳᠠᠯᠳᠤᠭ᠎ᠠ ᠡᠷᠬᠢᠯᠡᠬᠦ᠌ ᠣᠷᠴᠢᠨ ᠨᠥᠭᠥᠴᠡᠯ᠎ᠢᠶᠠᠷ ᠪᠡᠯᠡ ᠣᠷᠣᠭᠤᠯᠵᠤ ᠦᠢᠯᠡᠰ ᠪᠤᠰᠭᠠᠬᠤ ᠨᠡᠭᠡᠭᠡᠯᠲᠡᠲᠦ ᠬᠥᠭ᠌ᠵᠢᠯᠲᠡ᠎ᠶ᠋ᠢᠨ ᠱᠢᠨ᠎ᠡ ᠥᠨᠳᠥᠷᠯᠢᠭ᠎ᠢ ᠴᠣᠭ᠍ᠴᠠᠯᠠᠨ ᠪᠠᠢᠭᠤᠯᠵᠤ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面