ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ᠎ᠢ᠋ ᠱᠢᠯᠢᠳᠡᠭᠵᠢᠭᠦᠯᠦᠶ᠎᠎ᠡ > ᠥᠪᠥᠷ ᠮᠣᠩᠭᠣᠯ᠎ᠤ᠋ᠨ ᠠᠵᠢᠯᠯᠠᠭ᠎ᠠ

2022-03-16 10:05:30

ᠵᠣᠬᠢᠶᠠᠭ᠍ᠴᠢ᠄ ​ ᠭᠦᠸᠧ ᠬᠣᠩ ᠱᠸᠨ ᠱᠢᠤᠸᠠᠢ ᠢ ᠴᠢᠶᠦ᠋ᠨ ᠣᠩᠱᠢᠭ᠍ᠰᠠᠨ ᠣᠳᠠᠭ᠎ᠠ᠄ 3

ᠲᠦᠷᠦᠭᠦᠬᠡᠨ᠂ ᠲᠦᠩᠯᠢᠶᠣᠤ ᠬᠣᠲᠠ ᠪᠥᠬᠥ᠌ ᠬᠣᠲᠠ᠎ᠶ᠋ᠢᠨ ᠤᠯᠤᠰ ᠲᠥᠷᠥ᠍ ᠬᠠᠤᠯᠢ ᠴᠠᠭᠠᠵᠠ᠎ᠶ᠋ᠢᠨ ᠱᠢᠰᠲ᠋ᠧᠮ᠎ᠦᠨ ᠬᠠᠤᠯᠢᠵᠢᠭᠰᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠶᠠᠷᠢᠯᠴᠠᠬᠤ ᠬᠤᠷᠠᠯ᠎ᠢ ᠵᠣᠬᠢᠶᠠᠨ ᠪᠠᠢᠭᠤᠯᠵᠤ ᠬᠤᠷᠠᠯᠳᠤᠭᠤᠯᠪᠠ᠂《ᠪᠢ ᠠᠵᠤ ᠠᠬᠤᠢᠯᠠᠯ᠎ᠲᠠᠶ ᠪᠠᠨ ᠠᠳᠠᠯᠢ ᠨᠢᠭᠡ ᠬᠡᠷᠡᠭ᠎ᠡᠴᠡ ᠪᠤᠯᠵᠤ ᠤᠯᠠᠨ ᠤᠳᠠᠭ᠎ᠠ ᠪᠠᠢᠴᠠᠭᠠᠭᠳᠠᠵᠠᠢ᠂ ᠰᠠᠨᠠᠭᠤᠯᠬᠤ ᠨᠢ ᠣᠯᠠᠨ ᠰᠠᠯᠠᠭ᠎ᠠ ᠮᠥᠴᠢᠷ ᠬᠠᠮᠲᠤᠷᠠᠭ᠍ᠰᠠᠨ ᠪᠠᠢᠴᠠᠭᠠᠯᠲᠠ ᠬᠢᠵᠦ᠂ ᠳᠠᠬᠢᠨ ᠳᠠᠪᠲᠠᠨ ᠪᠠᠢᠴᠠᠭᠠᠬᠤ ᠵᠢᠨ ᠠᠵᠤ ᠠᠬᠤᠢᠯᠠᠯ᠎ᠳᠤ ᠦᠵᠡᠭᠦᠯᠬᠦ᠌ ᠨᠥᠯᠥᠭᠡ᠎ᠶ᠋ᠢ ᠪᠠᠭᠠᠰᠭᠠᠬᠤ ᠪᠤᠯᠤᠭᠠᠰᠠᠢ》᠂《ᠬᠠᠤᠯᠢᠵᠢᠭᠤᠯᠬᠤ ᠦᠶ᠋ᠯᠡᠴᠢᠯᠡᠭᠡ᠎ᠶ᠋ᠢ ᠪᠠᠭ᠎ᠠ ᠵᠢᠵᠢᠭ ᠠᠵᠤ ᠠᠬᠤᠢᠯᠠᠯ ᠳᠠᠢᠰᠢ ᠬᠡᠯᠪᠡᠢᠯᠭᠡᠵᠦ᠂ ᠠᠵᠤ ᠠᠬᠤᠢᠯᠠᠯ᠎ᠤᠨ ᠬᠠᠤᠯᠢ ᠴᠠᠭᠠᠵᠠ᠎ᠶ᠋ᠢ ᠠᠱᠢᠭ᠍ᠯᠠᠨ ᠡᠷᠬᠡ ᠠᠱᠢᠭ᠎ᠢᠶᠠᠨ ᠬᠠᠮᠠᠭᠠᠯᠠᠬᠤ ᠴᠢᠳᠠᠪᠤᠷᠢ ᠪᠠ ᠲᠦᠪᠱᠢᠨ᠎ᠢ ᠳᠡᠭᠡᠭ᠌ᠰᠢᠯᠡᠭᠦᠯᠦᠶ᠎ᠡ ᠁ ᠶᠠᠷᠢᠯᠴᠠᠬᠤ ᠬᠤᠷᠠᠯ ᠳᠡᠭᠡᠷ᠎ᠡ᠂ ᠡᠯ᠎ᠡ ᠠᠵᠢᠯ ᠲᠥᠷᠥᠯ᠎ᠦᠨ ᠬᠢᠨ᠎ᠤ ᠨᠡᠢᠭᠡᠮᠯᠢᠭ᠎ᠦᠨ ᠲᠥᠯᠥᠭᠡᠯᠡᠭ᠌ᠴᠢ᠂ ᠠᠵᠤ ᠠᠬᠤᠢᠯᠠᠯᠲᠠᠨ᠎ᠤ ᠲᠥᠯᠥᠭᠡᠯᠡᠭ᠌ᠴᠢ ᠪᠠ ᠬᠤᠪᠢ᠎ᠶ᠋ᠢᠨ ᠬᠤᠳᠠᠯᠳᠤᠭᠠᠴᠢᠨ ᠢᠳᠡᠪᠬᠢᠲᠡᠢ᠎ᠪᠡᠷ ᠠᠷᠭ᠎ᠠ ᠤᠬᠠᠭᠠᠨ ᠭᠠᠷᠭᠠᠵᠦ᠂ ᠬᠤᠷᠠᠯ᠎ᠤᠨ ᠳᠠᠷᠠᠭ᠎ᠠ ᠲᠣᠰ ᠬᠣᠲᠠ᠎ᠶ᠋ᠢᠨ ᠬᠢᠨ ᠬᠤᠷᠢᠶᠠᠭ᠍ᠰᠠᠨ ᠰᠠᠨᠠᠯ ᠰᠠᠨᠠᠭᠤᠯᠭ᠎ᠠ᠎ᠪᠠᠨ ᠴᠡᠭᠴᠡᠯᠡᠨ ᠰᠠᠢᠵᠢᠷᠠᠭᠤᠯᠬᠤ ᠡᠭᠡ ᠲᠠᠩᠰᠠ ᠪᠤᠯᠭᠠᠨ ᠡᠮᠬᠢᠯᠡᠨ ᠲᠤᠭᠳᠠᠭᠠᠵᠤ᠂ ᠬᠠᠷᠢᠭᠤᠴᠠᠬᠤ ᠰᠠᠯᠠᠭ᠎ᠠ ᠮᠥᠴᠢᠷ ᠵᠢᠴᠢ ᠪᠡᠶᠡᠯᠡᠭᠦᠯᠬᠦ᠌ ᠴᠠᠭ ᠢ᠋ ᠲᠣᠳᠣᠷᠬᠠᠢ ᠪᠤᠯᠭᠠᠵᠤ᠂ 《ᠶᠠᠪᠤᠳᠠᠯ ᠪᠦᠬᠦᠨ ᠪᠠᠲᠤᠯᠠᠭ᠎ᠠ᠎ᠲᠠᠶ᠂ ᠬᠠᠷᠢᠭᠤ᠎ᠲᠠᠶ》ᠪᠠᠢᠬᠤ᠎ᠵᠢ ᠪᠠᠲᠤᠯᠠᠵᠤ᠂ ᠬᠠᠤᠯᠢᠵᠢᠭ᠍ᠰᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠪᠤᠢ ᠪᠣᠯᠭᠠᠬᠤ᠎ᠳᠤ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ᠃

ᠥᠢᠷ᠎ᠠ᠎ᠶᠢᠨ ᠵᠢᠯ᠎ᠳᠤ᠂ ᠲᠦᠩᠯᠢᠶᠣᠤ ᠬᠣᠲᠠ᠎ᠶ᠋ᠢᠨ ᠡᠯ᠎ᠡ ᠱᠠᠲᠤᠨ᠎ᠤ ᠤᠯᠤᠰ ᠲᠥᠷᠥ᠍ ᠬᠠᠤᠯᠢ ᠴᠠᠭᠠᠵᠠ᠎ᠶ᠋ᠢᠨ ᠪᠠᠢᠭᠤᠯᠭ᠎ᠠ 《ᠬᠠᠤᠯᠢᠵᠢᠯ ᠪᠣᠯ ᠬᠠᠮᠤᠭ᠎ᠤᠨ ᠰᠠᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠮᠥᠨ》 ᠭᠡᠬᠦ᠌ ᠣᠢᠯᠠᠭᠠᠭ᠍ᠳᠠᠬᠤᠨ᠎ᠢ ᠪᠠᠲᠤ ᠪᠣᠶ ᠪᠣᠯᠭᠠᠵᠤ᠂ ᠲᠦᠷᠢᠮ᠎ᠦᠨ ᠪᠠᠲᠤᠯᠠᠭ᠎ᠠ᠎ᠶ᠋ᠢ ᠴᠢᠩᠭᠠᠳᠭᠠᠨ᠂ ᠬᠠᠤᠯᠢᠵᠢᠭᠤᠯᠬᠤ ᠦᠶ᠋ᠯᠡᠴᠢᠯᠡᠭᠡ᠎ᠶ᠋ᠢ ᠱᠢᠯᠢᠳᠡᠭ᠌ᠵᠢᠭᠦᠯᠵᠦ᠍᠂ ᠣᠷᠴᠢᠨ ᠲᠤᠭᠤᠷᠢᠨ᠎ᠤ ᠠᠮᠤᠷ ᠲᠦᠪᠱᠢᠨ᠎ᠢ ᠪᠠᠲᠤᠯᠠᠨ᠂ ᠬᠠᠤᠯᠢᠵᠢᠭᠤᠯᠬᠤ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠦᠨ ᠪᠠᠢᠭᠤᠯᠤᠯᠲᠠ᠎ᠶ᠋ᠢ ᠪᠥᠬᠥ᠌ ᠬᠦᠴᠦᠨ᠎ᠢᠶᠡᠷ ᠳᠥᠯᠭᠢᠨ ᠠᠬᠢᠭᠤᠯᠪᠠ᠃

ᠳᠦᠷᠢᠮ᠎ᠦᠨ ᠪᠠᠲᠤᠯᠠᠭ᠎ᠠ᠎ᠶ᠋ᠢ ᠴᠢᠩᠭᠠᠳᠭᠠᠪᠠ᠃ ᠡᠯ᠎ᠡ ᠰᠠᠯᠠᠭ᠎ᠠ ᠮᠥᠴᠢᠷ《ᠲᠦᠩᠯᠢᠶᠣᠤ ᠬᠣᠲᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠪᠠᠢᠴᠠᠭᠠᠬᠤ ᠱᠢᠭᠦᠬᠦ᠌ ᠪᠠᠢᠭᠤᠯᠭ᠎ᠠ᠎ᠶ᠋ᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠵᠦ᠂ ᠠᠷᠠᠳ᠎ᠤᠨ ᠡᠵᠡᠩᠨᠡᠯᠳᠡ ᠵᠢᠨ ᠠᠵᠤ ᠠᠬᠤᠢᠯᠠᠯ᠎ᠳᠤ ᠬᠣᠯᠪᠣᠭ᠍ᠳᠠᠭ᠍ᠰᠠᠨ ᠡᠷᠡᠭᠦᠦ᠍᠎ᠶ᠋ᠢᠨ ᠬᠡᠷᠡᠭ᠎ᠢ ᠱᠢᠶ᠋ᠳᠪᠦᠷᠢᠯᠡᠬᠦ᠌᠎ᠶ᠋ᠢ ᠵᠣᠯᠭᠠᠭᠤᠯᠬᠤ ᠲᠣᠭ᠍ᠲᠠᠴᠠ (ᠲᠤᠷᠱᠢᠨ ᠬᠡᠷᠡᠭ᠌ᠵᠢᠭᠦᠯᠬᠦ᠌)》᠂ 《ᠳᠠᠮᠫᠤᠷᠠᠯ᠎ᠢ ᠱᠢᠭᠦᠨ ᠲᠠᠰᠤᠯᠬᠤ ᠠᠵᠢᠯ᠎ᠤᠨ ᠬᠢᠷᠢ ᠲᠦᠪᠱᠢᠨ᠎ᠢ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠵᠦ᠍ ᠬᠠᠤᠯᠢᠵᠢᠭᠤᠯᠬᠤ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠪᠣᠶ ᠪᠣᠯᠭᠠᠬᠤ ᠲᠤᠰᠭᠠᠶ ᠠᠵᠢᠯᠯᠠᠭ᠎ᠠ᠎ᠶ᠋ᠢ ᠥᠷᠨᠢᠭᠦᠯᠬᠦ᠌ ᠲᠤᠬᠠᠶ ᠠᠵᠢᠯ᠎ᠤᠨ ᠰᠠᠨᠠᠯ》᠂《ᠮᠥᠩᠭᠥᠨ ᠭᠦᠶ᠋ᠯᠭᠡᠭᠡᠨ᠎ᠦ ᠲᠦᠭ᠌ᠰᠢᠭᠦᠷᠢ᠎ᠶ᠋ᠢ ᠰᠡᠷᠭᠡᠢᠯᠡᠵᠦ᠍ ᠮᠥᠩᠭᠥᠨ ᠭᠦᠶ᠋ᠯᠭᠡᠭᠡᠨ᠎ᠦ ᠦᠶ᠋ᠯᠡᠰ᠎ᠦᠨ ᠬᠥᠭ᠌ᠵᠢᠯᠲᠡ᠎ᠶ᠋ᠢᠨ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌᠎ᠶ᠋ᠢ ᠴᠢᠩᠭᠠᠳᠭᠠᠬᠤ ᠲᠤᠬᠠᠶ ᠰᠠᠨᠠᠯ》ᠵᠡᠷᠭᠡ ᠲᠦᠷᠢᠮ ᠲᠣᠭ᠍ᠲᠠᠴᠠ᠎ᠶ᠋ᠢ ᠵᠠᠯᠭᠠᠭ᠎ᠠ᠎ᠪᠠᠷ ᠨᠡᠢᠲᠡᠯᠡᠵᠦ᠍᠂ ᠬᠠᠤᠯᠢ ᠬᠡᠷᠡᠭ᠌ᠵᠢᠭᠦᠯᠬᠦ᠌ ᠬᠠᠤᠯᠢ ᠪᠠᠷᠢᠬᠤ ᠦᠶ᠋ᠯᠡ ᠠᠵᠢᠯᠯᠠᠭ᠎ᠠ᠎ᠶ᠋ᠢ ᠬᠠᠤᠯᠢᠵᠢᠯ᠎ᠤᠨ ᠵᠠᠮ᠎ᠢᠶᠠᠷ ᠦᠨᠡᠨ ᠬᠦ᠌ ᠠᠵᠢᠯᠯᠠᠭᠤᠯᠵᠤ᠂ ᠠᠵᠤ ᠠᠬᠤᠢᠯᠠᠯ᠎ᠤᠨ ᠠᠱᠢᠭ᠍ᠯᠠᠯᠲᠠ᠎ᠳᠤ ᠣᠷᠣᠬᠤ᠂ ᠡᠷᠡᠭᠦᠯ᠎ᠢᠶᠡᠷ ᠬᠥᠭ᠌ᠵᠢᠬᠦ᠎ᠳᠦ ᠬᠠᠤᠯᠢ ᠴᠠᠭᠠᠵᠠ᠎ᠶᠢᠨ ᠪᠠᠲᠤᠯᠠᠭ᠎ᠠ ᠬᠠᠩᠭᠠᠪᠠ᠃

ᠬᠠᠤᠯᠢᠵᠢᠯ᠎ᠤᠨ ᠦᠢᠯᠡᠴᠢᠯᠡᠭᠡ᠎ᠶ᠋ᠢ ᠱᠢᠯᠢᠳᠡᠭ᠌ᠵᠢᠭᠦᠯᠪᠠ᠃ ᠲᠦᠩᠯᠢᠶᠣᠤ ᠬᠣᠲᠠ᠎ᠶ᠋ᠢᠨ ᠱᠢᠭᠦᠬᠦ᠌ ᠬᠣᠷᠢᠶᠠᠨ᠎ᠤ ᠪᠠᠢᠭᠤᠯᠭ᠎ᠠ ᠰᠦᠯᠵᠢᠶᠡᠨ ᠳᠡᠭᠡᠷ᠎ᠡ ᠬᠡᠷᠡᠭ ᠪᠣᠯᠭᠠᠨ ᠳᠠᠩᠰᠠᠯᠠᠬᠤ᠂ ᠣᠷᠣᠨ ᠪᠦᠰᠡ ᠠᠯᠤᠰᠯᠠᠨ ᠬᠡᠷᠡᠭ ᠪᠣᠯᠭᠠᠨ ᠳᠠᠩᠰᠠᠯᠠᠬᠤ ᠦᠶ᠋ᠯᠡᠴᠢᠯᠡᠭᠡ᠎ᠶ᠋ᠢ ᠪᠥᠬᠥ᠌ ᠲᠠᠯ᠎ᠠ᠎ᠪᠠᠷ ᠬᠡᠷᠡᠭ᠌ᠵᠢᠭᠦᠯᠵᠦ᠍᠂ ᠠᠵᠤ ᠠᠬᠤᠢᠯᠠᠯ᠎ᠳᠤ ᠬᠣᠯᠪᠣᠭ᠍ᠳᠠᠭ᠍ᠰᠠᠨ ᠬᠡᠷᠡᠭ᠎ᠦᠨ《ᠰᠠᠭᠠᠳ ᠥᠬᠡᠶ ᠨᠡᠪᠲᠡᠷᠡᠬᠦ᠌ ᠵᠠᠮ》 ᠢ᠋ ᠨᠡᠭᠡᠭᠡᠵᠦ᠍᠂《ᠲᠠᠯ᠎ᠠ ᠨᠤᠲᠤᠭ᠎ᠤᠨ ᠡᠷᠡᠯᠬᠡᠭ ᠪᠦᠷᠭᠦᠳ》 ᠵᠡᠷᠭᠡ ᠲᠤᠰᠭᠠᠶ ᠠᠵᠢᠯᠯᠠᠭ᠎ᠠ᠎ᠪᠠᠷ ᠳᠠᠮᠵᠢᠭᠤᠯᠤᠨ᠂ ᠦᠷᠳᠡᠭᠡᠴᠢᠯᠡᠭᠰᠡᠨ ᠮᠠᠶᠢᠭ᠎ᠤᠨ ᠵᠠᠷᠭᠤ᠎ᠶ᠋ᠢᠨ ᠦᠶ᠋ᠯᠡᠴᠢᠯᠡᠭᠡᠨ᠎ᠦ ᠪᠠᠢᠭᠤᠯᠤᠯᠲᠠ ᠪᠠ ᠦᠷᠳᠡᠭᠡᠴᠢᠯᠡᠭᠰᠡᠨ ᠮᠠᠶᠢᠭ᠎ᠤᠨ ᠣᠯᠠᠨ ᠡᠱᠢᠲᠦ ᠵᠠᠭᠤᠷᠠᠯᠳᠤᠭᠠᠨ᠎ᠢ ᠱᠢᠶ᠋ᠳᠪᠦᠷᠢᠯᠡᠬᠦ᠌ ᠪᠠᠢᠭᠤᠯᠤᠯᠲᠠ᠎ᠶ᠋ᠢ ᠭᠦᠨᠵᠡᠭᠡᠢᠷᠡᠭᠦᠯᠵᠦ᠍᠂ ᠠᠷᠠᠳ᠎ᠤᠨ ᠱᠢᠭᠦᠬᠦ᠌ ᠬᠣᠷᠢᠶᠠᠨ᠎ᠤ ᠡᠶᠡᠳᠡᠭᠦᠯᠬᠦ᠌ ᠲᠠᠪᠴᠠᠩ᠎ᠳᠤ ᠲᠦᠱᠢᠭ᠌ᠯᠡᠨ᠂ ᠵᠥᠷᠢᠴᠡᠯ ᠵᠠᠭᠤᠷᠠᠯᠳᠤᠭᠠᠨ᠎ᠢ ᠵᠠᠷᠭᠤᠯᠳᠤᠬᠤ᠎ᠠᠴᠠ ᠡᠮᠦᠨ᠎ᠡ ᠱᠢᠶ᠋ᠳᠪᠦᠷᠢᠯᠡᠪᠠ᠃ ᠪᠠᠢᠴᠠᠭᠠᠬᠤ ᠪᠠᠢᠭᠤᠯᠭ᠎ᠠ《ᠠᠷᠠᠳ᠎ᠤᠨ ᠡᠵᠡᠩᠨᠡᠯᠳᠡ ᠵᠢᠨ ᠠᠵᠤ ᠠᠬᠤᠢᠯᠠᠯ᠎ᠢ ᠬᠠᠮᠠᠭᠠᠯᠠᠬᠤ ᠠᠵᠢᠯᠯᠠᠭ᠎ᠠ 》ᠶ᠋ᠢ ᠦᠷᠭᠦᠯᠵᠢᠯᠡᠨ ᠥᠷᠨᠢᠭᠦᠯᠵᠦ᠍᠂ ᠠᠵᠤ ᠠᠬᠤᠢᠯᠠᠯ᠎ᠳᠤ ᠬᠣᠯᠪᠣᠭ᠍ᠳᠠᠭ᠍ᠰᠠᠨ ᠬᠡᠷᠡᠭ᠎ᠲᠦ 《ᠨᠠᠷᠢᠨ ᠲᠠᠩᠰᠠ》ᠶ᠋ᠢᠨ ᠬᠠᠮᠢᠶᠠᠷᠤᠯᠲᠠ᠎ᠶ᠋ᠢ ᠬᠡᠷᠡᠭ᠌ᠵᠢᠭᠦᠯᠦᠨ᠂ 《ᠵᠠᠬᠢᠶᠠᠯᠠᠭ᠎ᠠ᠎ᠪᠠᠷ ᠬᠦᠯᠢᠶᠡᠨ ᠠᠪᠬᠤ》᠂ 《ᠳᠠᠭᠠᠭᠠᠴᠢᠯᠠᠨ ᠱᠢᠢᠳᠪᠦᠷᠢᠯᠡᠬᠦ᠌》᠂ 《ᠮᠥᠷᠳᠡᠨ ᠱᠢᠢᠳᠪᠦᠷᠢᠯᠡᠬᠦ᠌》ᠶ᠋ᠢ ᠬᠡᠷᠡᠭ᠌ᠵᠢᠭᠦᠯᠦᠨ᠂ ᠵᠥᠷᠢᠴᠡᠯ ᠵᠠᠭᠤᠷᠠᠯᠳᠤᠭᠠᠨ᠎ᠢ ᠠᠯᠢ ᠴᠢᠳᠠᠬᠤ᠎ᠪᠠᠷ ᠲᠤᠬᠠᠢ᠎ᠶᠢᠨ ᠭᠠᠵᠠᠷ ᠲᠤᠨᠢ ᠱᠢᠢᠳᠪᠦᠷᠢᠯᠡᠬᠦ ᠪᠠᠷ ᠴᠢᠷᠮᠠᠢᠪᠠ᠃ ᠲᠦᠩᠯᠢᠶᠣᠤ ᠬᠣᠲᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ 《ᠢᠨᠲ᠋ᠧᠷ ᠰᠦᠯᠵᠢᠶ᠎ᠡ +》 ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠠᠪᠴᠠᠩ᠎ᠢ ᠪᠠᠢᠭᠤᠯᠵᠤ᠂ ᠬᠣᠲᠠ ᠬᠣᠱᠢᠭᠤ ᠬᠣᠶᠠᠷ ᠱᠠᠲᠤᠨ᠎ᠤ 277 ᠵᠦᠶ᠋ᠯ᠎ᠦᠨ ᠳᠣᠲᠣᠭᠠᠳᠤ᠎ᠶ᠋ᠢ ᠬᠠᠮᠠᠭᠠᠯᠠᠬᠤ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠵᠦᠶ᠋ᠯᠡᠰ᠎ᠢ ᠪᠦᠬᠦᠨ᠎ᠢ ᠲᠠᠪᠴᠠᠩ᠎ᠳᠤ ᠵᠠᠯᠭᠠᠨ ᠣᠷᠣᠭᠤᠯᠵᠤ᠂ ᠲᠤᠬᠠᠢᠯᠠᠭ᠍ᠰᠠᠨ ᠠᠵᠢᠯ᠎ᠢ ᠭᠦᠶ᠋ᠴᠡᠳᠭᠡᠬᠦ᠌᠎ᠳᠦ ᠨᠠᠩ ᠳᠥᠭᠥᠮ ᠳᠥᠲᠡ ᠪᠣᠯᠭᠠᠵᠤ᠂《24 ᠴᠠᠭ᠎ᠤᠨ ᠴᠠᠭ᠍ᠳᠠᠭᠠᠨ᠎ᠤ ᠲᠣᠪᠴᠢᠶ᠎ᠠ》᠂《ᠲᠣᠪᠴᠢᠶᠠᠨ ᠳᠠᠷᠤᠭ᠎ᠠ᠎ᠶ᠋ᠢᠨ ᠵᠠᠬᠢᠳᠠᠯ᠎ᠤᠨ ᠬᠠᠢᠷᠴᠠᠭ》 ᠵᠡᠷᠭᠡ ᠠᠷᠭ᠎ᠠ ᠵᠠᠮ᠎ᠢᠶᠠᠷ ᠳᠠᠮᠵᠢᠭᠤᠯᠤᠨ᠂ ᠠᠵᠤ ᠠᠬᠤᠢᠯᠠᠯ᠎ᠤᠨ ᠮᠠᠳᠠᠭ᠎ᠲᠠᠶ ᠠᠰᠠᠭᠤᠳᠠᠯ᠎ᠢ ᠨᠠᠷᠢᠨ ᠨᠢᠮᠪᠠᠶ ᠲᠠᠢᠯᠪᠤᠷᠢᠯᠠᠬᠤ᠎ᠶ᠋ᠢᠨ ᠬᠠᠮᠲᠤ ᠴᠠᠭ ᠲᠤᠬᠠᠶ᠎ᠳᠤᠨᠢ ᠬᠠᠷᠢᠭᠤ ᠲᠤᠰᠭᠠᠵᠤ᠂ ᠨᠠᠢᠳᠠᠪᠤᠷᠢᠵᠢᠭᠤᠯᠤᠯᠲᠠ᠎ᠶ᠋ᠢ ᠠᠬᠢᠭᠤᠯᠪᠠ᠃

ᠣᠷᠴᠢᠨ ᠲᠣᠭᠣᠷᠢᠨ᠎ᠤ ᠠᠮᠤᠷ ᠲᠦᠪᠱᠢᠨ᠎ᠢ ᠪᠠᠲᠤᠯᠠᠪᠡ᠃ ᠤᠯᠤᠰ ᠲᠥᠷᠥ᠍ ᠬᠠᠤᠯᠢ ᠴᠠᠭᠠᠵᠠ᠎ᠶ᠋ᠢᠨ ᠡᠩᠨᠡᠭᠡᠨ᠎ᠦ ᠬᠥᠮᠦᠵᠢᠯ ᠴᠡᠭ᠌ᠴᠡᠯᠡᠯᠲᠡ ᠪᠠ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠦᠨ ᠠᠵᠢᠯᠯᠠᠭ᠎ᠠ᠎ᠶ᠋ᠢ ᠯᠠᠪᠳᠠᠭᠤᠨ ᠪᠠᠲᠤᠲᠠᠶ ᠥᠷᠨᠢᠭᠦᠯᠵᠦ᠍᠂ ᠬᠡᠷᠡᠭ᠎ᠢᠶᠡᠷ ᠥᠭᠡᠷᠡᠴᠢᠯᠡᠯᠲᠡ᠎ᠶ᠋ᠢ ᠠᠬᠢᠭᠤᠯᠬᠤ ᠲᠤᠰᠭᠠᠶ ᠠᠵᠢᠯᠯᠠᠭ᠎ᠠ᠎ᠶ᠋ᠢ ᠲᠠᠰᠤᠷᠠᠯᠲᠠ ᠥᠬᠡᠶ ᠭᠦᠨᠵᠡᠭᠡᠢᠷᠡᠭᠦᠯᠵᠦ᠍᠂ ᠬᠠᠷ᠎ᠠ ᠪᠦᠯᠦᠭ᠌ᠲᠡᠨ ᠬᠠᠷᠭᠢᠰ ᠬᠦᠴᠦᠨ᠎ᠢ ᠠᠷᠢᠯᠭᠠᠬᠤ ᠲᠡᠮᠡᠴᠡᠯ᠎ᠢ ᠪᠠᠢᠩᠭᠤᠵᠢᠭᠤᠯᠬᠤ᠎ᠶ᠋ᠢ ᠭᠦᠨᠵᠡᠭᠡᠶ ᠠᠬᠢᠭᠤᠯᠵᠤ᠂ ᠬᠠᠤᠯᠢ ᠴᠠᠭᠠᠵᠠ᠎ᠪᠠᠷ ᠮᠥᠩᠭᠥᠨ ᠭᠦᠶ᠋ᠯᠭᠡᠭᠡᠨ᠎ᠢ ᠲᠤᠰᠠᠯᠠᠬᠤ᠂ ᠠᠵᠤ ᠠᠬᠤᠢᠯᠠᠯ᠎ᠳᠤ ᠠᠱᠢᠭ᠍ᠲᠠᠶ ᠠᠷᠠᠳ᠎ᠲᠤ ᠠᠱᠢᠭ᠍ᠲᠠᠶ 《ᠬᠠᠤᠯᠢᠵᠢᠯ》 ᠤ᠋ᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠪᠣᠶ ᠪᠣᠯᠭᠠᠪᠠ᠃ ᠮᠥᠩᠭᠥᠨ ᠭᠦᠢᠯᠭᠡᠭᠡᠨ᠎ᠦ ᠵᠠᠭᠤᠷᠠᠯᠳᠤᠭᠠᠨ᠎ᠢ ᠱᠢᠢᠳᠪᠦᠷᠢᠯᠡᠬᠦ᠌ ᠴᠢᠳᠠᠪᠤᠷᠢ᠎ᠶ᠋ᠢ ᠦᠨᠡᠨ ᠬᠦ᠌ ᠴᠢᠩᠭᠠᠳᠭᠠᠵᠤ᠂ ᠮᠥᠩᠭᠥᠨ ᠭᠦᠢᠯᠭᠡᠭᠡᠨ᠎ᠦ ᠪᠠᠢᠭᠤᠯᠤᠮᠵᠢ᠎ᠶ᠋ᠢᠨ ᠡᠷᠡᠭᠦᠯ ᠪᠥᠭᠡᠳ ᠲᠣᠭ᠍ᠲᠠᠭᠤᠨ᠎ᠢᠶᠠᠷ ᠬᠥᠭ᠌ᠵᠢᠬᠦ᠌᠎ᠶ᠋ᠢ ᠪᠦᠬᠦ᠌ ᠬᠦᠴᠦᠨ᠎ᠢᠶᠡᠷ᠎ᠢᠶᠡᠨ ᠪᠠᠲᠤᠯᠠᠪᠡ᠃ ᠡᠵᠡᠩᠨᠡᠯᠲᠡ᠎ᠳᠦ ᠬᠣᠯᠪᠣᠭ᠍ᠳᠠᠭ᠍ᠰᠠᠨ ᠬᠤᠳᠠᠯᠳᠤᠭᠠᠨ᠎ᠤ ᠲᠥᠷᠥᠯ᠎ᠦᠨ ᠬᠡᠷᠡᠭ᠎ᠲᠦ ᠠᠩᠬᠠᠷᠤᠯ᠎ᠢᠶᠠᠨ ᠲᠥᠪᠯᠡᠷᠡᠭᠦᠯᠵᠦ᠍᠂ ᠲᠦᠷᠭᠡᠨ ᠲᠠᠩᠨᠠᠨ ᠪᠠᠢᠴᠠᠭᠠᠬᠤ᠂ ᠲᠦᠷᠭᠡᠨ ᠵᠠᠭᠠᠯᠳᠤᠬᠤ᠂ ᠲᠦᠷᠭᠡᠨ ᠱᠢᠭᠦᠬᠦ᠌᠂ ᠲᠦᠷᠭᠡᠨ ᠭᠦᠶ᠋ᠴᠡᠳᠭᠡᠬᠦ᠌᠎ᠶ᠋ᠢ ᠠᠬᠢᠭᠤᠯᠵᠤ᠂ ᠣᠲᠣ ᠪᠣᠯᠲᠠᠯ᠎ᠠ ᠪᠥᠬᠥ᠌ ᠬᠣᠲᠠ᠎ᠶ᠋ᠢᠨ ᠡᠵᠡᠩᠨᠡᠯᠲᠡ᠎ᠳᠦ ᠬᠣᠯᠪᠣᠭ᠍ᠳᠠᠭ᠍ᠰᠠᠨ ᠬᠤᠳᠠᠯᠳᠤᠭᠠᠨ᠎ᠤ ᠲᠥᠷᠥᠯ᠎ᠦᠨ ᠬᠡᠷᠡᠭ᠎ᠢ ᠱᠢᠶ᠋ᠳᠪᠦᠷᠢᠯᠡᠵᠦ᠍ ᠳᠠᠭᠤᠰᠭᠠᠭ᠍ᠰᠠᠨ ᠨᠣᠷᠮ᠎ᠠ 89.2%᠎ᠲᠤ ᠬᠦᠷᠴᠡᠶ᠃ 《 ᠣᠯᠠᠨ ᠲᠦᠮᠡᠨ᠎ᠳᠦ ᠪᠣᠳᠠᠲᠤ ᠶᠠᠪᠤᠳᠠᠯ ᠬᠢᠵᠦ᠍ ᠥᠭ᠌ᠭᠦ》ᠠᠵᠢᠯᠯᠠᠭ᠎ᠠ ᠪᠡᠷ ᠠᠴᠢᠶᠠᠯᠠᠭ᠍ᠴᠢ ᠪᠣᠯᠭᠠᠨ᠂ ᠠᠷᠠᠳ᠎ᠲᠤ ᠲᠥᠬᠥᠮ ᠦᠵᠡᠭᠦᠯᠵᠦ᠍ ᠠᠵᠤ ᠠᠬᠤᠢᠯᠠᠯ᠎ᠳᠤ ᠠᠱᠢᠭ ᠬᠦᠷᠲᠡᠭᠡᠬᠦ᠌ ᠠᠯᠢ ᠣᠯᠠᠨ ᠠᠷᠭ᠎ᠠ ᠬᠡᠮᠵᠢᠶ᠎ᠡ᠎ᠶ᠋ᠢ ᠨᠡᠢᠲᠡᠯᠡᠵᠦ᠍᠂ ᠠᠵᠤ ᠠᠬᠤᠢᠯᠠᠯ᠎ᠤᠨ ᠰᠠᠢᠵᠢᠷᠠᠬᠤ ᠪᠠ ᠲᠣᠭ᠍ᠲᠠᠭᠤᠨ᠎ᠢᠶᠠᠷ ᠬᠥᠭ᠌ᠵᠢᠬᠦ᠌᠎ᠳᠦ ᠬᠦᠴᠦᠨ ᠨᠡᠮᠡᠷᠢᠯᠡᠪᠡ᠃

ᠲᠠᠷᠠᠭᠠᠴᠢ᠎ᠶ᠋ᠢᠨ ᠠᠯᠬᠤᠮ᠎ᠳᠤ᠂ ᠪᠥᠬᠥ᠌ ᠬᠣᠲᠠ᠎ᠶ᠋ᠢᠨ ᠤᠯᠤᠰ ᠲᠥᠷᠥ᠍ ᠬᠠᠤᠯᠢ ᠴᠠᠭᠠᠵᠠ᠎ᠶ᠋ᠢᠨ ᠪᠠᠢᠭᠤᠯᠭ᠎ᠠ ᠬᠠᠤᠯᠢᠵᠢᠯ᠎ᠤᠨ ᠪᠠᠲᠤᠯᠠᠭ᠎ᠠ᠎ᠶ᠋ᠢᠨ ᠦᠶ᠋ᠯᠡᠳᠦᠯ᠎ᠢᠶᠡᠨ ᠦᠷᠭᠦᠯᠵᠢᠯᠡᠨ ᠪᠠᠳᠠᠷᠠᠭᠤᠯᠵᠤ᠂ ᠦᠶ᠋ᠯᠡᠴᠢᠯᠡᠬᠦ᠌᠂ ᠲᠣᠬᠢᠷᠠᠭᠤᠯᠬᠤ᠂ ᠤᠷᠢᠳᠴᠢᠯᠠᠨ ᠰᠡᠷᠡᠮᠵᠢᠯᠡᠭᠦᠯᠬᠦ᠌᠂ ᠰᠡᠷᠭᠡᠢᠯᠡᠨ ᠡᠵᠡᠮᠳᠡᠬᠦ᠌᠂ ᠴᠣᠬᠢᠯᠲᠠ ᠥᠭ᠌ᠬᠦ ᠴᠢᠳᠠᠪᠤᠷᠢ᠎ᠪᠠᠨ ᠳᠡᠭᠡᠭ᠌ᠰᠢᠯᠡᠭᠦᠯᠵᠦ᠍᠂ ᠵᠠᠬ᠎ᠠ ᠳᠡᠯᠭᠡᠭᠦᠷ᠎ᠦᠨ ᠭᠤᠤᠯ ᠴᠣᠭ᠍ᠴᠠ᠎ᠶ᠋ᠢᠨ ᠡᠷᠬᠡ ᠲᠡᠭ᠌ᠰᠢ᠎ᠪᠡᠷ ᠥᠷᠢᠰᠥᠯᠳᠦᠬᠦ᠌᠂ ᠥᠷᠨᠢᠩᠭᠦᠢ ᠬᠥᠭ᠌ᠵᠢᠬᠦ᠌᠎ᠶ᠋ᠢ ᠳᠡᠮᠵᠢᠵᠦ᠍᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠲᠦᠩᠯᠢᠶᠣᠤ᠎ᠶ᠋ᠢᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠪᠡᠶᠡᠯᠡᠭᠦᠯᠬᠦ᠌᠎ᠶ᠋ᠢ ᠠᠬᠢᠭᠤᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面